ᠵᠣᠴᠢᠳ᠎ᠤᠨ ᠪᠠᠭᠤᠳᠠᠯ᠎ᠤᠨ ᠭᠠᠯ ᠤᠨᠲᠠᠷᠠᠭ᠋ᠠᠬᠤ ᠠᠮᠤᠷ ᠲᠦᠪᠰᠢᠨ᠎ᠤ ᠭᠤᠤᠯ ᠴᠣᠭᠴᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ ᠵᠢ ᠤᠯᠠᠮ ᠨᠢᠭᠡ ᠠᠯᠬᠤᠮ ᠱᠠᠯᠠᠪᠳᠠᠭᠤᠯᠵᠤ᠂ ᠵᠣᠴᠢᠳ᠎ᠤᠨ ᠪᠠᠭᠤᠳᠠᠯ᠎ᠤᠨ ᠭᠠᠯ᠎ᠤᠨ ᠭᠠᠮᠰᠢᠭ᠎ᠤᠨ ᠳᠠᠯᠳᠠ ᠬᠡᠮ᠎ᠢ ᠵᠢᠭᠰᠠᠭ᠋ᠠᠨ ᠪᠠᠶ᠋ᠢᠴᠠᠭ᠋ᠠᠵᠤ ᠴᠡᠭᠴᠡᠯᠡᠨ ᠵᠠᠰᠠᠬᠤ ᠵᠢ ᠪᠥᠬᠦ ᠬᠦᠴᠦᠨ ᠵᠶ᠋ᠠᠷ ᠵᠶ᠋ᠠᠨ ᠠᠬᠢᠭᠤᠯᠬᠤ ᠵᠢᠨ ᠲᠥᠯᠥᠭᠡ᠂ ᠣᠶ᠋ᠢᠷ᠎ᠠ ᠵᠢᠨ ᠡᠳᠦᠷ᠎ᠤᠳ᠎ᠲᠤ᠂ ᠠᠤᠬᠠᠨ ᠬᠤᠰᠢᠭᠤᠨ᠎ᠤ ᠭᠠᠯ ᠤᠨᠲᠠᠷᠠᠭ᠋ᠠᠬᠤ ᠠᠪᠤᠷᠠᠨ ᠲᠤᠰᠠᠯᠠᠬᠤ ᠶᠡᠭᠡ ᠠᠩᠭᠢ ᠬᠠᠷᠢᠶᠠᠲᠤ ᠣᠷᠣᠨ᠎ᠤ ᠵᠣᠴᠢᠳ᠎ᠤᠨ ᠪᠠᠭᠤᠳᠠᠯ᠂ ᠪᠠᠭᠤᠳᠠᠯ᠎ᠳᠤ ᠭᠦᠨᠵᠡᠭᠡᠶ᠋ᠢᠷᠡᠨ ᠭᠠᠯ ᠤᠨᠲᠠᠷᠠᠭ᠋ᠠᠬᠤ ᠠᠮᠤᠷ ᠲᠦᠪᠰᠢᠨ᠎ᠤ ᠪᠠᠶ᠋ᠢᠴᠠᠭ᠋ᠠᠯᠲᠠ ᠥᠷᠨᠢᠭᠦᠯᠪᠡ᠃
ᠪᠠᠶ᠋ᠢᠴᠠᠭ᠋ᠠᠬᠤ ᠶᠠᠪᠤᠴᠠ᠎ᠳᠤ᠂ ᠶᠡᠭᠡ ᠠᠩᠭᠢ ᠵᠢᠨ ᠭᠠᠯ ᠤᠨᠲᠠᠷᠠᠭ᠋ᠠᠬᠤ ᠬᠢᠨᠠᠯᠲᠠ ᠲᠠᠯᠪᠢᠭᠴᠢ ᠲᠠᠯᠠᠪᠤᠷ ᠭᠠᠵᠠᠷ᠎ᠤᠨ ᠬᠠᠷᠢᠭᠤᠴᠠᠯᠭ᠋ᠠᠲᠠᠨ᠎ᠠᠴᠠ ᠭᠠᠯ ᠤᠨᠲᠠᠷᠠᠭ᠋ᠠᠬᠤ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠲᠦᠷᠢᠮ᠂ ᠵᠢᠵᠢᠭᠦᠷᠯᠡᠬᠦ ᠲᠦᠷᠢᠮ᠂ ᠠᠵᠢᠯᠲᠠᠨ᠎ᠤ ᠭᠠᠯ ᠤᠨᠲᠠᠷᠠᠭ᠋ᠠᠬᠤ ᠮᠡᠳᠡᠯᠭᠡ ᠵᠢᠨ ᠪᠣᠯᠪᠠᠰᠤᠷᠠᠭᠤᠯᠤᠯ ᠵᠢᠴᠢ ᠭᠠᠯ ᠤᠨᠲᠠᠷᠠᠭ᠋ᠠᠬᠤ ᠪᠠᠴᠢᠮ ᠪᠠᠶ᠋ᠢᠳᠠᠯ᠎ᠢ ᠠᠷᠭ᠋ᠠᠴᠠᠨ ᠲᠠᠷᠬᠠᠭ᠋ᠠᠬᠤ ᠪᠡᠯᠡᠳᠬᠡᠯ ᠲᠥᠰᠦᠯ ᠵᠡᠷᠭᠡ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠨᠠᠷᠢᠨ ᠠᠰᠠᠭᠤᠨ ᠯᠠᠪᠯᠠᠵᠤ᠂ ᠡᠯ᠎ᠡ ᠵᠣᠴᠢᠳ᠎ᠤᠨ ᠪᠠᠭᠤᠳᠠᠯ᠎ᠤᠨ ᠠᠮᠤᠷ ᠲᠦᠪᠰᠢᠨ᠎ᠤ ᠭᠠᠷᠬᠤ ᠡᠭᠦᠳᠡ ᠪᠠ ᠲᠠᠷᠬᠠᠭ᠋ᠠᠬᠤ ᠵᠠᠮ᠎ᠤᠨ ᠪᠠᠶ᠋ᠢᠷᠢᠯᠠᠭᠤᠯᠤᠯᠲᠠ᠂ ᠴᠠᠬᠢᠯᠭ᠋ᠠᠨ ᠬᠡᠢ ᠵᠢᠨ ᠥᠩᠭᠡᠷᠡᠬᠦ ᠱᠤᠭᠤᠮ ᠬᠤᠭᠤᠯᠠᠶ ᠵᠢᠨ ᠬᠠᠮᠠᠭ᠋ᠠᠯᠠᠯᠲᠠ᠂ ᠭᠠᠯ ᠤᠨᠲᠠᠷᠠᠭ᠋ᠠᠬᠤ ᠤᠰᠤᠨ᠎ᠤ ᠡᠬᠢ ᠰᠤᠷᠪᠤᠯᠵᠢ᠎ᠨᠢ ᠭᠦᠢ᠍ᠴᠡᠳ ᠡᠰᠡᠬᠦ᠂ ᠭᠠᠯ ᠤᠨᠲᠠᠷᠠᠭ᠋ᠠᠬᠤ ᠡᠵᠡᠮᠰᠢᠯ᠎ᠤᠨ ᠲᠠᠰᠤᠭ᠎ᠤᠨ ᠵᠢᠵᠢᠭᠦᠷ᠎ᠤᠨ ᠬᠥᠮᠦᠰ ᠦᠨᠡᠮᠯᠡᠯ᠎ᠲᠠᠢ ᠠᠵᠢᠯ᠎ᠤᠨ ᠪᠠᠶ᠋ᠢᠷᠢ᠎ᠳᠤ ᠭᠠᠷᠬᠤ ᠡᠰᠡᠬᠦ ᠵᠡᠷᠭᠡ ᠪᠠᠶ᠋ᠢᠳᠠᠯ᠎ᠳᠤ ᠭᠤᠣᠯᠳᠠᠯᠭ᠎ᠠ᠎ᠲᠠᠢ᠎ᠪᠠᠷ ᠨᠠᠷᠢᠨ ᠪᠠᠶ᠋ᠢᠴᠠᠭ᠋ᠠᠯᠲᠠ ᠬᠢᠵᠦ᠂ ᠡᠯ᠎ᠡ ᠵᠣᠴᠢᠳ᠎ᠤᠨ ᠪᠠᠭᠤᠳᠠᠯ᠎ᠤᠨ ᠵᠣᠴᠢᠳ᠎ᠤᠨ ᠥᠷᠥᠭᠡ᠎ᠳᠤ ᠤᠲᠤᠭ᠎ᠠ ᠰᠡᠷᠭᠡᠶ᠋ᠢᠯᠡᠬᠦ ᠨᠢᠭᠤᠷ᠎ᠤᠨ ᠪᠦᠷᠬᠦᠭᠦᠯ ᠪᠠ ᠲᠠᠷᠬᠠᠭ᠋ᠠᠬᠤ ᠲᠠᠶ᠋ᠢᠯᠪᠤᠷᠢ ᠵᠢᠷᠤᠭ ᠲᠣᠬᠢᠷᠠᠭᠤᠯᠤᠭᠰᠠᠨ ᠡᠰᠡᠬᠦ ᠵᠢ ᠲᠣᠬᠢᠶᠠᠯᠳᠤᠯ ᠵᠶ᠋ᠠᠷ ᠰᠤᠭᠤᠴᠢᠨ ᠪᠠᠶ᠋ᠢᠴᠠᠭ᠋ᠠᠵᠤ᠂ ᠠᠵᠢᠯᠲᠠᠨ ᠠᠵᠢᠯᠴᠢᠨ᠎ᠤ 《ᠨᠢᠭᠡ ᠣᠶ᠋ᠢᠯᠠᠭ᠋ᠠᠬᠤ ᠭᠤᠷᠪᠠᠨ ᠬᠤᠷᠠᠯ》 《ᠳᠥᠷᠪᠡᠨ ᠴᠢᠳᠠᠪᠤᠷᠢ》 ᠵᠢᠨ ᠲᠤᠬᠠᠶ ᠣᠶ᠋ᠢᠯᠠᠭ᠋ᠠᠯᠲᠠ ᠡᠵᠡᠮᠰᠢᠭᠦᠷ᠎ᠲᠤ ᠲᠤᠬᠠᠶ ᠵᠢᠨ ᠲᠠᠯᠠᠪᠤᠷ᠎ᠤᠨ ᠰᠢᠯᠭ᠋ᠠᠯᠲᠠ ᠬᠢᠵᠡᠶ᠃
ᠪᠠᠶ᠋ᠢᠴᠠᠭ᠋ᠠᠯᠲᠠ ᠵᠢᠨ ᠳᠤᠮᠳᠠ ᠣᠯᠵᠤ ᠮᠡᠳᠡᠭᠰᠡᠨ ᠠᠰᠠᠭᠤᠳᠠᠯ᠎ᠳᠤ ᠴᠢᠭᠯᠡᠭᠦᠯᠦᠨ᠂ ᠶᠡᠭᠡ ᠠᠩᠭᠢ ᠵᠢᠨ ᠭᠠᠯ ᠤᠨᠲᠠᠷᠠᠭ᠋ᠠᠬᠤ ᠬᠢᠨᠠᠯᠲᠠ ᠲᠠᠯᠪᠢᠭᠴᠢ᠎ᠠᠴᠠ ᠨᠢᠭᠡᠴᠢ ᠵᠢᠨ ᠬᠠᠷᠢᠭᠤᠴᠠᠯᠭ᠋ᠠᠲᠠᠨ᠎ᠳᠤ ᠵᠣᠬᠢᠴᠠᠩᠭᠤᠶ ᠴᠡᠭᠴᠡᠯᠡᠨ ᠰᠠᠶ᠋ᠢᠵᠢᠷᠠᠭᠤᠯᠬᠤ ᠰᠠᠨᠠᠯ ᠳᠤᠷᠠᠳᠴᠤ᠂ ᠪᠠᠶ᠋ᠢᠴᠠᠭ᠋ᠠᠭᠳᠠᠬᠤ ᠨᠢᠭᠡᠴᠢ ᠵᠢ ᠴᠡᠭᠴᠡᠯᠡᠨ ᠰᠠᠶ᠋ᠢᠵᠢᠷᠠᠭᠤᠯᠬᠤ ᠵᠢ ᠦᠳᠲᠡᠷ ᠲᠦᠷᠭᠡᠨ ᠨᠠᠶ᠋ᠢᠳᠠᠪᠤᠷᠢᠵᠢᠭᠤᠯᠵᠤ᠂ ᠲᠤᠬᠠᠶ ᠵᠢᠨ ᠲᠠᠯᠠᠪᠤᠷ᠎ᠲᠤ ᠴᠡᠭᠴᠡᠯᠡᠨ ᠰᠠᠶ᠋ᠢᠵᠢᠷᠠᠭᠤᠯᠵᠤ ᠳᠡᠶ᠋ᠢᠯᠬᠦ ᠵᠢ᠎ᠨᠢ ᠰᠢᠮᠳᠠᠭᠤᠯᠤᠨ ᠲᠤᠬᠠᠶ ᠵᠢᠨ ᠲᠠᠯᠠᠪᠤᠷᠲᠤᠨᠢ ᠴᠡᠭᠴᠡᠯᠡᠨ ᠰᠠᠶ᠋ᠢᠵᠢᠷᠠᠭᠤᠯᠵᠤ᠂ ᠴᠡᠭᠴᠡᠯᠡᠨ ᠰᠠᠶ᠋ᠢᠵᠢᠷᠠᠭᠤᠯᠵᠤ ᠳᠡᠶ᠋ᠢᠯᠬᠦ ᠥᠬᠡᠶ ᠵᠢ᠎ᠨᠢ ᠲᠣᠭᠲᠠᠭᠰᠠᠨ ᠬᠤᠭᠤᠴᠠᠭ᠋ᠠᠨ ᠳᠣᠲᠣᠷ᠎ᠠ ᠵᠠᠯᠠᠷᠠᠭᠤᠯᠬᠤ ᠬᠡᠷᠡᠭᠲᠡᠶ ᠭᠡᠪᠡ᠃ ᠡᠭᠦᠨ᠎ᠤ ᠬᠠᠮᠲᠤ ᠲᠠᠯᠠᠪᠤᠷ ᠭᠠᠵᠠᠷ᠎ᠤᠨ ᠭᠠᠯ ᠤᠨᠲᠠᠷᠠᠭ᠋ᠠᠬᠤ ᠠᠮᠤᠷ ᠲᠦᠪᠰᠢᠨ᠎ᠤ ᠬᠠᠷᠢᠭᠤᠴᠠᠯᠭ᠋ᠠᠲᠠᠨ᠎ᠳᠤ᠄ ᠨᠢᠭᠡ᠎ᠳᠤ᠂ ᠮᠢᠨᠴᠦᠭᠦᠷᠡᠬᠦ ᠦᠵᠡᠯ ᠰᠠᠨᠠᠭ᠎ᠠ ᠪᠠ ᠠᠵᠠ ᠵᠠᠪᠰᠢᠶᠠᠨ᠎ᠢ ᠡᠷᠢᠬᠦ ᠰᠡᠳᠬᠢᠴᠡ ᠵᠢ ᠲᠡᠪᠴᠢᠵᠦ᠂ ᠭᠠᠯ ᠤᠨᠲᠠᠷᠠᠭ᠋ᠠᠬᠤ ᠠᠮᠤᠷ ᠲᠦᠪᠰᠢᠨ᠎ᠤ ᠬᠠᠷᠢᠭᠤᠴᠠᠯᠭ᠎ᠠ ᠵᠢᠨ ᠲᠦᠷᠢᠮ᠎ᠢ ᠡᠷᠬᠡᠪᠰᠢ ᠨᠠᠶ᠋ᠢᠳᠠᠪᠤᠷᠢᠵᠢᠭᠤᠯᠵᠤ᠂ ᠲᠠᠯᠠᠪᠤᠷ ᠭᠠᠵᠠᠷ᠎ᠤᠨ ᠭᠠᠯ ᠤᠨᠲᠠᠷᠠᠭ᠋ᠠᠬᠤ ᠠᠮᠤᠷ ᠲᠦᠪᠰᠢᠨ᠎ᠤ ᠪᠠᠶ᠋ᠢᠴᠠᠭ᠋ᠠᠯᠲᠠ᠂ ᠲᠣᠭᠤᠷᠢᠨ ᠪᠠᠶ᠋ᠢᠴᠠᠭ᠋ᠠᠬᠤ ᠲᠦᠷᠢᠮ᠎ᠢ ᠪᠠᠶ᠋ᠢᠭᠤᠯᠤᠨ ᠨᠠᠶ᠋ᠢᠳᠠᠪᠤᠷᠢᠵᠢᠭᠤᠯᠬᠤ ᠬᠡᠷᠡᠭᠲᠡᠶ᠃ ᠬᠤᠶᠠᠷ᠎ᠲᠤ᠂ ᠡᠵᠡᠩᠨᠡᠯᠲᠡ ᠵᠢᠨ ᠬᠤᠭᠤᠴᠠᠭ᠋ᠠᠨ᠎ᠳᠤ ᠡᠷᠬᠡᠪᠰᠢ ᠲᠠᠯᠠᠪᠤᠷ᠎ᠤᠨ ᠠᠮᠤᠷ ᠲᠦᠪᠰᠢᠨ ᠭᠠᠷᠬᠤ ᠡᠭᠦᠳᠡ᠂ ᠲᠠᠷᠬᠠᠭ᠋ᠠᠬᠤ ᠵᠠᠮ᠎ᠤᠨ ᠰᠠᠭ᠋ᠠᠳ ᠦᠭᠡᠢ ᠨᠡᠪᠲᠡᠷᠡᠬᠦ ᠵᠢ ᠪᠠᠲᠤᠯᠠᠵᠤ᠂ ᠭᠠᠯ ᠤᠨᠲᠠᠷᠠᠭ᠋ᠠᠬᠤ ᠲᠥᠬᠦᠭᠡᠷᠦᠮᠵᠢ ᠵᠢᠨ ᠪᠦᠷᠢᠨ ᠪᠦᠲᠦᠨ ᠰᠠᠶ᠋ᠢᠨ ᠬᠡᠷᠡᠭᠯᠡᠬᠦ ᠵᠢ ᠪᠠᠲᠤᠯᠠᠬᠤ ᠬᠡᠷᠡᠭᠲᠡᠢ᠃ ᠭᠤᠷᠪᠠ᠎ᠳᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠠᠵᠢᠯᠲᠠᠨ ᠠᠵᠢᠯᠴᠢᠨ᠎ᠢ ᠵᠣᠬᠢᠶᠠᠨ ᠪᠠᠶ᠋ᠢᠭᠤᠯᠤᠨ ᠭᠠᠯ ᠤᠨᠲᠠᠷᠠᠭ᠋ᠠᠬᠤ ᠠᠮᠤᠷ ᠲᠦᠪᠰᠢᠨ᠎ᠤ ᠪᠣᠯᠪᠠᠰᠤᠷᠠᠭᠤᠯᠤᠯ ᠪᠠ ᠰᠣᠷᠢᠯᠲᠠ ᠵᠢ ᠥᠷᠨᠢᠭᠦᠯᠵᠦ᠂ ᠡᠷᠬᠡᠪᠰᠢ ᠰᠢᠨ᠎ᠡ ᠠᠵᠢᠯᠲᠠᠨ ᠠᠵᠢᠯᠴᠢᠨ᠎ᠢ ᠤᠷᠢᠳᠠᠪᠠᠷ ᠪᠣᠯᠪᠠᠰᠤᠷᠠᠭᠤᠯᠤᠭ᠋ᠠᠳ ᠳᠠᠷᠠᠭ᠎ᠠ᠎ᠨᠢ ᠠᠵᠢᠯ᠎ᠤᠨ ᠪᠠᠶ᠋ᠢᠷᠢ᠎ᠳᠤ ᠭᠠᠷᠭ᠋ᠠᠵᠤ᠂ ᠠᠵᠢᠯᠲᠠᠨ ᠠᠵᠢᠯᠴᠢᠨ᠎ᠤ ᠭᠠᠯ᠎ᠤᠨ ᠠᠶᠤᠯ᠎ᠤᠨ ᠲᠦᠭᠰᠢᠭᠦᠷᠢ ᠮᠡᠳᠡᠭᠦᠯᠬᠦ᠂ ᠭᠠᠯ ᠤᠨᠲᠠᠷᠠᠭ᠋ᠠᠨ ᠠᠮᠢ ᠵᠢᠭᠤᠲᠠᠬᠤ ᠵᠡᠷᠭᠡ ᠭᠡᠨᠡᠳᠲᠡ ᠵᠢᠨ ᠠᠳᠡᠯ᠎ᠢ ᠰᠢᠢ᠍ᠳᠪᠦᠷᠢᠯᠡᠬᠦ ᠴᠢᠳᠠᠪᠤᠷᠢ ᠵᠢ ᠦᠨᠡᠨᠬᠦ ᠳᠡᠭᠡᠭᠰᠢᠯᠡᠭᠦᠯᠵᠦ᠂ ᠲᠠᠯᠠᠪᠤᠷ ᠭᠠᠵᠠᠷ᠎ᠤᠨ ᠭᠠᠯ ᠤᠨᠲᠠᠷᠠᠭ᠋ᠠᠬᠤ ᠠᠮᠤᠷ ᠲᠦᠪᠰᠢᠨ᠎ᠢ ᠦᠨᠡᠨᠬᠦ ᠪᠠᠲᠤᠯᠠᠵᠤ᠂ ᠭᠠᠯ᠎ᠤᠨ ᠠᠶᠤᠯ᠎ᠤᠨ ᠠᠳᠡᠯ ᠭᠠᠷᠬᠤ ᠵᠢ ᠡᠷᠡᠰ ᠬᠤᠷᠢᠭᠯᠠᠬᠤ ᠬᠡᠷᠡᠭᠲᠡᠶ ᠭᠡᠵᠦ ᠵᠠᠬᠢᠪᠠ᠃