2024 ᠣᠨ᠎ᠳᠤ᠂ ᠴᠠᠭ᠋ᠠᠨᠮᠥ᠋ᠷᠡᠨ ᠰᠤᠮᠤ ᠳᠡᠭᠡᠳᠦ ᠬᠡᠮᠵᠢᠶᠡᠨ᠎ᠤ ᠬᠠᠷᠢᠭᠤᠴᠠᠯᠭ᠋ᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ᠎ᠪᠠᠷ ᠡᠯᠡᠰᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠠᠵᠢᠯ᠎ᠳᠤ ᠪᠥᠬᠦ ᠬᠦᠴᠦᠨ ᠵᠶ᠋ᠠᠷ ᠵᠶ᠋ᠠᠨ ᠣᠷᠣᠯᠴᠠᠵᠤ᠂ ᠰᠢᠨᠲᠠᠷᠠᠰᠢ ᠥᠬᠡᠶ ᠵᠣᠷᠢᠭ ᠰᠠᠨᠠᠭ᠎ᠠ ᠪᠠ ᠡᠷᠡᠯᠬᠡᠭᠯᠡᠨ ᠤᠷᠤᠭᠰᠢᠯᠠᠬᠤ ᠡᠷᠡᠰ ᠵᠣᠷᠢᠭ ᠵᠶ᠋ᠠᠷ ᠪᠣᠬᠢᠷᠲᠤᠯ ᠥᠬᠡᠶ ᠬᠥᠭᠵᠢᠯᠲᠡ ᠵᠢᠨ ᠰᠢᠨ᠎ᠡ ᠬᠠᠭᠤᠳᠠᠰᠤ ᠵᠢ ᠪᠢᠴᠢᠭᠯᠡᠨ᠎ᠡ᠃
ᠴᠠᠭ᠋ᠠᠨᠮᠥ᠋ᠷᠡᠨ ᠰᠤᠮᠤ 《ᠣᠶ᠋ᠢᠵᠢᠭᠤᠯᠬᠤ᠎ᠳᠤ ᠲᠣᠬᠢᠷᠠᠮᠵᠢᠲᠠᠶ ᠪᠣᠯ ᠣᠶ᠋ᠢᠵᠢᠭᠤᠯᠵᠤ᠂ ᠡᠪᠡᠰᠦ ᠲᠠᠷᠢᠬᠤ᠎ᠳᠤ ᠲᠣᠬᠢᠷᠠᠮᠵᠢᠲᠠᠶ ᠪᠣᠯ ᠡᠪᠡᠰᠦ ᠲᠠᠷᠢᠵᠤ᠂ ᠪᠤᠳᠠᠯᠢᠭ ᠮᠣᠳᠣ ᠲᠠᠷᠢᠬᠤ᠎ᠳᠤ ᠲᠤᠬᠢᠷᠠᠮᠵᠢᠳᠠᠢ ᠪᠣᠯ ᠪᠤᠲᠠᠯᠢᠭ ᠮᠤᠳᠤ ᠲᠠᠷᠢᠬᠤ》 ᠵᠠᠷᠴᠢᠮ᠎ᠢ ᠪᠠᠷᠢᠮᠲᠠᠯᠠᠵᠤ᠂ ᠨᠠᠷᠢᠨ ᠨᠢᠮᠪᠠᠶ ᠲᠥᠯᠥᠪᠵᠢᠭᠦᠯᠦᠨ᠂ ᠰᠢᠨᠵᠢᠯᠡᠬᠦ ᠤᠬᠠᠭ᠋ᠠᠨᠴᠢ᠎ᠪᠠᠷ ᠬᠡᠷᠡᠭᠵᠢᠭᠦᠯᠵᠦ᠂ ᠲᠤᠷᠤᠭ ᠮᠣᠳᠣ ᠵᠢ ᠣᠶ᠋ᠢᠵᠢᠭᠤᠯᠬᠤ᠂ ᠢᠨᠵᠧᠨᠧᠷᠢᠩ ᠵᠶ᠋ᠠᠷ ᠡᠯᠡᠰᠦ ᠵᠢ ᠲᠣᠭᠲᠠᠪᠤᠷᠢᠵᠢᠭᠤᠯᠬᠤ᠂ ᠠᠭᠤᠯᠠ ᠵᠢ ᠪᠢᠲᠡᠭᠦᠮᠵᠢᠯᠡᠨ ᠣᠶ᠋ᠢᠵᠢᠭᠤᠯᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠡᠯᠡᠰᠦᠷᠬᠡᠭᠵᠢᠬᠦ ᠬᠠᠨᠳᠤᠰᠢ ᠵᠢ ᠪᠦᠲᠦᠮᠵᠢᠲᠡᠶ ᠬᠤᠷᠢᠭᠯᠠᠪᠠ᠃ ᠡᠭᠦᠨ᠎ᠤ ᠬᠠᠮᠲᠤ᠂ ᠡᠯᠡᠰᠦᠷᠬᠡᠭ ᠣᠷᠣᠨ᠎ᠤ ᠠᠮᠢ ᠠᠬᠤᠶ ᠵᠢᠨ ᠬᠢᠨᠠᠨ ᠬᠡᠮᠵᠢᠯᠲᠡ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠰᠢᠨᠵᠢᠯᠡᠬᠦ ᠤᠬᠠᠭ᠋ᠠᠨᠴᠢ᠎ᠪᠠᠷ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠎ᠳᠤ ᠬᠦᠴᠦᠲᠡᠶ ᠲᠤᠯᠭ᠋ᠠᠭᠤᠷᠢᠯᠠᠯ ᠬᠠᠩᠭ᠋ᠠᠭᠰᠠᠨ ᠪᠠᠶ᠋ᠢᠨ᠎ᠠ᠃ ᠲᠠᠰᠤᠷᠠᠯᠲᠠ ᠥᠬᠡᠶ ᠴᠢᠷᠮᠠᠶ᠋ᠢᠯᠭ᠎ᠠ᠎ᠪᠠᠷ ᠳᠡᠮᠵᠢᠨ᠂ ᠣᠯᠠᠨ ᠵᠦᠢ᠍ᠯ᠎ᠤᠨ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠶᠡᠷᠦᠩᠬᠡᠶ᠋ᠢᠯᠡᠨ ᠵᠠᠰᠠᠵᠤ᠂ ᠪᠥᠬᠦ ᠵᠢᠯ᠎ᠳᠤ ᠨᠤᠲᠤᠭ ᠪᠡᠯᠴᠢᠭᠡᠷ᠎ᠢ ᠰᠡᠷᠭᠦᠭᠡᠬᠦ (ᠬᠥᠮᠦᠨ᠎ᠤ ᠬᠦᠴᠦ᠎ᠪᠠᠷ ᠡᠪᠡᠰᠦ ᠳᠠᠷᠢᠬᠤ) ᠵᠢ ᠨᠡᠶ᠋ᠢᠲᠡ 1.4 ᠲᠦᠮᠡᠨ ᠮᠥ᠍ ᠪᠡᠶᠡᠯᠡᠭᠦᠯᠵᠦ᠂ ᠲᠥᠷᠥᠯ ᠵᠦᠢ᠍ᠯ᠎ᠤᠨ ᠣᠷᠣᠨ᠎ᠤ ᠠᠮᠢ ᠠᠬᠤᠶ ᠵᠢᠨ ᠣᠷᠴᠢᠨ ᠨᠥᠬᠦᠴᠡᠯ ᠢᠯᠡᠳᠲᠡ ᠰᠠᠶ᠋ᠢᠵᠢᠷᠠᠪᠠ᠃ ᠬᠤᠷᠴᠢᠨ᠎ᠤ ᠡᠯᠡᠰᠦᠷᠬᠡᠭ ᠭᠠᠵᠠᠷ᠎ᠢ ᠵᠠᠰᠠᠬᠤ ᠶᠠᠪᠤᠴᠠ᠎ᠳᠤ᠂ ᠴᠠᠭ᠋ᠠᠨᠮᠥ᠋ᠷᠡᠨ ᠰᠤᠮᠤ ᠮᠡᠷᠭᠡᠵᠢᠯ ᠪᠠ ᠵᠠᠭᠪᠤᠷ ᠵᠶ᠋ᠠᠨ ᠲᠠᠰᠤᠷᠠᠯᠲᠠ ᠦᠭᠡᠢ ᠰᠢᠨᠡᠴᠢᠯᠡᠵᠦ᠂ ᠡᠯᠡᠰᠦ ᠵᠢ ᠵᠠᠰᠠᠬᠤ ᠲᠡᠷᠢᠭᠦᠨ᠎ᠤ ᠮᠡᠷᠭᠡᠵᠢᠯ ᠪᠠ ᠲᠥᠬᠦᠭᠡᠷᠦᠮᠵᠢ ᠵᠢ ᠣᠷᠣᠭᠤᠯᠤᠨ ᠠᠪᠴᠢᠷᠠᠵᠤ᠂ ᠵᠠᠰᠠᠯᠲᠠ ᠵᠢᠨ ᠦᠷ᠎ᠡ ᠪᠦᠲᠦᠮᠵᠢ ᠪᠠ ᠶᠠᠰᠤ ᠴᠢᠨᠠᠷ᠎ᠢ ᠳᠡᠭᠡᠭᠰᠢᠯᠡᠭᠦᠯᠪᠡ᠃ ᠡᠭᠦᠨ᠎ᠤ ᠬᠠᠮᠲᠤ᠂ 《ᠵᠠᠰᠠᠭ᠎ᠤᠨ ᠣᠷᠳᠣᠨ + ᠠᠵᠤ ᠠᠬᠤᠶ᠋ᠢᠯᠠᠯ + ᠮᠠᠯᠴᠢᠳ》᠎ᠤᠨ ᠬᠠᠮᠲᠤᠷᠠᠯᠴᠠᠭ᠋ᠠᠨ᠎ᠤ ᠵᠠᠭᠪᠤᠷ᠎ᠢ ᠢᠳᠡᠪᠬᠢᠲᠡᠢ ᠰᠦᠪᠡᠭᠴᠢᠯᠡᠵᠦ᠂ ᠤᠯᠠᠨ ᠲᠠᠯ᠎ᠠ ᠵᠢᠨ᠎ᠬᠢᠨ ᠣᠷᠣᠯᠴᠠᠵᠤ᠂ ᠬᠠᠮᠲᠤ᠎ᠪᠠᠷ ᠵᠠᠰᠠᠬᠤ ᠰᠠᠶ᠋ᠢᠨ ᠰᠠᠶ᠋ᠢᠬᠠᠨ ᠪᠠᠶ᠋ᠢᠳᠠᠯ᠎ᠢ ᠪᠤᠢ ᠪᠣᠯᠭ᠋ᠠᠪᠠ᠃ ᠪᠥᠬᠦ ᠵᠢᠯ᠎ᠳᠤ ᠬᠤᠷᠴᠢᠨ᠎ᠤ ᠡᠯᠡᠰᠦᠷᠬᠡᠭ ᠭᠠᠵᠠᠷ᠎ᠢ ᠶᠡᠷᠦᠩᠬᠡᠶ᠋ᠢᠯᠡᠨ ᠵᠠᠰᠠᠬᠤ ᠲᠠᠯᠠᠪᠠᠶ ᠵᠢ ᠨᠡᠶ᠋ᠢᠲᠡ 1.436 ᠲᠦᠮᠡᠨ ᠮᠥ᠍ ᠪᠡᠶᠡᠯᠡᠭᠦᠯᠵᠦ᠂ ᠶᠡᠷᠦᠩᠬᠡᠶ᠋ᠢᠯᠡᠨ ᠵᠠᠰᠠᠬᠤ᠎ᠪᠠᠷ ᠳᠡᠮᠵᠢᠨ᠂ ᠬᠤᠷᠴᠢᠨ᠎ᠤ ᠡᠯᠡᠰᠦᠷᠬᠡᠭ ᠭᠠᠵᠠᠷ᠎ᠤᠨ ᠠᠮᠢ ᠠᠬᠤᠶ ᠵᠢᠨ ᠣᠷᠴᠢᠨ ᠲᠣᠭᠤᠷᠢᠨ ᠪᠦᠲᠦᠮᠵᠢᠲᠡᠶ ᠰᠠᠶ᠋ᠢᠵᠢᠷᠠᠵᠤ᠂ ᠡᠯᠡᠰᠦᠷᠬᠡᠭᠵᠢᠭᠰᠡᠨ ᠭᠠᠵᠠᠷ ᠰᠢᠷᠣᠶ ᠵᠢᠨ ᠲᠠᠯᠠᠪᠠᠶ ᠶᠡᠭᠡ᠎ᠪᠠᠷ ᠪᠠᠭ᠋ᠠᠰᠴᠤ᠂ ᠤᠷᠭᠤᠮᠠᠯ᠎ᠤᠨ ᠪᠦᠷᠬᠦᠴᠡ ᠵᠢᠨ ᠨᠣᠷᠮ᠎ᠠ ᠢᠯᠡᠳᠲᠡ ᠳᠡᠭᠡᠭᠰᠢᠯᠡᠪᠡ᠃
ᠴᠠᠭ᠋ᠠᠨᠮᠥ᠋ᠷᠡᠨ ᠰᠤᠮᠤ ᠣᠶ ᠰᠢᠭᠤᠶ ᠪᠠ ᠨᠤᠲᠤᠭ ᠪᠡᠯᠴᠢᠭᠡᠷ᠎ᠤᠨ ᠴᠢᠭᠢᠭᠯᠢᠭ ᠭᠠᠵᠠᠷ᠎ᠢ ᠨᠢᠭᠡ ᠴᠣᠭᠴᠠᠵᠢᠭᠤᠯᠬᠤ ᠪᠥᠲᠥᠭᠡᠨ ᠪᠠᠶ᠋ᠢᠭᠤᠯᠤᠯᠲᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠰᠢᠰᠲ᠋ᠧᠮ᠎ᠤᠨ ᠦᠵᠡᠯᠲᠡ ᠵᠢ ᠪᠠᠷᠢᠮᠲᠠᠯᠠᠨ᠂ ᠠᠮᠢ ᠠᠬᠤᠶ ᠵᠢ ᠰᠡᠷᠭᠦᠭᠡᠬᠦ ᠪᠦᠬᠦᠯᠢ ᠴᠣᠭᠴᠠᠲᠤ ᠴᠢᠨᠠᠷ ᠪᠠ ᠵᠣᠬᠢᠴᠠᠩᠭᠤᠶ ᠴᠢᠨᠠᠷ᠎ᠢ ᠴᠢᠬᠤᠯᠠᠴᠢᠯᠠᠪᠠ᠃ ᠰᠢᠨᠵᠢᠯᠡᠬᠦ ᠤᠬᠠᠭ᠋ᠠᠨᠴᠢ᠎ᠪᠠᠷ ᠲᠥᠯᠥᠪᠵᠢᠭᠦᠯᠬᠦ᠂ ᠵᠦᠶ ᠵᠣᠬᠢᠰᠲᠠᠶ ᠪᠠᠶ᠋ᠢᠷᠢᠰᠢᠭᠤᠯᠬᠤ᠎ᠪᠠᠷ ᠳᠠᠮᠵᠢᠭᠤᠯᠤᠨ᠂ ᠣᠶ ᠰᠢᠭᠤᠶ ᠡᠪᠡᠰᠦ ᠪᠡᠯᠴᠢᠭᠡᠷ ᠨᠤᠭᠤ ᠭᠠᠵᠠᠷ ᠵᠡᠷᠭᠡ ᠠᠮᠢ ᠠᠬᠤᠶ ᠵᠢᠨ ᠡᠯᠧᠮᠧᠨ᠋ᠲ᠎ᠢ ᠣᠷᠭ᠋ᠠᠨᠢᠭ ᠵᠶ᠋ᠠᠷ ᠤᠶᠠᠯᠳᠤᠭᠤᠯᠬᠤ ᠪᠠ ᠬᠠᠷᠢᠯᠴᠠᠨ ᠨᠥᠬᠦᠪᠥᠷᠢᠯᠡᠵᠦ ᠬᠠᠮᠲᠤ᠎ᠪᠠᠷ ᠣᠷᠣᠰᠢᠬᠤ ᠵᠢ ᠪᠡᠶᠡᠯᠡᠭᠦᠯᠪᠡ᠃ ᠪᠥᠬᠦ ᠵᠢᠯ᠎ᠳᠤ ᠵᠠᠰᠠᠬᠤ ᠲᠠᠯᠠᠪᠠᠶ ᠵᠢ ᠨᠡᠶ᠋ᠢᠲᠡ 6.149 ᠲᠦᠮᠡᠨ ᠮᠥ᠍ ᠪᠡᠶᠡᠯᠡᠭᠦᠯᠵᠦ᠂ ᠡᠭᠦᠨ᠎ᠳᠤ ᠰᠡᠶ᠋ᠢᠷᠡᠭᠵᠢᠭᠰᠡᠨ ᠣᠶ ᠵᠢ ᠰᠡᠷᠭᠦᠭᠡᠬᠦ ᠲᠠᠯ᠎ᠠ᠎ᠪᠠᠷ ᠢᠯᠡᠳᠲᠡ ᠦᠷ᠎ᠡ ᠪᠦᠲᠦᠮᠵᠢ ᠣᠯᠵᠤ᠂ 2.6 ᠲᠦᠮᠡᠨ ᠮᠥ᠍ ᠪᠣᠳᠠ ᠮᠣᠳᠣ ᠵᠢ ᠲᠡᠭᠰᠢᠯᠡᠭᠦᠯᠬᠦ ᠠᠵᠢᠯ᠎ᠢ ᠪᠡᠶᠡᠯᠡᠭᠦᠯᠵᠦ᠂ ᠭᠠᠵᠠᠷ ᠰᠢᠷᠣᠶ᠎ᠳᠤ ᠨᠤᠭᠤᠭ᠋ᠠᠨ ᠬᠤᠪᠴᠠᠰᠤ ᠵᠠᠰᠠᠯ ᠣᠯᠭᠤᠭᠰᠠᠨ ᠪᠠᠶ᠋ᠢᠨ᠎ᠠ᠃ ᠡᠭᠦᠨ᠎ᠤ ᠬᠠᠮᠲᠤ᠂ ᠠᠮᠢ ᠠᠬᠤᠶ ᠵᠢᠨ ᠬᠠᠮᠠᠭ᠋ᠠᠯᠠᠯᠲᠠ ᠪᠠ ᠬᠢᠨᠠᠯᠲᠠ ᠬᠠᠮᠢᠶᠠᠷᠤᠯᠲᠠ ᠵᠢᠨ ᠡᠷᠴᠢᠮ᠎ᠢ ᠴᠢᠩᠭ᠋ᠠᠷᠠᠭᠤᠯᠵᠤ᠂ ᠵᠠᠰᠠᠯᠲᠠ ᠵᠢᠨ ᠦᠷ᠎ᠡ ᠪᠦᠲᠦᠭᠡᠯ᠎ᠢ ᠦᠷᠭᠦᠯᠵᠢᠯᠡᠨ ᠪᠠᠬᠢᠵᠢᠭᠦᠯᠬᠦ ᠵᠢ ᠦᠨᠡᠨ ᠬᠦ᠌ ᠪᠠᠲᠤᠯᠠᠪᠠ᠃
ᠳᠠᠷᠠᠭ᠋ᠠᠴᠢ ᠵᠢᠨ ᠠᠯᠬᠤᠮ᠎ᠳᠤ᠂ ᠴᠠᠭ᠋ᠠᠨᠮᠥ᠋ᠷᠡᠨ ᠰᠤᠮᠤ ᠠᠮᠢ ᠠᠬᠤᠢ ᠵᠢ ᠤᠷᠢᠳ ᠵᠶ᠋ᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠣᠶ᠋ᠢᠯᠠᠭ᠋ᠠᠭᠳᠠᠬᠤᠨ᠎ᠢ ᠦᠷᠭᠦᠯᠵᠢᠯᠡᠨ ᠪᠠᠷᠢᠮᠲᠠᠯᠠᠵᠤ᠂ ᠵᠠᠰᠠᠯᠲᠠ ᠵᠢᠨ ᠵᠠᠭᠪᠤᠷ ᠪᠣᠯᠤᠨ ᠮᠡᠷᠭᠡᠵᠢᠯ᠎ᠤᠨ ᠠᠷᠭ᠎ᠠ ᠪᠠᠷᠢᠯ᠎ᠤᠨ ᠰᠢᠨ᠎ᠡ ᠵᠢ ᠲᠠᠰᠤᠷᠠᠯᠲᠠ ᠦᠭᠡᠢ ᠡᠭᠦᠳᠴᠦ᠂ ᠡᠯᠡᠰᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠠᠵᠢᠯ᠎ᠢ ᠨᠡᠩ ᠥᠨᠳᠥᠷ ᠲᠦᠪᠰᠢᠨ ᠲᠡᠰᠢ ᠤᠷᠤᠭᠰᠢᠯᠠᠭᠤᠯᠬᠤ ᠵᠢ ᠠᠬᠢᠭᠤᠯᠵᠤ᠂ 《ᠪᠣᠬᠢᠷᠲᠤᠯ ᠦᠭᠡᠢ》 ᠵᠢ ᠴᠢᠨᠠᠷ ᠰᠠᠶ᠋ᠢᠲᠠᠢ ᠬᠥᠭᠵᠢᠯᠲᠡ ᠪᠣᠯᠤᠨ ᠠᠷᠠᠳ ᠲᠦᠮᠡᠨ᠎ᠤ ᠰᠠᠶ᠋ᠢᠨ ᠰᠠᠶ᠋ᠢᠬᠠᠨ ᠠᠮᠢᠳᠤᠷᠠᠯ᠎ᠤᠨ ᠥᠨᠢᠳᠡ ᠵᠢᠨ ᠰᠠᠭᠤᠷᠢ ᠦᠩᠬᠡ ᠪᠣᠯᠭ᠋ᠠᠨ᠎ᠠ᠃