ᠥᠨᠥ ᠵᠢᠯ᠂ ᠪᠠᠶᠠᠨᠨᠠᠭᠤᠷ ᠬᠤᠲᠠ 22.48 ᠲᠦᠮᠡᠨ ᠮᠦ᠍ ᠡᠯᠡᠰᠦᠵᠢᠭᠰᠡᠨ ᠭᠠᠵᠠᠷ ᠰᠢᠷᠣᠢ ᠵᠢ ᠶᠡᠷᠦᠩᠬᠡᠶ᠋ᠢᠯᠡᠨ ᠵᠠᠰᠠᠬᠤ ᠵᠢ ᠪᠡᠶᠡᠯᠡᠭᠦᠯᠬᠦ᠎ᠪᠠᠷ ᠲᠥᠯᠥᠪᠯᠡᠵᠦ ᠪᠣᠶ᠂ ᠡᠭᠦᠨ᠎ᠳᠤ᠂ 11.2 ᠲᠦᠮᠡᠨ ᠮᠦ᠍ ᠵᠢ ᠰᠠᠯᠬᠢᠨ ᠬᠦᠴᠦᠨ᠎ᠤ ᠴᠠᠬᠢᠯᠭ᠋ᠠᠨ ᠵᠶ᠋ᠠᠷ᠂ 11.28 ᠲᠦᠮᠡᠨ ᠮᠦ᠍ ᠵᠢ ᠭᠡᠷᠡᠯᠴᠢ ᠴᠡᠨᠡᠭ ᠵᠶ᠋ᠠᠷ ᠵᠠᠰᠠᠨ᠎ᠠ᠃
ᠣᠶ᠋ᠢᠯᠠᠭ᠋ᠠᠭᠰᠠᠨ ᠵᠶ᠋ᠠᠷ᠂ ᠥᠪᠡᠷᠲᠡᠭᠡᠨ ᠵᠠᠰᠠᠬᠤ ᠣᠷᠣᠨ ᠪᠠᠶᠠᠨᠨᠠᠭᠤᠷ ᠬᠤᠲᠠ᠎ᠳᠤ 480 ᠲᠦᠮᠡᠨ ᠺᠢᠯᠣᠸᠠᠲ᠎ᠤᠨ ᠨᠢᠭᠡ ᠴᠣᠭᠴᠠᠵᠢᠭᠤᠯᠤᠭᠰᠠᠨ ᠢᠨᠵᠧᠨᠧᠷᠢᠩ᠎ᠤᠨ ᠡᠨᠧᠷᠭᠢ ᠵᠢᠨ ᠭᠦᠢ᠍ᠴᠡᠳᠬᠡᠯ ᠲᠤᠭ᠎ᠠ ᠬᠤᠪᠢᠶᠠᠷᠢᠯᠠᠨ ᠥᠭᠴᠡᠢ᠂ ᠡᠭᠦᠨ᠎ᠳᠤ᠂ 330 ᠲᠦᠮᠡᠨ ᠺᠢᠯᠣᠸᠠᠲ᠎ᠤᠨ ᠭᠡᠷᠡᠯᠴᠢ ᠴᠡᠨᠡᠭ᠂ 150 ᠲᠦᠮᠡᠨ ᠺᠢᠯᠣᠸᠠᠲ᠎ᠤᠨ ᠰᠠᠯᠬᠢᠨ ᠬᠦᠴᠦᠨ᠎ᠤ ᠴᠠᠬᠢᠯᠭ᠋ᠠᠨ ᠪᠣᠯᠤᠨ᠎ᠠ᠃ ᠭᠡᠷᠡᠯᠴᠢ ᠴᠡᠨᠡᠭ ᠬᠢᠭᠡᠳ ᠰᠠᠯᠬᠢᠨ ᠬᠦᠴᠦᠨ᠎ᠤ ᠴᠠᠬᠢᠯᠭ᠋ᠠᠨ᠎ᠤ ᠲᠦᠰᠦᠯ ᠵᠶ᠋ᠠᠷ ᠲᠣᠰ ᠪᠦᠷᠢ 1200 ᠮᠦ᠍ / ᠲᠦᠮᠡᠨ ᠺᠢᠯᠣᠸᠠᠲ ᠪᠠ 2000 ᠮᠦ᠍ / ᠲᠦᠮᠡᠨ ᠺᠢᠯᠣᠸᠠᠲ᠎ᠠᠴᠠ ᠳᠡᠭᠡᠭᠰᠢ ᠡᠯᠡᠰᠦᠵᠢᠭᠰᠡᠨ ᠭᠠᠵᠠᠷ ᠰᠢᠷᠣᠢ ᠵᠢ ᠵᠠᠰᠠᠬᠤ ᠱᠠᠭ᠋ᠠᠷᠳᠠᠯᠭ᠎ᠠ ᠶᠣᠰᠣᠭ᠋ᠠᠷ ᠪᠣᠯ ᠪᠠᠶᠠᠨᠨᠠᠭᠤᠷ ᠬᠤᠲᠠ ᠨᠡᠶ᠋ᠢᠲᠡ 69.6 ᠲᠦᠮᠡᠨ ᠮᠦ᠍ ᠡᠯᠡᠰᠦᠵᠢᠭᠰᠡᠨ ᠭᠠᠵᠠᠷ ᠰᠢᠷᠣᠢ ᠵᠢ ᠶᠡᠷᠦᠩᠬᠡᠶ᠋ᠢᠯᠡᠨ ᠵᠠᠰᠠᠬᠤ ᠵᠢ ᠪᠡᠶᠡᠯᠡᠭᠦᠯᠬᠦ ᠴᠢᠬᠤᠯᠠᠲᠠᠢ᠂ ᠡᠭᠦᠨ᠎ᠳᠤ 39.6 ᠲᠦᠮᠡᠨ ᠮᠦ᠍ ᠵᠢ ᠭᠡᠷᠡᠯᠴᠢ ᠴᠡᠨᠡᠭ ᠵᠶ᠋ᠠᠷ᠂ 30 ᠲᠦᠮᠡᠨ ᠮᠦ᠍ ᠵᠢ ᠰᠠᠯᠬᠢᠨ ᠬᠦᠴᠦᠨ᠎ᠤ ᠴᠠᠬᠢᠯᠭ᠋ᠠᠨ ᠵᠶ᠋ᠠᠷ ᠵᠠᠰᠠᠨ᠎ᠠ᠃ ᠥᠨᠥ ᠵᠢᠯ᠂ ᠪᠠᠶᠠᠨᠨᠠᠭᠤᠷ ᠬᠤᠲᠠ᠎ᠨᠢ 150 ᠲᠦᠮᠡᠨ ᠺᠢᠯᠣᠸᠠᠲ᠎ᠤᠨ ᠡᠨᠧᠷᠭᠢ ᠵᠢᠨ ᠭᠦᠢ᠍ᠴᠡᠳᠬᠡᠯ ᠲᠤᠭ᠎ᠠ (ᠡᠭᠦᠨ᠎ᠳᠤ᠂ 94 ᠲᠦᠮᠡᠨ ᠺᠢᠯᠣᠸᠠᠲ ᠭᠡᠷᠡᠯᠴᠢ ᠴᠡᠨᠡᠭ᠂ 56 ᠲᠦᠮᠡᠨ ᠺᠢᠯᠣᠸᠠᠲ ᠰᠠᠯᠬᠢᠨ ᠬᠦᠴᠦᠨ᠎ᠤ ᠴᠠᠬᠢᠯᠭ᠋ᠠᠨ) ᠵᠢ ᠪᠡᠶᠡᠯᠡᠭᠦᠯᠬᠦ ᠪᠠ 22.48 ᠲᠦᠮᠡᠨ ᠮᠦ᠍ ᠡᠯᠡᠰᠦᠵᠢᠭᠰᠡᠨ ᠭᠠᠵᠠᠷ ᠰᠢᠷᠣᠢ ᠵᠢ ᠶᠡᠷᠦᠩᠬᠡᠶ᠋ᠢᠯᠡᠨ ᠵᠠᠰᠠᠬᠤ (ᠡᠭᠦᠨ᠎ᠳᠤ᠂ 11.2 ᠲᠦᠮᠡᠨ ᠮᠦ᠍ ᠵᠢ ᠰᠠᠯᠬᠢᠨ ᠬᠦᠴᠦᠨ᠎ᠤ ᠴᠠᠬᠢᠯᠭ᠋ᠠᠨ ᠵᠶ᠋ᠠᠷ᠂ 11.28 ᠲᠦᠮᠡᠨ ᠮᠦ᠍ ᠵᠢ ᠭᠡᠷᠡᠯᠴᠢ ᠴᠡᠨᠡᠭ ᠵᠶ᠋ᠠᠷ ᠵᠠᠰᠠᠬᠤ) ᠵᠢ ᠪᠡᠶᠡᠯᠡᠭᠦᠯᠬᠦ᠎ᠪᠠᠷ ᠲᠥᠯᠥᠪᠯᠡᠵᠦ ᠪᠠᠶ᠋ᠢᠨ᠎ᠠ᠃ ᠪᠠᠶᠠᠨᠨᠠᠭᠤᠷ ᠬᠤᠲᠠ᠎ᠨᠢ ᠡᠯᠡᠰᠦᠵᠢᠬᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠪᠠ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢ ᠪᠥᠬᠦ ᠬᠦᠴᠦᠨ ᠵᠶ᠋ᠠᠷ ᠵᠶ᠋ᠠᠨ ᠠᠬᠢᠭᠤᠯᠤᠨ᠂ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠤᠨ ᠵᠠᠰᠠᠬᠤ ᠢᠨᠵᠧᠨᠧᠷᠢᠩ᠎ᠢ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠲᠠᠢ ᠤᠶᠠᠯᠳᠤᠭᠤᠯᠤᠨ᠂ ᠤᠯᠠᠭ᠋ᠠᠨᠪᠤᠬ᠎ᠠ ᠵᠢᠨ ᠡᠯᠡᠰᠦ᠎ᠪᠠᠷ ᠭᠤᠣᠯ᠂ ᠰᠦᠵᠢ ᠵᠢᠨ ᠡᠯᠡᠰᠦ᠎ᠪᠠᠷ ᠳᠠᠭ᠋ᠠᠯᠲᠠ ᠪᠣᠯᠭ᠋ᠠᠨ ᠭᠡᠷᠡᠯᠴᠢ ᠴᠡᠨᠡᠭ᠎ᠤᠨ ᠣᠷᠣᠨ᠎ᠢ ᠪᠠᠶ᠋ᠢᠷᠢᠰᠢᠯᠠᠭᠤᠯᠵᠤ᠂ ᠤᠷᠠᠳ᠎ᠤᠨ ᠲᠠᠯ᠎ᠠ ᠨᠤᠲᠤᠭ ᠵᠶ᠋ᠠᠷ ᠭᠤᠣᠯ ᠪᠣᠯᠭ᠋ᠠᠨ ᠰᠠᠯᠬᠢᠨ ᠬᠦᠴᠦᠨ᠎ᠤ ᠴᠠᠬᠢᠯᠭ᠋ᠠᠨ᠎ᠤ ᠣᠷᠣᠨ᠎ᠢ ᠪᠠᠶ᠋ᠢᠷᠢᠰᠢᠯᠠᠭᠤᠯᠵᠤ᠂ ᠪᠠᠶᠠᠨ᠌ᠦ᠌ᠨᠳᠦᠷ ᠡᠯᠡᠰᠦ᠎ᠪᠠᠷ ᠭᠤᠣᠯ᠂ ᠪᠤᠰᠤᠳ ᠣᠷᠣᠨ ᠪᠦᠰᠡ ᠵᠢᠨ ᠬᠡᠰᠡᠭ ᠪᠤᠰᠠᠭ ᠡᠯᠡᠰᠦᠷᠬᠡᠭ ᠭᠠᠵᠠᠷ ᠵᠶ᠋ᠠᠷ ᠳᠠᠭ᠋ᠠᠯᠲᠠ ᠪᠣᠯᠭ᠋ᠠᠨ ᠠᠮᠢ ᠠᠬᠤᠢ ᠵᠢᠨ ᠵᠠᠰᠠᠯᠲᠠ ᠵᠢᠨ ᠣᠷᠣᠨ᠎ᠢ ᠪᠠᠶ᠋ᠢᠷᠢᠰᠢᠯᠠᠭᠤᠯᠬᠤᠪᠠᠷ ᠪᠠᠶ᠋ᠢᠨ᠎ᠠ᠃