2023 ᠣᠨᠤ 11 ᠰᠠᠷᠠᠳᠤ᠂ ᠤᠯᠤᠰᠤᠨ ᠣᠶ ᠰᠢᠭᠤᠶ ᠪᠠ ᠨᠤᠲᠤᠭ ᠪᠡᠯᠴᠢᠭᠡᠷᠤᠨ ᠲᠣᠪᠴᠢᠶᠠᠠᠴᠠ ᠮᠠᠨᠤ ᠣᠷᠣᠨᠤ ᠬᠢᠩᠭ᠋ᠠᠨ ᠠᠶ᠋ᠢᠮᠠᠭᠤᠨ ᠡᠦ ᠴᠠ ᠭ᠋ᠸᠦ ᠣᠶ ᠰᠢᠭᠤᠶ ᠵᠢᠨ ᠲᠣᠪᠴᠢᠶ᠎ᠠ ᠵᠢ ᠪᠦᠬᠦ ᠤᠯᠤᠰᠤᠨ 18 ᠳ᠋ᠤᠭ᠋ᠠᠷ 《ᠣᠯᠠᠨ ᠤᠯᠤᠰᠤᠨ ᠬᠣᠯᠪᠣᠭ᠋ᠠᠲᠤ ᠪᠠᠶ᠋ᠢᠭᠤᠯᠭ᠎ᠠ ᠵᠢᠨ ᠣᠶ ᠰᠢᠭᠤᠶ ᠵᠢᠨ ᠠᠯᠪᠠᠨ ᠪᠢᠴᠢᠭ》ᠢ ᠬᠦᠢ᠍ᠴᠡᠳᠬᠡᠭᠰᠡᠨ ᠵᠢᠱ᠌ᠢᠶ᠎ᠡ ᠦᠵᠡᠭᠦᠯᠬᠦ ᠨᠢᠭᠡᠴᠡ ᠪᠣᠯᠭ᠋ᠠᠬᠤ ᠵᠢ ᠴᠤᠬᠤᠯᠠᠪᠤᠷᠢᠯᠠᠨ ᠵᠥᠪᠰᠢᠶᠡᠷᠡᠪᠡ᠃ 《ᠣᠯᠠᠨ ᠤᠯᠤᠰᠤᠨ ᠬᠣᠯᠪᠣᠭ᠋ᠠᠲᠤ ᠪᠠᠶ᠋ᠢᠭᠤᠯᠭ᠎ᠠ ᠵᠢᠨ ᠣᠶ ᠰᠢᠭᠤᠶ ᠵᠢᠨ ᠠᠯᠪᠠᠨ ᠪᠢᠴᠢᠭ》 ᠢ ᠭᠦᠢ᠍ᠴᠡᠳᠬᠡᠬᠦ ᠵᠢᠱ᠌ᠢᠶ᠎ᠡ ᠦᠵᠡᠭᠦᠯᠬᠦ ᠨᠢᠭᠡᠴᠢ ᠵᠢᠨ ᠪᠥᠲᠥᠭᠡᠨ ᠪᠠᠶ᠋ᠢᠭᠤᠯᠤᠯᠲᠠ ᠵᠢ ᠤᠯᠠᠮ ᠨᠢᠭᠡ ᠠᠯᠬᠤᠮ ᠠᠬᠢᠭᠤᠯᠬᠤ ᠵᠢᠨ ᠲᠥᠯᠥᠭᠡ᠂ 《ᠤᠯᠤᠰᠤᠨ ᠣᠶ ᠰᠢᠭᠤᠶ ᠪᠠ ᠨᠤᠲᠤᠭ ᠪᠡᠯᠴᠢᠭᠡᠷᠤᠨ ᠲᠣᠪᠴᠢᠶ᠎ᠠ ᠵᠢᠨ 〈ᠣᠯᠠᠨ ᠤᠯᠤᠰᠤᠨ ᠬᠣᠯᠪᠣᠭ᠋ᠠᠲᠤ ᠪᠠᠶ᠋ᠢᠭᠤᠯᠭ᠎ᠠ ᠵᠢᠨ ᠣᠶ ᠰᠢᠭᠤᠶ ᠵᠢᠨ ᠠᠯᠪᠠᠨ ᠪᠢᠴᠢᠭ〉ᠢ ᠭᠦᠢ᠍ᠴᠡᠳᠬᠡᠬᠦ ᠵᠢᠱ᠌ᠢᠶ᠎ᠡ ᠦᠵᠡᠭᠦᠯᠬᠦ ᠨᠢᠭᠡᠴᠢ ᠵᠢᠨ ᠲᠥᠷᠥᠯ ᠵᠦᠢ᠍ᠯᠤᠨ ᠪᠠᠯᠠ ᠮᠥᠩᠭᠥ ᠵᠢᠨ ᠬᠠᠮᠢᠶᠠᠷᠤᠯᠲᠠ ᠵᠢᠨ ᠠᠷᠭ᠎ᠠ》 ᠵᠢ ᠦᠨᠳᠦᠰᠦᠯᠡᠨ᠂ ᠮᠠᠨᠤ ᠲᠣᠪᠴᠢᠶ᠎ᠠ ᠦ᠋ ᠴᠠ ᠭ᠋ᠸᠤ ᠣᠶ ᠰᠢᠭᠤᠶ ᠵᠢᠨ ᠲᠣᠪᠴᠢᠶ᠎ᠠ ᠵᠢ ᠵᠣᠬᠢᠶᠠᠨ ᠪᠠᠶ᠋ᠢᠭᠤᠯᠵᠤ᠂ 《ᠣᠯᠠᠨ ᠤᠯᠤᠰᠤᠨ ᠬᠣᠯᠪᠣᠭ᠋ᠠᠲᠤ ᠪᠠᠶ᠋ᠢᠭᠤᠯᠭ᠎ᠠ ᠵᠢᠨ ᠣᠶ ᠰᠢᠭᠤᠶ ᠵᠢᠨ ᠠᠯᠪᠠᠨ ᠪᠢᠴᠢᠭ》ᠢ ᠬᠦᠢ᠍ᠴᠡᠳᠬᠡᠬᠦ ᠵᠢᠱ᠌ᠢᠶ᠎ᠡ ᠦᠵᠡᠭᠦᠯᠬᠦ ᠨᠢᠭᠡᠴᠢ ᠵᠢᠨ ᠪᠥᠲᠥᠭᠡᠨ ᠪᠠᠶ᠋ᠢᠭᠤᠯᠤᠯᠲᠠ ᠵᠢᠨ ᠲᠥᠰᠦᠯᠢ ᠨᠠᠶ᠋ᠢᠷᠠᠭᠤᠯᠤᠨ ᠵᠣᠬᠢᠶᠠᠬᠤᠪᠠᠷ ᠭᠤᠤᠯ ᠠᠭᠤᠯᠭ᠎ᠠ ᠪᠣᠯᠭ᠋ᠠᠭᠰᠠᠨ 2024 ᠣᠨᠤ ᠵᠢᠱ᠌ᠢᠶ᠎ᠡ ᠦᠵᠡᠭᠦᠯᠬᠦ ᠨᠢᠭᠡᠴᠢ ᠵᠢᠨ ᠲᠥᠷᠥᠯ ᠵᠦᠢ᠍ᠯᠢ ᠭᠤᠶᠤᠴᠢᠯᠠᠨ ᠮᠡᠳᠡᠭᠦᠯᠵᠦ᠂ ᠦ᠋ ᠴᠠ ᠭ᠋ᠸᠤ ᠵᠢᠨ ᠣᠶ ᠰᠢᠭᠤᠶ ᠵᠢᠨ ᠲᠣᠪᠴᠢᠶ᠎ᠠ ᠵᠢᠨ ᠡᠵᠡᠩᠨᠡᠯᠲᠡ ᠬᠠᠮᠢᠶᠠᠷᠤᠯᠲᠠ ᠵᠢᠨ ᠬᠢᠷᠢ ᠲᠦᠪᠰᠢᠨᠢ ᠳᠡᠭᠡᠭᠰᠢᠯᠡᠭᠦᠯᠵᠦ᠂ ᠵᠦᠪᠳᠡᠯᠡᠯᠴᠡᠭᠡᠷ ᠭᠦᠢ᠍ᠴᠡᠳᠬᠡᠬᠦ ᠵᠢᠱ᠌ᠢᠶ᠎ᠡ ᠦᠵᠡᠭᠦᠯᠬᠦ ᠪᠥᠲᠥᠭᠡᠨ ᠪᠠᠶ᠋ᠢᠭᠤᠯᠤᠯᠲᠠ ᠵᠢ ᠥᠷᠨᠢᠭᠦᠯᠬᠦ ᠵᠢ ᠳᠥᠯᠭᠢᠨ ᠠᠬᠢᠭᠤᠯᠬᠤᠪᠠᠷ ᠵᠣᠷᠢᠯᠭ᠎ᠠ ᠪᠤᠯᠭ᠋ᠠᠭᠰᠠᠨ ᠪᠠᠢ᠌ᠨ᠎ᠠ᠃