ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
ᠠᠯᠠᠱ᠌ᠠ ᠠᠶ᠋ᠢᠮᠠᠭ᠎ᠤᠨ ᠪᠠᠷᠠᠭᠤᠨ ᠬᠡᠰᠡᠭ᠎ᠤᠨ ᠡᠯᠡᠰᠦᠨ ᠴᠥᠯ᠎ᠢ ᠶᠡᠷᠦᠩᠬᠡᠶ᠋ᠢᠯᠡᠨ ᠵᠠᠰᠠᠬᠤ ᠲᠦᠷᠦᠯ ᠵᠦᠢ᠍ᠯ (ᠬᠣᠶᠠᠳᠤᠭ᠋ᠠᠷ ᠬᠤᠭᠤᠴᠠᠭ᠎ᠠ)᠎ᠤᠨ ᠪᠥᠲᠥᠭᠡᠨ ᠪᠠᠶ᠋ᠢᠭᠤᠯᠤᠯᠲᠠ ᠵᠢ ᠨᠠᠶ᠋ᠢᠳᠠᠪᠤᠷᠢᠵᠢᠭᠤᠯᠤᠨ ᠬᠡᠷᠡᠭᠵᠢᠭᠦᠯᠬᠦ ᠵᠢ ᠢᠳᠡᠪᠬᠢᠲᠡᠶ ᠠᠬᠢᠭᠤᠯᠵᠤ ᠪᠤᠢ
ᠨᠡᠶ᠋ᠢᠲᠡᠯᠡᠭᠰᠡᠨ ᠴᠠᠭ᠄ 2024-02-26

   
    ᠠᠯᠠᠱ᠌ᠠ ᠠᠶ᠋ᠢᠮᠠᠭ᠎ᠤᠨ ᠪᠠᠷᠠᠭᠤᠨ ᠬᠡᠰᠡᠭ᠎ᠤᠨ ᠴᠦᠯᠯᠡᠷᠬᠡᠭ ᠭᠠᠵᠠᠷ᠎ᠢ ᠶᠡᠷᠦᠩᠬᠡᠶ᠋ᠢᠯᠡᠨ ᠵᠠᠰᠠᠬᠤ ᠲᠥᠷᠥᠯ ᠵᠦᠢ᠍ᠯ (ᠬᠣᠶᠠᠳᠤᠭ᠋ᠠᠷ ᠬᠤᠭᠤᠴᠠᠭ᠎ᠠ)᠎ᠤᠨ ᠪᠦᠲᠦᠭᠡᠨ ᠪᠠᠶ᠋ᠢᠭᠤᠯᠤᠯᠲᠠ ᠵᠢᠨ ᠢᠨᠵᠧᠨᠧᠷᠢᠩ᠎ᠤᠨ ᠬᠡᠷᠡᠭᠵᠢᠭᠦᠯᠦᠯᠲᠡ ᠵᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠲᠥᠷᠥᠯ ᠵᠦᠢ᠍ᠯ᠎ᠤᠨ ᠶᠠᠰᠤ ᠴᠢᠨᠠᠷ ᠪᠠ ᠲᠣᠭ᠎ᠠ ᠬᠡᠮᠵᠢᠶ᠎ᠡ ᠵᠢ ᠪᠠᠲᠤᠯᠠᠨ ᠬᠤᠭᠤᠴᠠᠭ᠎ᠠ ᠶᠣᠰᠣᠭ᠋ᠠᠷ ᠪᠡᠶᠡᠯᠡᠭᠦᠯᠬᠦ ᠵᠢ ᠦᠨᠡᠨᠬᠦ ᠪᠠᠲᠤᠯᠠᠬᠤ ᠵᠢᠨ ᠲᠤᠰᠠᠳᠠ᠂ ᠣᠶ᠋ᠢᠷ᠎ᠠ᠎ᠳᠤ᠂ ᠠᠯᠠᠱ᠌ᠠ ᠪᠠᠷᠠᠭᠤᠨ ᠬᠣᠰᠢᠭᠤᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ᠂ ᠡᠯ᠎ᠡ ᠵᠦᠢ᠍ᠯ᠎ᠤᠨ ᠪᠡᠯᠡᠳᠬᠡᠯ ᠠᠵᠢᠯ᠎ᠢ ᠤᠷᠢᠳᠴᠢᠯᠠᠨ ᠰᠠᠶ᠋ᠢᠲᠤᠷ ᠬᠢᠵᠦ᠂ ᠲᠥᠷᠥᠯ ᠵᠦᠢ᠍ᠯ᠎ᠤᠨ ᠬᠠᠮᠢᠶᠠᠷᠤᠯᠲᠠ ᠵᠢ ᠴᠢᠩᠭ᠋ᠠᠳᠬᠠᠨ᠂ ᠠᠵᠢᠯ᠎ᠤᠨ ᠴᠤᠪᠤᠷᠠᠯ᠎ᠢ ᠰᠢᠯᠢᠳᠡᠭᠵᠢᠭᠦᠯᠵᠦ᠂ ᠠᠵᠢᠯ᠎ᠤᠨ ᠦᠷ᠎ᠡ ᠪᠦᠲᠦᠮᠵᠢ ᠵᠢ ᠳᠡᠭᠡᠭᠰᠢᠯᠡᠭᠦᠯᠦᠨ᠂ ᠲᠥᠷᠥᠯ ᠵᠦᠢ᠍ᠯ᠎ᠢ ᠪᠣᠳᠠᠲᠠᠶ᠋ᠢᠵᠢᠭᠤᠯᠤᠨ ᠨᠠᠶ᠋ᠢᠳᠠᠪᠤᠷᠢᠵᠢᠭᠤᠯᠬᠤ ᠵᠢ ᠪᠥᠬᠥ ᠬᠦᠴᠦᠨ ᠵᠶ᠋ᠠᠷ ᠵᠶ᠋ᠠᠨ ᠳᠥᠯᠭᠢᠨ ᠠᠬᠢᠭᠤᠯᠵᠤ ᠪᠠᠶ᠋ᠢᠨ᠎ᠠ᠃ 
     ᠲᠥᠷᠥᠯ ᠵᠦᠢ᠍ᠯ᠎ᠤᠨ ᠠᠵᠢᠯ᠎ᠤᠨ ᠲᠥᠯᠥᠪᠯᠡᠭᠡ ᠵᠢ ᠤᠷᠢᠳᠴᠢᠯᠠᠨ ᠲ᠋ᠦᠰᠦᠪᠯᠡᠪᠡ᠃
    12 ᠰᠠᠷ᠎ᠠ ᠵᠢᠨ 11᠎ᠤ ᠡᠳᠦᠷ᠂ ᠠᠯᠠᠱ᠌ᠠ ᠪᠠᠷᠠᠭᠤᠨ ᠬᠣᠰᠢᠭᠤᠨ᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ ᠠᠯᠠᠱ᠌ᠠ ᠠᠶ᠋ᠢᠮᠠᠭ᠎ᠤᠨ ᠥᠪᠥᠷ ᠮᠣᠩᠭᠣᠯ᠎ᠤᠨ ᠪᠠᠷᠠᠭᠤᠨ ᠬᠡᠰᠡᠭ᠎ᠤᠨ ᠴᠦᠯᠯᠡᠷᠬᠡᠭ ᠭᠠᠵᠠᠷ᠎ᠢ ᠶᠡᠷᠦᠩᠬᠡᠶ᠋ᠢᠯᠡᠨ ᠵᠠᠰᠠᠬᠤ ᠲᠥᠷᠥᠯ ᠵᠦᠢ᠍ᠯ (ᠬᠣᠶᠠᠳᠤᠭ᠋ᠠᠷ ᠬᠤᠭᠤᠴᠠᠭ᠎ᠠ)᠎ᠤᠨ ᠲᠤᠰᠬᠠᠶ ᠠᠬᠢᠭᠤᠯᠬᠤ ᠬᠤᠷᠠᠯ᠎ᠢ ᠵᠣᠬᠢᠶᠠᠨ ᠪᠠᠶ᠋ᠢᠭᠤᠯᠤᠨ ᠬᠤᠷᠠᠯᠳᠤᠭᠤᠯᠵᠤ᠂ ᠬᠤᠷᠠᠯ᠎ᠠᠴᠠ ᠪᠠᠷᠠᠭᠤᠨ ᠬᠡᠰᠡᠭ᠎ᠤᠨ ᠴᠦᠯᠯᠡᠷᠬᠡᠭ ᠭᠠᠵᠠᠷ᠎ᠢ ᠶᠡᠷᠦᠩᠬᠡᠶ᠋ᠢᠯᠡᠨ ᠵᠠᠰᠠᠬᠤ ᠲᠥᠷᠥᠯ ᠵᠦᠢ᠍ᠯ (ᠬᠣᠶᠠᠳᠤᠭ᠋ᠠᠷ ᠬᠤᠭᠤᠴᠠᠭ᠎ᠠ)᠎ᠤᠨ ᠠᠬᠢᠴᠠ ᠵᠢᠨ ᠪᠠᠶ᠋ᠢᠳᠠᠯ ᠵᠢᠴᠢ ᠣᠷᠣᠰᠢᠵᠤ ᠪᠠᠶ᠋ᠢᠭ᠎ᠠ ᠬᠦᠴᠢᠷᠳᠡᠯ᠎ᠢ ᠰᠤᠳᠤᠯᠤᠭᠰᠠᠨ ᠪᠥᠭᠡᠳ ᠬᠠᠨᠳᠤᠯᠭ᠋ᠠᠲᠤ ᠴᠢᠨᠠᠷᠲᠠᠶ ᠠᠵᠢᠯ᠎ᠤᠨ ᠰᠡᠳᠬᠢᠮᠵᠢ ᠵᠢ ᠳᠤᠷᠠᠳᠤᠨ ᠭᠠᠷᠭ᠋ᠠᠪᠠ᠃ 
     ᠲᠥᠷᠥᠯ ᠵᠦᠢ᠍ᠯ᠎ᠤᠨ ᠪᠠᠲᠤᠯᠠᠭ᠎ᠠ ᠵᠢᠨ ᠲᠣᠭᠲᠠᠴᠠ ᠵᠢ ᠪᠠᠶ᠋ᠢᠭᠤᠯᠤᠨ ᠪᠦᠷᠢᠨᠰᠢᠬᠦᠯᠪᠡ᠃

     ᠠᠯᠠᠱ᠌ᠠ ᠪᠠᠷᠠᠭᠤᠨ ᠬᠣᠰᠢᠭᠤᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠪᠠᠷᠠᠭᠤᠨ ᠬᠡᠰᠡᠭ᠎ᠤᠨ ᠴᠦᠯᠯᠡᠷᠬᠡᠭᠵᠢᠯ᠎ᠢ ᠶᠡᠷᠦᠩᠬᠡᠶ᠋ᠢᠯᠡᠨ ᠵᠠᠰᠠᠬᠤ ᠲᠥᠷᠥᠯ ᠵᠦᠢ᠍ᠯ (ᠬᠣᠶᠠᠳᠤᠭ᠋ᠠᠷ ᠬᠤᠭᠤᠴᠠᠭ᠎ᠠ)᠎ᠤᠨ ᠪᠥᠲᠥᠭᠡᠨ ᠪᠠᠶ᠋ᠢᠭᠤᠯᠤᠯᠲᠠ ᠵᠢᠨ ᠢᠨᠵᠧᠨᠧᠷᠢᠩ᠎ᠤᠨ ᠲᠤᠰᠬᠠᠶ ᠠᠵᠢᠯ᠎ᠤᠨ ᠳᠤᠭᠤᠶ᠋ᠢᠯᠠᠩ᠎ᠢ ᠪᠠᠶ᠋ᠢᠭᠤᠯᠵᠤ᠂ ᠠᠵᠢᠯᠲᠠᠨ ᠵᠢᠴᠢ ᠠᠵᠢᠯ᠎ᠤᠨ ᠡᠭᠦᠷᠭᠡ ᠬᠠᠷᠢᠭᠤᠴᠠᠯᠭ᠎ᠠ ᠵᠢ ᠲᠣᠳᠣᠷᠬᠠᠶ᠋ᠢᠯᠠᠨ᠂ ᠲᠥᠷᠥᠯ ᠵᠦᠢ᠍ᠯ᠎ᠤᠨ ᠶᠠᠰᠤ ᠴᠢᠨᠠᠷ ᠪᠠ ᠦᠷ᠎ᠡ ᠠᠰᠢᠭ᠎ᠢ ᠵᠢᠱ᠌ᠢᠭᠰᠡᠨ ᠬᠠᠷᠠᠯᠲᠠ᠎ᠳᠤ ᠬᠦᠷᠦᠭᠦᠯᠬᠦ ᠵᠢ ᠦᠨᠡᠨ ᠬᠦ᠌ ᠪᠠᠲᠤᠯᠠᠪᠠ᠃ 
