3 ᠰᠠᠷ᠎ᠠ ᠵᠢᠨ 14᠎ᠤ ᠡᠳᠦᠷ᠂ ᠠᠷᠤ ᠬᠤᠷᠴᠢᠨ ᠬᠤᠰᠢᠭᠤ 2024 ᠣᠨ᠎ᠤ ᠪᠥᠬᠦ ᠬᠤᠰᠢᠭᠤᠨ᠎ᠤ ᠭᠠᠯ᠎ᠢ ᠰᠡᠷᠭᠡᠶ᠋ᠢᠯᠡᠨ ᠭᠠᠯ ᠤᠨᠲᠠᠷᠠᠭ᠋ᠠᠬᠤ ᠠᠮᠤᠷ ᠲᠦᠪᠰᠢᠨ ᠵᠢᠴᠢ ᠣᠢ ᠰᠢᠭᠤᠢ ᠨᠤᠲᠤᠭ ᠪᠡᠯᠴᠢᠭᠡᠷ᠎ᠤᠨ ᠭᠠᠯ ᠤᠨᠲᠠᠷᠠᠭ᠋ᠠᠬᠤ ᠠᠵᠢᠯ᠎ᠤᠨ ᠬᠤᠷᠠᠯ ᠬᠤᠷᠠᠯᠳᠤᠭᠤᠯᠵᠤ᠂ ᠬᠤᠰᠢᠭᠤᠨ ᠨᠠᠮ᠎ᠤᠨ ᠬᠤᠷᠢᠶᠠᠨ᠎ᠤ ᠪᠠᠶ᠋ᠢᠩᠭᠤ ᠵᠢᠨ ᠭᠡᠰᠢᠭᠦᠨ᠂ ᠬᠤᠰᠢᠭᠤᠨ ᠵᠠᠰᠠᠭ᠎ᠤᠨ ᠣᠷᠳᠣᠨ᠎ᠤ ᠪᠠᠶ᠋ᠢᠩᠭᠤ ᠵᠢᠨ ᠳᠡᠳ᠋ ᠳᠠᠷᠤᠭ᠎ᠠ ᠵᠢᠶᠠ ᡁᠢ ᠬᠤᠩ᠂ ᠬᠤᠰᠢᠭᠤᠨ ᠨᠠᠮ᠎ᠤᠨ ᠬᠤᠷᠢᠶᠠᠨ᠎ᠤ ᠪᠠᠶ᠋ᠢᠩᠭᠤ ᠵᠢᠨ ᠭᠡᠰᠢᠭᠦᠨ᠂ ᠬᠤᠰᠢᠭᠤᠨ ᠳᠡᠳ᠋ ᠳᠠᠷᠤᠭ᠎ᠠ ᠲᠡᠮᠦᠷ᠎ᠡ ᠬᠤᠷᠠᠯ᠎ᠳᠤ ᠣᠷᠣᠯᠴᠠᠪᠠ᠃ ᠬᠤᠷᠠᠯ ᠳᠡᠭᠡᠷ᠎ᠡ᠂ ᠭᠠᠯ᠎ᠢ ᠰᠡᠷᠭᠡᠶ᠋ᠢᠯᠡᠨ ᠭᠠᠯ ᠤᠨᠲᠠᠷᠠᠭ᠋ᠠᠬᠤ ᠠᠮᠤᠷ ᠲᠦᠪᠰᠢᠨ᠎ᠤ ᠰᠡᠷᠡᠮᠵᠢ ᠵᠢᠨ ᠹᠢᠯᠢᠮ᠎ᠢ ᠦᠵᠡᠵᠦ᠂ ᠱᠤᠸᠠᠩ ᠱᠧᠩ ᠪᠠᠯᠭ᠋ᠠᠰᠤ᠂ ᠬᠠᠨ ᠠᠭᠤᠯᠠ ᠵᠡᠭᠡᠯᠢ ᠭᠤᠲᠣᠮᠵᠢ ᠵᠢᠨ ᠬᠡᠷᠡᠭ ᠡᠷᠭᠢᠯᠡᠬᠦ ᠭᠠᠵᠠᠷ᠂ ᠣᠢ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠣᠪᠴᠢᠶ᠎ᠠ᠂ ᠣᠣ ᠶᠠ ᠮᠠᠯᠵᠢᠯ᠎ᠤᠨ ᠲᠠᠯᠠᠪᠠᠶ ᠵᠢᠨ ᠺᠤᠮᠫᠠᠨᠢ ᠲᠣᠰ ᠲᠣᠰ ᠲᠤᠷᠰᠢᠯᠭ᠎ᠠ ᠰᠣᠯᠢᠯᠴᠠᠬᠤ ᠶᠠᠷᠢᠶ᠎ᠠ ᠲᠠᠯᠪᠢᠨ᠂ ᠬᠤᠰᠢᠭᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠲᠣᠪᠴᠢᠶ᠎ᠠ᠎ᠠᠴᠠ ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠶᠤᠯᠭᠦᠢ ᠦᠢ᠍ᠯᠡᠳᠪᠦᠷᠢᠯᠡᠯ᠎ᠤᠨ ᠵᠥᠪᠯᠡᠯ᠎ᠤᠨ 《ᠭᠠᠯ᠎ᠢ ᠰᠡᠷᠭᠡᠶ᠋ᠢᠯᠡᠨ ᠭᠠᠯ ᠤᠨᠲᠠᠷᠠᠭ᠋ᠠᠬᠤ ᠠᠮᠤᠷ ᠲᠦᠪᠰᠢᠨ᠎ᠤ ᠠᠵᠢᠯ᠎ᠤᠨ ᠦᠨᠳᠦᠰᠦ᠎ᠠᠴᠠ᠎ᠨᠢ ᠵᠠᠰᠠᠬᠤ ᠭᠤᠷᠪᠠᠨ ᠵᠢᠯ᠎ᠤᠨ ᠠᠵᠢᠯᠯᠠᠭ᠎ᠠ ᠵᠢᠨ ᠲᠦᠰᠥᠯ (2024 ~ 2026 ᠣᠨ)》᠎ᠳᠤ ᠲᠡᠶ᠋ᠢᠯᠤᠮᠵᠢ ᠬᠢᠪᠡ᠃ ᠬᠤᠰᠢᠭᠤᠨ ᠭᠠᠯ᠎ᠢ ᠰᠡᠷᠭᠡᠶ᠋ᠢᠯᠡᠨ ᠭᠠᠯ ᠤᠨᠲᠠᠷᠠᠭ᠋ᠠᠬᠤ ᠠᠪᠤᠷᠠᠨ ᠲᠤᠰᠠᠯᠠᠬᠤ ᠶᠡᠭᠡ ᠠᠩᠭᠢ᠎ᠠᠴᠠ ᠣᠶ᠋ᠢᠷ᠎ᠠ ᠵᠢᠨ ᠬᠤᠭᠤᠴᠠᠭ᠋ᠠᠨ᠎ᠤ ᠪᠥᠬᠦ ᠤᠯᠤᠰ᠎ᠤᠨ ᠭᠠᠯ᠎ᠤᠨ ᠭᠠᠮᠰᠢᠭ᠎ᠤᠨ ᠠᠳᠠᠯ ᠵᠢᠴᠢ ᠪᠦᠬᠦ ᠬᠤᠰᠢᠭᠤᠨ᠎ᠤ ᠭᠠᠯ᠎ᠢ ᠰᠡᠷᠭᠡᠶ᠋ᠢᠯᠡᠨ ᠭᠠᠯ ᠤᠨᠲᠠᠷᠠᠭ᠋ᠠᠬᠤ ᠠᠮᠤᠷ ᠲᠦᠪᠰᠢᠨ᠎ᠤ ᠠᠵᠢᠯ᠎ᠤᠨ ᠭᠡᠮ ᠠᠷᠬᠠᠭ᠎ᠢ ᠲᠥᠪᠯᠡᠷᠡᠭᠦᠯᠦᠨ ᠠᠷᠢᠯᠭ᠋ᠠᠬᠤ ᠶᠡᠭᠡ ᠴᠡᠭᠴᠡᠯᠡᠯᠲᠡ ᠵᠢᠨ ᠠᠵᠢᠯᠯᠠᠭ᠎ᠠ ᠦᠷᠨᠢᠭᠦᠯᠦᠭᠰᠡᠨ ᠪᠠᠶ᠋ᠢᠳᠠᠯ᠎ᠢ ᠮᠡᠳᠡᠭᠳᠡᠵᠦ᠂ ᠬᠠᠮᠢᠶ᠎ᠠ ᠪᠦᠬᠦᠢ ᠭᠤᠣᠯᠳᠠᠯᠭ᠎ᠠ᠎ᠲᠠᠢ ᠠᠵᠢᠯ᠎ᠳᠤ ᠪᠠᠶ᠋ᠢᠷᠢᠯᠠᠭᠤᠯᠤᠯᠲᠠ ᠬᠢᠪᠡ᠃ ᠲᠡᠮᠦᠷ᠎ᠡ ᠥᠪᠡᠷᠲᠡᠭᠡᠨ ᠵᠠᠰᠠᠬᠤ ᠣᠷᠣᠨ᠂ ᠤᠯᠠᠭ᠋ᠠᠬᠠᠲᠠ ᠬᠤᠲᠠ ᠵᠢᠨ ᠣᠢ ᠰᠢᠭᠤᠢ ᠨᠤᠲᠤᠭ ᠪᠡᠯᠴᠢᠭᠡᠷ᠎ᠤᠨ ᠭᠠᠯ᠎ᠢ ᠰᠡᠷᠭᠡᠶ᠋ᠢᠯᠡᠨ ᠤᠨᠲᠠᠷᠠᠭ᠋ᠠᠬᠤ ᠬᠤᠷᠠᠯ᠎ᠤᠨ ