ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
ᠪᠠᠶᠠᠨᠨᠠᠭᠤᠷ ᠬᠣᠲᠠ ᠵᠢᠨ ᠨᠠᠮ᠎ᠤᠨ ᠬᠣᠷᠢᠶᠠᠨ᠎ᠤ ᠳᠡᠳ᠋ ᠱᠦᠵᠢ᠂ ᠣᠷᠣᠯᠠᠭᠴᠢ ᠬᠣᠲᠠ ᠵᠢᠨ ᠳᠠᠷᠤᠭ᠎ᠠ ᠵᠠᠩ ᠬᠣᠩ ᠹᠦ᠋ ᠪᠦᠯᠬᠦᠮ ᠳᠠᠭ᠋ᠠᠭᠤᠯᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠳᠤ ᠬᠦᠷᠴᠦ ᠠᠵᠢᠯ᠎ᠤᠨ ᠵᠤᠯᠭ᠋ᠠᠯᠴᠠᠭ᠎ᠠ ᠬᠢᠭᠰᠡᠨ᠎ᠤ ᠬᠠᠮᠲᠤ ᠶᠠᠷᠢᠯᠴᠠᠬᠤ ᠬᠤᠷᠠᠯ ᠬᠢᠪᠠ
ᠨᠡᠶ᠋ᠢᠲᠡᠯᠡᠭᠰᠡᠨ ᠴᠠᠭ᠄ 2024-12-04

   
   12 ᠰᠠᠷ᠎ᠠ ᠵᠢᠨ 3᠎ᠤ ᠡᠳᠦᠷ᠎ᠤᠨ ᠦᠳᠡ ᠵᠢᠨ ᠬᠣᠶ᠋ᠢᠨ᠎ᠠ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠪᠣᠯᠤᠨ ᠪᠠᠶᠠᠨᠨᠠᠭᠤᠷ ᠬᠣᠲᠠ ᠵᠢᠨ ᠨᠠᠮ᠎ᠤᠨ ᠬᠣᠷᠢᠶᠠᠨ᠎ᠤ ᠳᠡᠳ᠋ ᠱᠦᠵᠢ᠂ ᠣᠷᠣᠯᠠᠭᠴᠢ ᠬᠣᠲᠠ ᠵᠢᠨ ᠳᠠᠷᠤᠭ᠎ᠠ ᠵᠠᠩ ᠬᠣᠩ ᠹᠦ᠋ ᠨᠡᠷ ᠶᠠᠷᠢᠯᠴᠠᠬᠤ ᠬᠤᠷᠠᠯ ᠬᠢᠵᠦ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠸᠠᠩ ᠵᠣᠣ ᠱᠧᠩ ᠶᠠᠷᠢᠯᠴᠠᠬᠤ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ ᠪᠠᠶᠠᠨᠨᠠᠭᠤᠷ ᠬᠣᠲᠠ ᠵᠢᠨ ᠨᠠᠮ᠎ᠤᠨ ᠬᠣᠷᠢᠶᠠᠨ᠎ᠤ ᠪᠠᠶ᠋ᠢᠩᠭᠤ ᠵᠢᠨ ᠭᠡᠰᠢᠭᠦᠨ᠂ ᠳᠡᠳ᠋ ᠬᠣᠲᠠ ᠵᠢᠨ ᠳᠠᠷᠤᠭ᠎ᠠ ᠵᠣᠣ ᠸᠧᠶ ᠹᠸᠩ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠲᠤᠪᠴᠢᠶᠠᠨ  ᠳᠠᠷᠤᠭ᠎ᠠ ᠲᠢᠶᠸ ᠨᠢᠤ ᠬᠠᠮᠲᠤ᠎ᠪᠠᠷ ᠶᠠᠷᠢᠯᠴᠠᠬᠤ ᠬᠤᠷᠠᠯ᠎ᠳᠤ ᠣᠷᠣᠯᠴᠠᠪᠠ᠃
   ᠸᠠᠩ ᠵᠣᠣ ᠱᠧᠩ ᠵᠠᠩ ᠬᠣᠩ ᠹᠦ᠋ ᠨᠡᠷ᠎ᠤᠨ ᠠᠶ᠋ᠢᠯᠴᠢᠯᠠᠷ᠎ᠠ ᠢᠷᠡᠭᠰᠡᠨ᠎ᠳᠤ ᠪᠠᠶᠠᠷᠯᠠᠨ ᠤᠭᠲᠤᠵᠤ ᠪᠠᠶ᠋ᠢᠬᠤ᠎ᠪᠠᠨ ᠢᠯᠡᠳᠬᠡᠭᠰᠡᠨ ᠪᠥᠭᠡᠳ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠡᠨᠡ ᠵᠢᠯ᠎ᠤᠨ ᠭᠤᠤᠯᠳᠠᠯᠭ᠎ᠠ᠎ᠲᠠᠢ ᠠᠵᠢᠯ᠎ᠢ ᠥᠷᠨᠢᠭᠦᠯᠦᠭᠰᠡᠨ ᠪᠠᠶ᠋ᠢᠳᠠᠯ᠎ᠤᠨ ᠲᠤᠬᠠᠶ ᠲᠣᠪᠴᠢ ᠲᠠᠨᠢᠯᠴᠠᠭᠤᠯᠭ᠎ᠠ ᠬᠢᠪᠠ᠃ ᠲᠡᠷᠡ᠂ ᠪᠠᠶᠠᠨᠨᠠᠭᠤᠷ ᠬᠤᠳᠠ ᠵᠢᠨ ᠨᠠᠮ᠎ᠤᠨ ᠬᠤᠷᠢᠶ᠎ᠠ᠂ ᠬᠤᠳᠠ ᠵᠢᠨ ᠵᠠᠰᠠᠭ᠎ᠤᠨ ᠣᠷᠳᠣᠨ ᠤᠢ ᠰᠢᠭᠤᠢ ᠨᠤᠲᠤᠭ ᠪᠡᠯᠴᠢᠭᠡᠷ᠎ᠤᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠥᠪᠡᠷᠲᠡᠭᠡᠨ ᠵᠠᠰᠠᠬᠤ ᠣᠷᠣᠨ᠎ᠤ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠬᠦ᠎ᠳᠤ ᠬᠤᠪᠢ ᠨᠡᠮᠡᠷᠢ ᠦᠵᠡᠬᠦᠯᠪᠡ᠃ ᠥᠪᠡᠷᠲᠡᠭᠡᠨ ᠵᠠᠰᠠᠬᠤ ᠣᠷᠣᠨ᠎ᠤ ᠤᠢ ᠰᠢᠭᠤᠢ ᠪᠠ ᠨᠤᠲᠤᠭ ᠪᠡᠯᠴᠢᠭᠡᠷ᠎ᠤᠨ  ᠲᠤᠪᠴᠢᠶ᠎ᠠ ᠥᠩᠭᠡᠷᠡᠭᠰᠡᠨ᠎ᠲᠠᠢ᠎ᠪᠠᠨ ᠠᠳᠠᠯᠢ᠎ᠪᠠᠷ ᠪᠠᠶᠠᠨᠨᠠᠭᠤᠷ᠎ᠤᠨ ᠤᠢ ᠰᠢᠭᠤᠢ ᠨᠤᠲᠤᠭ ᠪᠡᠯᠴᠢᠭᠡᠷ᠎ᠤᠨ ᠠᠵᠢᠯ᠎ᠢ ᠬᠠᠯᠠᠮᠵᠢᠯᠠᠨ ᠠᠩᠬᠠᠷᠴᠤ᠂ ᠳᠤᠷᠠᠳᠤᠭᠰᠠᠨ ᠳᠡᠮᠵᠢᠬᠦ ᠴᠢᠬᠤᠯᠠᠲᠠᠢ ᠵᠦᠢ᠍ᠯ᠎ᠢ ᠨᠠᠷᠢᠨ ᠬᠢᠨᠠᠮᠠᠭ᠋ᠠᠢ ᠰᠤᠳᠤᠯᠵᠤ᠂ ᠨᠡᠩ ᠶᠡᠬᠡ ᠳᠡᠮᠵᠢᠯᠭᠡ ᠦᠵᠡᠭᠦᠯᠦᠨ᠎ᠡ ᠭᠡᠵᠡᠢ᠃
   ᠵᠠᠩ ᠬᠣᠩ ᠹᠦ᠋ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠣᠯᠠᠨ ᠵᠢᠯ᠎ᠤᠨ ᠲᠤᠷᠰᠢ ᠠᠮᠢ ᠠᠬᠤᠶ ᠵᠢᠨ ᠪᠥᠲᠥᠭᠡᠨ ᠪᠠᠶ᠋ᠢᠭᠤᠯᠤᠯᠲᠠ᠂ ᠪᠠᠯᠠ ᠮᠥᠩᠭᠥ ᠵᠢᠨ ᠲᠥᠷᠥᠯ ᠵᠦᠢ᠍ᠯ᠂ ᠭᠠᠵᠠᠷ᠎ᠤᠨ ᠬᠡᠷᠡᠭᠯᠡᠭᠡᠨ᠎ᠤ ᠪᠠᠲᠤᠯᠠᠭ᠎ᠠ ᠵᠡᠷᠭᠡ ᠲᠠᠯ᠎ᠠ᠎ᠪᠠᠷ ᠪᠠᠶᠠᠨᠨᠠᠭᠤᠷ ᠬᠣᠲᠠ᠎ᠳᠤ ᠬᠠᠪᠰᠤᠷᠤᠯᠭ᠎ᠠ ᠦᠵᠡᠭᠦᠯᠦᠭᠰᠡᠨ᠎ᠳᠤ ᠲᠠᠯᠠᠷᠬᠠᠵᠤ ᠪᠠᠶ᠋ᠢᠬᠤ᠎ᠪᠠᠨ ᠢᠯᠡᠳᠬᠡᠵᠦ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ ᠬᠡᠷᠡᠭᠯᠡᠭᠡᠨ᠎ᠤ ᠭᠠᠵᠠᠷ᠎ᠢ ᠬᠢᠨᠠᠨ ᠵᠥᠪᠰᠢᠶᠡᠷᠡᠬᠦ᠂ ᠨᠤᠲᠤᠭ ᠪᠡᠯᠴᠢᠭᠡᠷ᠎ᠤᠨ ᠨᠥᠬᠥᠪᠥᠷᠢ ᠱᠠᠩᠨᠠᠯ᠎ᠤᠨ ᠪᠠᠷᠢᠮᠵᠢᠶ᠎ᠠ ᠵᠢ ᠳᠡᠭᠡᠭᠰᠢᠯᠡᠭᠦᠯᠬᠦ ᠵᠡᠷᠭᠡ ᠲᠠᠯ᠎ᠠ᠎ᠪᠠᠷ ᠨᠠᠩ ᠣᠯᠠᠨ ᠳᠡᠮᠵᠢᠯᠭᠡ ᠪᠠ ᠬᠠᠪᠰᠤᠷᠤᠯᠭ᠎ᠠ ᠦᠵᠡᠭᠦᠯᠬᠦ ᠵᠢ ᠬᠦᠰᠡᠪᠡ᠃ ᠪᠠᠶᠠᠨᠨᠠᠭᠤᠷ ᠬᠣᠲᠠ ᠵᠢᠨ ᠬᠣᠯᠪᠣᠭᠳᠠᠯ ᠪᠥᠬᠥᠶ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠥᠳ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠬᠠᠮᠢᠶ᠎ᠠ ᠪᠥᠬᠥᠶ ᠭᠠᠵᠠᠷ᠎ᠤᠨ ᠬᠠᠷᠢᠭᠤᠴᠠᠯᠭ᠋ᠠᠲᠠᠨ ᠶᠠᠷᠢᠯᠴᠠᠬᠤ ᠬᠤᠷᠠᠯ᠎ᠳᠤ ᠣᠷᠣᠯᠴᠠᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠪᠠᠭ᠋ᠠᠷᠢᠨ ᠪᠠᠷᠠᠭᠤᠨ ᠬᠤᠰᠢᠭᠤᠨ᠎ᠤ ᠴᠠᠭ᠋ᠠᠨᠮᠥ᠋ᠷᠡᠨ ᠰᠤᠮᠤ ᠡᠯᠡᠰᠦ ᠮᠠᠩᠬ᠎ᠠ ᠵᠢ ᠰᠢᠨᠵᠢᠯᠡᠬᠦ ᠤᠬᠠᠭ᠋ᠠᠨᠴᠢ᠎ᠪᠠᠷ ᠰᠡᠷᠭᠡᠶ᠋ᠢᠯᠡᠨ ᠵᠠᠰᠠᠵᠤ ᠪᠣᠬᠢᠷᠲᠤᠯ ᠥᠬᠡᠶ ᠬᠠᠯᠬᠠᠪᠴᠢ ᠵᠢ ᠪᠠᠶ᠋ᠢᠭᠤᠯᠪᠠ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠠᠵᠢᠯ᠎ᠤᠨ ᠲᠣᠰᠬᠣᠨ᠎ᠤ ᠬᠠᠪᠰᠤᠷᠤᠨ ᠲᠡᠳᠬᠦᠬᠦ ᠠᠵᠢᠯ ᠢᠳᠡᠪᠬᠢᠲᠡᠶ ᠦᠷ᠎ᠡ ᠪᠦᠲᠦᠮᠵᠢ ᠤᠯᠪᠠ
ᠸᠠᠩ ᠰᠢᠶᠤᠤ ᠫᠢᠩ ᠣᠶ ᠰᠢᠭᠤᠶ ᠡᠪᠡᠰᠦ ᠪᠡᠯᠴᠢᠭᠡᠷ᠎ᠤᠨ ᠠᠮᠢ ᠠᠬᠤᠶ ᠵᠢᠨ ᠪᠥᠲᠥᠭᠡᠨ ᠪᠠᠶ᠋ᠢᠭᠤᠯᠤᠯᠲᠠ ᠵᠢᠨ ᠠᠵᠢᠯ᠎ᠢ ᠪᠠᠶ᠋ᠢᠴᠠᠭ᠋ᠠᠨ ᠰᠤᠳᠤᠯᠪᠠ
ᠠᠪᠠᠭ᠎ᠠ ᠬᠤᠰᠢᠭᠤᠨ᠎ᠤ ᠣᠶ ᠰᠢᠭᠤᠶ ᠨᠤᠲᠤᠭ ᠪᠡᠯᠴᠢᠭᠡᠷ ᠪᠠ ᠤᠰᠤᠨ ᠠᠰᠢᠭᠯᠠᠯᠲᠠ ᠵᠢᠨ ᠲᠣᠪᠴᠢᠶ᠎ᠠ 2024 ᠣᠨ᠎ᠤ ᠬᠥᠷᠥᠰᠥ ᠰᠢᠷᠣᠶ ᠵᠢ ᠬᠠᠮᠠᠭ᠋ᠠᠯᠠᠬᠤ ᠠᠯᠤᠰ ᠡᠵᠡᠮᠰᠢᠯ᠎ᠤᠨ ᠬᠢᠨᠠᠯᠲᠠ ᠬᠠᠮᠢᠶᠠᠷᠤᠯᠲᠠ ᠵᠢᠨ ᠲᠤᠬᠠᠶ ᠵᠢᠨ ᠲᠠᠯᠠᠪᠠᠶ ᠵᠢᠨ ᠳᠠᠬᠢᠨ ᠬᠢᠨᠠᠬᠤ ᠠᠵᠢᠯ᠎ᠢ ᠢᠳᠡᠪᠬᠢᠲᠡᠶ ᠥᠷᠨᠢᠭᠦᠯᠪᠡ
ᠠᠯᠠᠱ᠌ᠠ ᠪᠠᠷᠠᠭᠤᠨ ᠬᠤᠰᠢᠭᠤ᠄ ᠰᠢᠵᠢᠷ ᠠᠯᠲᠠᠨ ᠡᠯᠡᠰᠦ ᠮᠠᠩᠬ᠎ᠠ ᠵᠢ ᠰᠣᠶᠣᠯ ᠵᠢᠭᠤᠯᠴᠢᠯᠠᠯ᠎ᠤᠨ ᠨᠡᠷᠡᠳᠦ ᠲᠡᠮᠳᠡᠭ ᠪᠤᠯᠭ᠋ᠠᠵᠤ ᠪᠠᠶ᠋ᠢᠨ᠎ᠠ
 
             蒙ICP备05000248号