     ᠲᠥᠷᠥᠯ ᠵᠦᠢ᠍ᠯ᠎ᠤᠨ ᠲᠤᠰᠬᠠᠶ ᠬᠢᠨᠠᠨ ᠪᠠᠶ᠋ᠢᠴᠠᠭ᠋ᠠᠯᠲᠠ ᠵᠢ ᠯᠠᠪᠳᠠᠭᠤᠨ ᠪᠠᠲᠤᠲᠠᠶ ᠶᠠᠪᠤᠭᠳᠠᠭᠤᠯᠪᠠ᠃

    12 ᠰᠠᠷ᠎ᠠ ᠵᠢᠨ 20᠎ᠠᠴᠠ 25᠎ᠤ ᠡᠳᠦᠷ ᠪᠣᠯᠲᠠᠯ᠎ᠠ᠂ ᠲᠤᠰᠬᠠᠶ ᠠᠵᠢᠯ᠎ᠤᠨ ᠳᠤᠭᠤᠶ᠋ᠢᠯᠠᠩ᠎ᠤᠨ ᠠᠵᠢᠯᠲᠠᠳ ᠡᠯ᠎ᠡ ᠰᠤᠮᠤ ᠪᠠᠯᠭ᠋ᠠᠰᠤᠨ᠎ᠳᠤ 2024 ᠣᠨ᠎ᠤ ᠢᠨᠵᠧᠨᠧᠷᠢᠩ᠎ᠢ ᠬᠡᠷᠡᠭᠵᠢᠭᠦᠯᠦᠭᠰᠡᠨ ᠭᠠᠵᠠᠷ᠎ᠤᠨ ᠨᠠᠶ᠋ᠢᠳᠠᠪᠤᠷᠢᠵᠢᠭᠤᠯᠤᠯᠲᠠ ᠵᠢ ᠪᠠᠶ᠋ᠢᠴᠠᠭ᠋ᠠᠬᠤ ᠠᠵᠢᠯ᠎ᠢ ᠥᠷᠨᠢᠭᠦᠯᠪᠡ᠃ ᠪᠠᠶ᠋ᠢᠴᠠᠭ᠋ᠠᠬᠤ ᠶᠠᠪᠤᠴᠠ᠎ᠳᠤ᠂ ᠠᠵᠢᠯᠲᠠᠳ ᠤᠯᠤᠰ᠎ᠤᠨ ᠭᠠᠵᠠᠷ ᠰᠢᠷᠣᠶ ᠵᠢᠨ ᠭᠤᠷᠪᠠᠨ ᠲᠣᠬᠢᠷᠠᠭᠤᠯᠤᠯᠲᠠ ᠵᠢᠨ ᠲᠣᠭ᠎ᠠ ᠪᠠᠷᠢᠮᠲᠠ ᠵᠢ ᠦᠨᠳᠦᠰᠦᠯᠡᠨ᠂ ᠣᠶ᠋ᠢᠵᠢᠭᠤᠯᠤᠯᠲᠠ ᠵᠢᠴᠢ ᠡᠪᠡᠰᠦ ᠳᠠᠷᠢᠭᠰᠠᠨ ᠭᠠᠵᠠᠷ᠎ᠤᠨ ᠲᠠᠯᠠᠪᠠᠶ᠂ ᠪᠠᠶ᠋ᠢᠷᠢᠰᠢᠯ᠂ ᠤᠷᠭᠤᠴᠠ ᠵᠢᠨ ᠨᠥᠬᠥᠴᠡᠯ᠂ ᠤᠰᠤᠨ᠎ᠤ ᠡᠬᠢ ᠪᠠᠶᠠᠯᠢᠭ᠎ᠤᠨ ᠪᠠᠶ᠋ᠢᠳᠠᠯ ᠪᠠ ᠪᠡᠯᠴᠢᠭᠡᠷ ᠮᠠᠯ᠎ᠤᠨ ᠪᠠᠶ᠋ᠢᠳᠠᠯ᠎ᠳᠤ ᠨᠠᠷᠢᠨ ᠨᠢᠮᠪᠠᠶ ᠪᠠᠶ᠋ᠢᠴᠠᠭ᠋ᠠᠨ ᠰᠤᠳᠤᠯᠤᠯᠲᠠ ᠬᠢᠵᠦ᠂ ᠨᠠᠷᠢᠨ ᠲᠣᠳᠣᠷᠬᠠᠶ ᠪᠠᠶ᠋ᠢᠴᠠᠭ᠋ᠠᠯᠲᠠ ᠵᠢᠨ ᠠᠵᠢᠯ᠎ᠤᠨ ᠮᠡᠳᠡᠭᠦᠯᠦᠯᠲᠡ ᠭᠠᠷᠭ᠋ᠠᠵᠤ᠂ ᠣᠲᠣ ᠨᠢᠭᠡᠨᠲᠡ ᠶᠡᠷᠦᠩᠬᠡᠶ ᠢᠨᠵᠧᠨᠧᠷᠢᠩ᠎ᠢ ᠨᠠᠶ᠋ᠢᠳᠠᠪᠤᠷᠢᠵᠢᠭᠤᠯᠤᠨ ᠪᠠᠶ᠋ᠢᠴᠠᠭ᠋ᠠᠬᠤ ᠠᠵᠢᠯ᠎ᠤᠨ 75 % ᠵᠢ ᠪᠡᠶᠡᠯᠡᠭᠦᠯᠪᠡ᠃
