3 ᠰᠠᠷ᠎ᠠ ᠵᠢᠨ 9᠎ᠤ ᠡᠳᠦᠷ᠂ ᠲᠦᠮᠡᠳ ᠵᠡᠭᠦᠨ ᠬᠤᠰᠢᠭᠤᠨ᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ ᠴᠡᠯᠡᠭᠡᠷ ᠲᠠᠯ᠎ᠠ ᠪᠠᠯᠭ᠋ᠠᠰᠤᠨ᠎ᠤ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠣᠪᠴᠢᠶ᠎ᠠ᠎ᠲᠠᠢ ᠬᠠᠮᠲᠤᠷᠠᠨ ᠠᠭᠤᠯᠠ ᠳᠠᠭ᠋ᠠᠤ ᠵᠢᠨ ᠠᠶ᠋ᠢᠯ ᠲᠣᠰᠬᠤᠨ᠎ᠳᠤ ᠪᠡᠯᠴᠢᠭᠡᠷᠯᠡᠭᠦᠯᠬᠦ ᠵᠢ ᠴᠠᠭ᠋ᠠᠵᠠᠯᠠᠬᠤ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ᠃
ᠠᠵᠢᠯᠯᠠᠭ᠎ᠠ ᠵᠢᠨ ᠳᠤᠮᠳᠠ᠂ ᠠᠵᠢᠯᠲᠠᠳ ᠴᠡᠯᠡᠭᠡᠷ ᠲᠠᠯ᠎ᠠ ᠪᠠᠯᠭ᠋ᠠᠰᠤᠨ᠎ᠤ ᠭᠧ ᠯᠢ ᠭᠧᠩ ᠲᠣᠰᠬᠤᠨ᠂ ᠬᠥ᠋ ᠶᠠᠨ ᠲᠣᠰᠬᠤᠨ ᠪᠣᠯᠣᠨ ᠭᠧᠦ ᠮᠧᠨ ᠲᠣᠰᠬᠤᠨ ᠵᠡᠷᠭᠡ ᠭᠠᠵᠠᠷ᠎ᠲᠤ ᠬᠦᠷᠴᠦ ᠲᠥᠪᠯᠡᠷᠡᠭᠦᠯᠦᠨ ᠤᠬᠠᠭᠤᠯᠪᠠ᠃ ᠡᠨᠡ ᠬᠦ᠌ ᠠᠵᠢᠯᠯᠠᠭ᠎ᠠ ᠵᠢᠨ ᠳᠤᠮᠳᠠ ᠠᠵᠢᠯᠲᠠᠳ ᠴᠡᠯᠡᠭᠡᠷ ᠲᠠᠯ᠎ᠠ ᠪᠠᠯᠭ᠋ᠠᠰᠤᠨ᠎ᠤ ᠭᠧ ᠯᠢ ᠭᠧᠩ ᠲᠣᠰᠬᠤᠨ᠂ ᠬᠥ᠋ ᠶᠠᠨ ᠲᠣᠰᠬᠤᠨ ᠪᠣᠯᠣᠨ ᠭᠧᠦ ᠮᠧᠨ ᠲᠣᠰᠬᠤᠨ ᠵᠡᠷᠭᠡ ᠭᠠᠵᠠᠷ᠎ᠲᠤ ᠬᠦᠷᠴᠦ ᠲᠥᠪᠯᠡᠷᠡᠭᠦᠯᠦᠨ ᠤᠬᠠᠭᠤᠯᠪᠠ᠃ ᠲᠣᠰ ᠤᠳᠠᠭ᠋ᠠᠨ᠎ᠤ ᠤᠬᠠᠭᠤᠯᠭ᠎ᠠ᠎ᠳᠤ ᠭᠤᠣᠯᠳᠠᠭᠤ ᠪᠡᠯᠴᠢᠭᠡᠷᠯᠡᠭᠦᠯᠬᠦ ᠵᠢ ᠴᠠᠭ᠋ᠠᠵᠠᠯᠠᠬᠤ ᠤᠬᠠᠭᠤᠯᠭ᠎ᠠ ᠵᠢᠨ ᠳᠡᠪᠲᠡᠷ᠂ ᠤᠬᠠᠭᠤᠯᠭ᠎ᠠ ᠵᠢᠨ ᠬᠠᠭᠤᠳᠠᠰᠤ ᠲᠠᠷᠬᠠᠭ᠋ᠠᠬᠤ ᠪᠠ ᠨᠡᠭᠦᠳᠡᠯ ᠲᠡᠷᠭᠡ ᠬᠥᠰᠬᠡ᠎ᠳᠤ ᠤᠬᠠᠭᠤᠯᠭ᠎ᠠ ᠵᠢᠨ ᠲᠠᠭᠤᠨ ᠳᠠᠪᠲᠠᠮᠵᠢ ᠨᠡᠪᠲᠡᠷᠡᠭᠦᠯᠬᠦ ᠵᠡᠷᠭᠡ ᠬᠡᠯᠪᠡᠷᠢ᠎ᠪᠠᠷ ᠶᠠᠪᠤᠭᠳᠠᠭᠤᠯᠵᠤ᠂ ᠭᠤᠣᠯᠳᠠᠯᠭ᠎ᠠ᠎ᠲᠠᠢ ᠣᠷᠣᠨ ᠪᠦᠰᠡ᠂ ᠭᠤᠣᠯᠳᠠᠯᠭ᠎ᠠ᠎ᠲᠠᠢ ᠲᠣᠰᠬᠤᠨ ᠪᠠ ᠭᠤᠣᠯᠳᠠᠯᠭ᠎ᠠ᠎ᠲᠠᠢ ᠲᠡᠵᠢᠭᠡᠨ ᠦᠷᠡᠵᠢᠭᠦᠯᠬᠦ ᠡᠷᠦᠬᠡ ᠵᠢ ᠭᠦᠨᠵᠡᠭᠡᠢ ᠰᠤᠷᠪᠤᠯᠵᠢᠯᠠᠬᠤ ᠪᠠ ᠡᠷᠦᠬᠡ᠎ᠳᠤ ᠬᠦᠷᠴᠦ ᠤᠬᠠᠭᠤᠯᠤᠨ ᠮᠡᠳᠡᠭᠳᠡᠨ᠎ᠡ᠃ ᠠᠵᠢᠯᠲᠠᠨ᠎ᠤ ᠨᠠᠷᠢᠨ ᠲᠠᠶ᠋ᠢᠯᠪᠤᠷᠢᠯᠠᠯᠲᠠ᠎ᠪᠠᠷ ᠳᠡᠮᠵᠢᠨ᠂ ᠲᠡᠵᠢᠭᠡᠨ ᠦᠷᠡᠵᠢᠭᠦᠯᠬᠦ ᠡᠷᠦᠬᠡ᠎ᠨᠢ ᠪᠡᠯᠴᠢᠭᠡᠷᠯᠡᠭᠦᠯᠬᠦ ᠵᠢ ᠴᠠᠭ᠋ᠠᠵᠠᠯᠠᠬᠤ ᠲᠥᠷᠥ ᠵᠢᠨ ᠪᠣᠳᠣᠯᠭ᠎ᠠ ᠵᠢ ᠤᠯᠠᠮ ᠨᠢᠭᠡ ᠠᠯᠬᠤᠮ ᠣᠶ᠋ᠢᠯᠠᠭ᠋ᠠᠭᠰᠠᠨ ᠪᠥᠭᠡᠳ ᠪᠡᠯᠴᠢᠭᠡᠷᠯᠡᠭᠦᠯᠬᠦ ᠵᠢ ᠴᠠᠭ᠋ᠠᠵᠠᠯᠠᠬᠤ ᠠᠵᠢᠯ᠎ᠤᠨ ᠠᠮᠢ ᠠᠬᠤᠢ ᠵᠢᠨ ᠣᠷᠴᠢᠨ ᠲᠣᠭᠤᠷᠢᠨ᠎ᠢ ᠬᠠᠮᠠᠭ᠋ᠠᠯᠠᠬᠤ᠎ᠳᠤ ᠦᠵᠡᠭᠦᠯᠬᠦ ᠴᠢᠬᠤᠯᠠ ᠴᠢᠨᠠᠷ᠎ᠢ ᠴᠤ᠌ ᠲᠠᠨᠢᠵᠤ ᠣᠯᠣᠭᠰᠠᠨ ᠪᠠᠶ᠋ᠢᠨ᠎ᠠ᠃ ᠣᠶ᠋ᠢᠯᠠᠭ᠋ᠠᠭᠰᠠᠨ ᠵᠶ᠋ᠠᠷ᠂ 3 ᠰᠠᠷ᠎ᠠ ᠵᠢᠨ 9᠎ᠤ ᠡᠳᠦᠷ᠎ᠠᠴᠠ ᠡᠬᠢᠯᠡᠨ᠂ ᠬᠤᠰᠢᠭᠤᠨ ᠣᠶ ᠰᠢᠭᠤᠢ ᠵᠢᠨ ᠳᠠᠷᠤᠭ᠎ᠠ ᠵᠢᠨ ᠠᠯᠪᠠᠨ ᠭᠡᠷ (ᠬᠤᠰᠢᠭᠤᠨ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ) ᠠᠭᠤᠯᠠ ᠳᠠᠭ᠋ᠠᠤ ᠵᠢᠨ ᠰᠢᠶᠠᠩ ᠪᠠᠯᠭ᠋ᠠᠰᠤᠨ᠎ᠤ ᠡᠯ᠎ᠡ ᠲᠣᠰᠬᠤᠨ᠎ᠳᠤ ᠬᠠᠷᠢᠶ᠎ᠠ ᠭᠠᠵᠠᠷ᠎ᠤᠨ ᠰᠢᠶᠠᠩ ᠪᠠᠯᠭ᠋ᠠᠰᠤᠨ᠎ᠤ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠣᠪᠴᠢᠶ᠎ᠠ᠎ᠲᠠᠢ ᠬᠤᠯᠪᠤᠭ᠋ᠠᠯᠠᠨ᠂ ᠨᠢᠭᠡ ᠭᠠᠷᠠᠭ᠎ᠤᠨ ᠬᠤᠭᠤᠴᠠᠭ᠎ᠠ᠎ᠲᠠᠢ ᠪᠡᠯᠴᠢᠭᠡᠷᠯᠡᠭᠦᠯᠬᠦ ᠵᠢ ᠴᠠᠭ᠋ᠠᠵᠠᠯᠠᠬᠤ ᠲᠥᠪᠯᠡᠷᠡᠩᠭᠦᠢ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠦᠨ᠎ᠡ᠃