ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
ᠵᠠᠯᠠᠶ᠋ᠢᠳ ᠬᠤᠰᠢᠭᠤ ᠨᠤᠲᠤᠭ ᠪᠡᠯᠴᠢᠭᠡᠷ᠎ᠲᠠᠬᠢ ᠬᠡᠳᠦ ᠮᠠᠯᠵᠢᠯ᠎ᠤᠨ ᠠᠰᠠᠭᠤᠳᠠᠯ᠎ᠢ ᠰᠢᠢ᠍ᠳᠪᠤᠷᠢᠯᠡᠬᠦ ᠠᠵᠢᠯ᠎ᠤᠨ ᠬᠤᠷᠠᠯ ᠬᠤᠷᠠᠯᠳᠤᠭᠤᠯᠵᠠᠢ
ᠨᠡᠶ᠋ᠢᠲᠡᠯᠡᠭᠰᠡᠨ ᠴᠠᠭ᠄ 2024-03-11

      3 ᠰᠠᠷ᠎ᠠ ᠵᠢᠨ 9᠎ᠤ ᠡᠳᠦᠷ᠂ ᠵᠠᠯᠠᠶ᠋ᠢᠳ ᠬᠤᠰᠢᠭᠤ ᠨᠤᠲᠤᠭ ᠪᠡᠯᠴᠢᠭᠡᠷ᠎ᠲᠠᠬᠢ ᠬᠡᠲᠦ ᠮᠠᠯᠵᠢᠯ᠎ᠤᠨ ᠠᠰᠠᠭᠤᠳᠠᠯ᠎ᠢ ᠰᠢᠢ᠍ᠳᠪᠤᠷᠢᠯᠡᠬᠦ ᠠᠵᠢᠯ᠎ᠤᠨ ᠬᠤᠷᠠᠯ ᠬᠤᠷᠠᠯᠳᠤᠭᠤᠯᠵᠤ᠂ 《ᠵᠠᠯᠠᠶ᠋ᠢᠳ ᠬᠤᠰᠢᠭᠤᠨ᠎ᠤ ᠨᠤᠲᠤᠭ ᠪᠡᠯᠴᠢᠭᠡᠷ᠎ᠲᠠᠬᠢ ᠬᠡᠲᠦ ᠮᠠᠯᠵᠢᠯ᠎ᠤᠨ ᠠᠰᠠᠭᠤᠳᠠᠯ᠎ᠢ ᠰᠢᠢ᠍ᠳᠪᠤᠷᠢᠯᠡᠬᠦ ᠲᠤᠷᠰᠢᠯᠲᠠ ᠵᠢᠨ ᠬᠡᠷᠡᠭᠵᠢᠭᠦᠯᠬᠦ ᠲᠥᠰᠦᠯ》᠎ᠳᠤ ᠲᠠᠶ᠋ᠢᠯᠤᠮᠵᠢ ᠬᠢᠵᠦ᠂ ᠲᠠᠷᠠᠭ᠋ᠠᠴᠢ ᠵᠢᠨ ᠠᠯᠬᠤᠮ᠎ᠤᠨ ᠠᠵᠢᠯ ᠵᠶ᠋ᠠᠨ ᠳᠣᠭᠢᠷᠠᠭᠤᠯᠤᠨ ᠪᠠᠶ᠋ᠢᠷᠢᠯᠠᠭᠤᠯᠪᠠ᠃ ᠵᠠᠯᠠᠶ᠋ᠢᠳ ᠬᠤᠰᠢᠭᠤᠨ᠎ᠤ ᠨᠠᠮ᠎ᠤᠨ ᠬᠤᠷᠢᠶᠠᠨ᠎ᠤ ᠳᠡᠳ᠋ ᠱᠦᠵᠢ᠂ ᠬᠤᠰᠢᠭᠤᠨ ᠳᠠᠷᠤᠭ᠎ᠠ ᠴᠢ ᠯᠢᠨ ᠬᠤᠷᠠᠯ᠎ᠢ ᠡᠷᠭᠢᠯᠡᠪᠡ᠃

      ᠬᠤᠷᠠᠯ᠎ᠠᠴᠠ᠂ ᠨᠤᠲᠤᠭ ᠪᠡᠯᠴᠢᠭᠡᠷ᠎ᠲᠠᠬᠢ ᠬᠡᠳᠦ ᠮᠠᠯᠵᠢᠯ᠎ᠤᠨ ᠠᠰᠠᠭᠤᠳᠠᠯ᠎ᠢ ᠰᠢᠢ᠍ᠳᠪᠦᠷᠢᠯᠡᠬᠦ ᠪᠣᠯ ᠨᠢᠭᠡ ᠵᠦᠢ᠍ᠯ᠎ᠤᠨ ᠰᠢᠰᠲ᠋ᠧᠮᠳᠦ ᠢᠨᠵᠧᠨᠧᠷᠢᠩ ᠪᠣᠯᠤᠨ᠎ᠠ᠂ ᠡᠯ᠎ᠡ ᠱᠠᠳᠤ ᠳᠠᠪᠬᠤᠷᠭ᠎ᠠ᠂ ᠤᠯᠠᠨ ᠰᠠᠯᠠᠭ᠎ᠠ ᠮᠥᠴᠢᠷ᠎ᠲᠠᠢ ᠬᠤᠯᠪᠣᠭᠳᠠᠨ᠎ᠠ᠂ ᠡᠷᠬᠡᠪᠰᠢ ᠳᠡᠭᠡᠳᠦ ᠳᠤᠤᠷᠠᠳᠤ ᠱᠠᠳᠤ᠎ᠪᠠᠷ ᠵᠶ᠋ᠠᠨ ᠬᠤᠯᠪᠣᠭ᠋ᠠᠯᠠᠨ ᠬᠥᠳᠡᠯᠦᠯᠴᠡᠵᠦ᠂ ᠬᠠᠮᠲᠤᠷᠠᠯ᠎ᠤᠨ ᠬᠦᠴᠦᠨ᠎ᠢ ᠨᠢᠭᠲᠠᠷᠠᠭᠤᠯᠵᠤ᠂ ᠬᠠᠮᠲᠤ ᠵᠢᠨ ᠴᠢᠭᠯᠡᠯ ᠵᠶ᠋ᠠᠷ ᠬᠦᠴᠦᠯᠡᠬᠦ ᠬᠡᠷᠡᠭᠲᠡᠢ᠃ ᠡᠯ᠎ᠡ ᠰᠤᠮᠤ ᠰᠢᠶᠠᠩ ᠪᠠᠯᠭ᠋ᠠᠰᠤ ᠵᠢᠨ ᠡᠯ᠎ᠡ ᠬᠠᠮᠢᠶ᠎ᠠ ᠪᠥᠬᠦᠶ ᠪᠠᠶ᠋ᠢᠭᠤᠯᠭ᠎ᠠ ᠨᠢᠭᠡᠴᠢ᠎ᠨᠦᠭᠦᠳ ᠨᠤᠲᠤᠭ ᠪᠡᠯᠴᠢᠭᠡᠷ᠎ᠲᠠᠬᠢ ᠬᠡᠳᠦ ᠮᠠᠯᠵᠢᠯ᠎ᠤᠨ ᠲᠤᠷᠰᠢᠯᠲᠠ ᠵᠢᠨ ᠴᠡᠭ᠎ᠤᠨ ᠠᠵᠢᠯ᠎ᠢ ᠰᠢᠢ᠍ᠳᠪᠤᠷᠢᠯᠡᠬᠦ ᠵᠢ ᠨᠢᠭᠡ ᠵᠦᠢ᠍ᠯ᠎ᠤᠨ ᠤᠯᠤᠰ ᠲᠥᠷᠥ ᠵᠢᠨ ᠡᠭᠦᠷᠭᠡ ᠪᠣᠯᠭ᠋ᠠᠵᠤ᠂ ᠭᠤᠤᠯ ᠬᠠᠷᠢᠭᠤᠴᠠᠯᠭ᠋ᠠᠲᠠᠨ ᠨᠥᠬᠦᠳ ᠡᠮᠦᠨ᠎ᠡ᠎ᠨᠢ ᠵᠢᠯᠣᠭᠤᠳᠴᠤ᠂ ᠡᠯ᠎ᠡ ᠵᠦᠢ᠍ᠯ᠎ᠤᠨ ᠠᠵᠢᠯ᠎ᠢ ᠯᠠᠪᠳᠠᠭᠤᠨ ᠪᠠᠲᠤᠲᠠᠶ ᠡᠮᠬᠢ ᠵᠢᠷᠤᠮ᠎ᠲᠠᠢ ᠥᠷᠨᠢᠭᠦᠯᠬᠦ ᠵᠢ ᠠᠬᠢᠭᠤᠯᠵᠤ᠂ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠬᠤ᠂ ᠨᠠᠷᠢᠨ ᠨᠠᠶ᠋ᠢᠳᠠᠪᠤᠷᠢᠵᠢᠭᠤᠯᠬᠤ᠂ ᠣᠷᠣᠨ ᠪᠠᠶ᠋ᠢᠷᠢᠨ᠎ᠳᠤᠨᠢ ᠨᠠᠶ᠋ᠢᠳᠠᠪᠤᠷᠢᠵᠢᠭᠤᠯᠬᠤ᠂ ᠪᠣᠳᠠᠲᠠᠶ ᠬᠡᠷᠡᠭᠵᠢᠭᠦᠯᠵᠦ ᠦᠷ᠎ᠡ ᠪᠦᠲᠦᠮᠵᠢ ᠭᠠᠷᠭ᠋ᠠᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃ ᠡᠪᠡᠰᠦ ᠪᠣᠷᠳᠤᠭ᠎ᠠ ᠵᠢᠨ ᠬᠠᠩᠭ᠋ᠠᠯᠭ᠎ᠠ ᠵᠢᠨ ᠬᠦᠴᠦᠨ᠎ᠢ ᠳᠡᠭᠡᠭᠰᠢᠯᠡᠭᠦᠯᠬᠦ᠂ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠬᠤ᠂ ᠠᠵᠤ ᠦᠢ᠍ᠯᠡᠰ᠎ᠤᠨ ᠠᠭᠤᠰᠤᠯᠴᠠᠨ ᠬᠥᠭᠵᠢᠬᠦ ᠵᠢ ᠠᠬᠢᠭᠤᠯᠬᠤ ᠵᠡᠷᠭᠡ ᠲᠠᠯ᠎ᠠ᠎ᠪᠠᠷ ᠦᠷᠭᠦᠯᠵᠢᠯᠡᠨ ᠬᠦᠴᠦᠯᠡᠵᠦ᠂ ᠬᠠᠰᠢᠶᠠᠯᠠᠨ ᠲᠡᠵᠢᠭᠡᠬᠦ᠂ ᠬᠠᠭ᠋ᠠᠰ ᠬᠠᠰᠢᠶᠠᠯᠠᠨ ᠲᠡᠵᠢᠭᠡᠬᠦ ᠵᠢ ᠶᠡᠬᠡᠪᠡᠷ ᠬᠥᠭᠵᠢᠭᠦᠯᠵᠦ᠂ ᠪᠠᠶ᠋ᠢᠭ᠋ᠠᠯᠢ ᠵᠢᠨ ᠨᠤᠲᠤᠭ ᠪᠡᠯᠴᠢᠭᠡᠷ᠎ᠢ ᠬᠠᠮᠠᠭ᠋ᠠᠯᠠᠬᠤ ᠪᠠ ᠪᠡᠯᠴᠢᠭᠡᠷ᠎ᠤᠨ ᠮᠠᠯ ᠠᠵᠤ ᠠᠬᠤᠶ ᠵᠢᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠭᠦᠯᠬᠦ ᠠᠯᠬᠤᠴᠠ ᠵᠢ ᠠᠬᠢᠭᠤᠯᠤᠨ᠂ ᠨᠤᠲᠤᠭ ᠪᠡᠯᠴᠢᠭᠡᠷ᠎ᠤᠨ ᠨᠣᠭᠤᠭ᠋ᠠᠷᠠᠭᠤᠯᠤᠯᠲᠠ ᠵᠢ ᠨᠡᠮᠡᠭᠳᠡᠭᠦᠯᠬᠦ᠂ ᠠᠵᠤ ᠦᠢ᠍ᠯᠡᠰ᠎ᠤᠨ ᠶᠠᠰᠤ ᠴᠢᠨᠠᠷ᠎ᠢ ᠳᠡᠭᠡᠭᠰᠢᠯᠡᠭᠦᠯᠬᠦ᠂ ᠮᠠᠯᠴᠢᠳ᠎ᠤᠨ ᠣᠷᠣᠯᠭ᠎ᠠ ᠵᠢ ᠨᠡᠮᠡᠭᠳᠡᠭᠦᠯᠬᠦ ᠬᠠᠷᠠᠯᠲᠠ ᠵᠢ ᠦᠨᠳᠦᠰᠦᠨ᠎ᠠᠴᠠ᠎ᠨᠢ ᠪᠡᠶᠡᠯᠡᠭᠦᠯᠵᠦ᠂ ᠠᠮᠢ ᠠᠬᠤᠶ ᠵᠢ ᠲᠡᠷᠢᠭᠦᠨ᠎ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠳᠡ᠎ᠪᠠᠷ ᠤᠳᠤᠷᠢᠳᠤᠮᠵᠢ ᠪᠣᠯᠭ᠋ᠠᠭᠰᠠᠨ ᠨᠤᠲᠤᠭ ᠪᠡᠯᠴᠢᠭᠡᠷ ᠮᠠᠯᠵᠢᠬᠤ ᠣᠷᠣᠨ᠎ᠤ ᠮᠠᠯ ᠪᠡᠯᠴᠢᠭᠡᠷ᠎ᠢ ᠨᠢᠭᠡ ᠴᠤᠭᠴᠠᠵᠢᠭᠤᠯᠤᠨ ᠴᠢᠨᠠᠷ ᠰᠠᠶ᠋ᠢᠲᠠᠶ ᠬᠥᠭᠵᠢᠭᠦᠯᠬᠦ ᠰᠢᠨ᠎ᠡ ᠵᠠᠮ᠎ᠢ ᠰᠦᠪᠡᠭᠴᠢᠯᠡᠨ ᠭᠠᠷᠭ᠋ᠠᠬᠤ ᠬᠡᠷᠡᠭᠳᠡᠢ ᠭᠡᠵᠦ ᠴᠢᠬᠤᠯᠠᠴᠢᠯᠠᠪᠠ᠃

ᠢᠷᠡᠯᠲᠡ᠄ ᠵᠠᠯᠠᠢ᠌ᠳ ᠬᠤᠰᠢᠭᠤᠨ᠎ᠤ ᠠᠷᠠᠳ᠎ᠤᠨ ᠵᠠᠰᠠᠭ᠎ᠤᠨ ᠤᠷᠳᠤᠨ
          
ᠬᠠᠮᠢᠶ᠎ᠡ ᠪᠦᠬᠦᠢ ᠰᠣᠨᠢᠨ
ᠲᠦᠮᠡᠳ ᠵᠡᠭᠦᠨ ᠬᠤᠰᠢᠭᠤ ᠪᠡᠯᠴᠢᠭᠡᠷᠯᠡᠭᠦᠯᠬᠦ ᠵᠢ ᠴᠠᠭ᠋ᠠᠵᠠᠯᠠᠬᠤ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ
ᠨᠠᠢ᠍ᠮᠠᠨ ᠬᠤᠰᠢᠭᠤ ᠵᠢᠨ ᠠᠵᠤ ᠠᠬᠤᠢ ᠵᠢᠨ ᠣᠶ ᠵᠢ ᠳᠠᠷᠢᠵᠤ ᠤᠷᠭᠤᠭᠤᠯᠤᠬᠰᠠᠨ ᠲᠠᠯᠠᠪᠠᠶ 76 ᠲᠦᠮᠡᠨ ᠮᠦ᠍᠎ᠳᠤ ᠭᠦᠷᠪᠡ
ᠥᠨᠥ ᠵᠢᠯ ᠪᠠᠶᠠᠨᠨᠠᠭᠤᠷ ᠬᠤᠲᠠ 22.48 ᠲᠦᠮᠡᠨ ᠮᠦ᠍ ᠡᠯᠡᠰᠦᠵᠢᠭᠰᠡᠨ ᠭᠠᠵᠠᠷ ᠰᠢᠷᠣᠢ ᠵᠢ ᠶᠡᠷᠦᠩᠬᠡᠶ᠋ᠢᠯᠡᠨ ᠵᠠᠰᠠᠬᠤ ᠵᠢ ᠪᠡᠶᠡᠯᠡᠭᠦᠯᠬᠦ᠎ᠪᠠᠷ ᠲᠥᠯᠥᠪᠯᠡᠵᠦ ᠪᠣᠶ
ᠡᠤ ᠴᠠ ᠭ᠋ᠸᠦ ᠣᠢ ᠰᠢᠭᠤᠶ ᠵᠢᠨ ᠲᠣᠪᠴᠢᠶ᠎ᠠ ᠵᠢ ᠵᠣᠬᠢᠶᠠᠨ ᠪᠠᠶ᠋ᠢᠭᠤᠯᠵᠤ 2024 ᠣᠨ᠎ᠳᠤ 《ᠣᠯᠠᠨ ᠤᠯᠤᠰ᠎ᠤᠨ ᠬᠣᠯᠪᠣᠭ᠋ᠠᠲᠤ ᠪᠠᠶ᠋ᠢᠭᠤᠯᠭ᠎ᠠ ᠵᠢᠨ ᠣᠢ ᠰᠢᠭᠤᠶ ᠵᠢᠨ ᠠᠯᠪᠠᠨ ᠪᠢᠴᠢᠭ》᠎ᠤᠨ ᠵᠦᠪᠳᠡᠯᠡᠯᠴᠡᠭᠡᠷ᠎ᠢ ᠭᠦᠢ᠍ᠴᠡᠳᠬᠡᠬᠦ ᠵᠢᠱ᠌ᠢᠶ᠎ᠡ ᠦᠵᠡᠭᠦᠯᠬᠦ ᠨᠢᠭᠡᠴᠢ ᠵᠢᠨ ᠲᠥᠷᠥᠯ ᠵᠦᠢ᠍ᠯ᠎ᠢ ᠭᠤᠶᠤᠴᠢᠯᠠᠨ ᠮᠡᠳᠡᠬᠦᠯᠪᠡ
2024 ᠣᠨ᠎ᠤ ᠪᠥᠬᠥ ᠬᠣᠰᠢᠭᠤᠨ᠎ᠤ ᠭᠠᠯ᠎ᠢ ᠰᠡᠷᠭᠡᠢ᠌ᠯᠡᠨ ᠭᠠᠯ ᠤᠨᠲᠠᠷᠠᠭ᠋ᠠᠬᠤ ᠠᠮᠤᠷ ᠲᠦᠪᠰᠢᠨ ᠵᠢᠴᠢ ᠣᠢ ᠰᠢᠭᠤᠢ ᠨᠤᠲᠤᠭ ᠪᠡᠯᠴᠢᠭᠡᠷ᠎ᠤᠨ ᠭᠠᠯ ᠤᠨᠲᠠᠷᠠᠭ᠋ᠠᠬᠤ ᠠᠵᠢᠯ᠎ᠤᠨ ᠬᠤᠷᠠᠯ ᠬᠤᠷᠠᠯᠳᠤᠪᠠ
 
             蒙ICP备05000248号