     ᠲᠠᠷᠠᠭ᠋ᠠᠴᠢ ᠵᠢᠨ ᠠᠯᠬᠤᠮ᠎ᠳᠤ᠂ ᠠᠯᠠᠱ᠌ᠠ ᠪᠠᠷᠠᠭᠤᠨ ᠬᠣᠰᠢᠭᠤᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠤᠰᠤᠨ᠎ᠤ ᠶᠠᠪᠤᠳᠠᠯ᠎ᠤᠨ ᠰᠠᠯᠠᠭ᠎ᠠ ᠮᠥᠴᠢᠷ᠂ ᠡᠯ᠎ᠡ ᠰᠤᠮᠤ ᠪᠠᠯᠭ᠋ᠠᠰᠤ᠂ ᠮᠠᠯᠴᠢᠨ ᠲᠠᠷᠢᠶᠠᠴᠢᠨ᠎ᠲᠠᠢ ᠬᠠᠮᠲᠤᠷᠠᠵᠤ ᠦᠯᠡᠳᠡᠭᠰᠡᠨ ᠭᠠᠵᠠᠷ᠎ᠢ ᠨᠠᠶ᠋ᠢᠳᠠᠪᠤᠷᠢᠵᠢᠭᠤᠯᠵᠤ᠂ 2024 ᠣᠨ᠎ᠤ ᠬᠠᠪᠤᠷ᠎ᠤᠨ ᠤᠯᠠᠷᠢᠯ᠎ᠤᠨ ᠣᠶ᠋ᠢᠵᠢᠭᠤᠯᠤᠯᠲᠠ ᠵᠢᠨ ᠠᠵᠠ ᠲᠣᠬᠢᠶᠠᠯ᠎ᠢ ᠠᠮᠵᠢᠵᠤ᠂ ᠭᠤᠤᠯᠳᠠᠯᠭ᠎ᠠ᠎ᠲᠠᠢ ᠠᠮᠢ ᠠᠬᠤᠶ ᠵᠢᠨ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠵᠤ᠂ ᠠᠯᠠᠱ᠌ᠠ ᠠᠶ᠋ᠢᠮᠠᠭ᠎ᠤᠨ ᠪᠠᠷᠠᠭᠤᠨ ᠬᠡᠰᠡᠭ᠎ᠤᠨ ᠴᠦᠯᠯᠡᠷᠭᠡᠭᠵᠢᠯ᠎ᠢ ᠶᠡᠷᠦᠩᠬᠡᠶ᠋ᠢᠯᠡᠨ ᠵᠠᠰᠠᠬᠤ ᠲᠥᠷᠥᠯ ᠵᠦᠢ᠍ᠯ (ᠬᠣᠶᠠᠳᠤᠭ᠋ᠠᠷ ᠬᠤᠭᠤᠴᠠᠭ᠎ᠠ)᠎ᠤᠨ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢᠨ ᠡᠭᠦᠷᠭᠡ ᠵᠢ ᠴᠢᠨᠠᠷ ᠰᠠᠶ᠋ᠢᠲᠠᠶ ᠪᠡᠶᠡᠯᠡᠭᠦᠯᠬᠦ᠎ᠳᠤ ᠪᠠᠲᠤ ᠪᠠᠬᠢ ᠰᠠᠭᠤᠷᠢ ᠵᠢ ᠲᠠᠯᠪᠢᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠤᠷᠳᠤᠰ ᠬᠤᠳᠠ ᠵᠢᠨ ᠤᠳᠤᠭ᠎ᠤᠨ ᠡᠮᠦᠨᠡᠲᠦ ᠬᠤᠰᠢᠭᠤᠨ᠎ᠤ ᠤᠯᠵᠠᠴᠢ ᠪᠠᠯᠭ᠋ᠠᠰᠤ᠎ᠠᠴᠠ ᠬᠤᠢ᠌ᠰᠢ 2.5 ᠺᠢᠯᠦᠮᠧᠲᠷ᠎ᠤᠨ ᠵᠠᠢ᠎ᠳᠤ ᠪᠠᠢ᠌ᠷᠢᠯᠠᠬᠤ ᠨᠠᠭᠤᠷ᠎ᠲᠤ 1000 ᠭᠠᠷᠤᠢ ᠨᠡᠭᠦᠳᠡᠯ᠎ᠤᠨ ᠰᠢᠪᠠᠭᠤᠳ ᠢᠷᠡᠵᠦ ᠡᠪᠦᠯᠵᠢᠵᠡᠢ
ᠡᠷᠢᠶᠡᠨ ᠬᠣᠲᠠ ᠵᠢᠨ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠣᠪᠴᠢᠶ᠎ᠠ 《ᠴᠠᠭ᠋ᠠᠨ ᠰᠠᠷ᠎ᠠ ᠵᠢ ᠪᠢ ᠠᠵᠢᠯ᠎ᠤᠨ ᠪᠠᠶ᠋ᠢᠷᠢ᠎ᠳᠠᠭᠠᠨ ᠦᠩᠭᠡᠷᠡᠭᠦᠯᠬᠦ》 ᠠᠵᠢᠯᠯᠠᠭ᠎ᠠ ᠥᠷᠨᠢᠭᠦᠯᠪᠡ
ᠥᠪᠥᠷ ᠮᠣᠩᠭᠣᠯ᠎ᠤᠨ ᠰᠢᠪᠡᠭᠡ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠠᠵᠢᠯ ᠢᠯᠡᠳᠲᠡ ᠦᠷ᠎ᠡ ᠪᠦᠲᠦᠮᠵᠢ ᠤᠯᠪᠠ
ᠦᠵᠦᠮᠦᠴᠢᠨ᠎ᠤ ᠲᠠᠯ᠎ᠠ ᠵᠢᠨ 《ᠦᠷᠭᠦᠯᠵᠢ ᠢᠷᠡᠳᠡᠭ ᠵᠣᠴᠢᠳ》
ᠬᠢᠩᠭ᠋ᠠᠨ ᠠᠶ᠋ᠢᠮᠠᠭ 2024 ᠣᠨ᠎ᠤ ᠬᠠᠪᠤᠷ᠎ᠤᠨ ᠤᠯᠠᠷᠢᠯ᠎ᠤᠨ ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠤᠬᠠᠭᠤᠯᠭ᠎ᠠ ᠵᠢᠨ ᠠᠵᠢᠯ᠎ᠢ ᠥᠷᠨᠢᠭᠦᠯᠪᠡ
 
             蒙ICP备05000248号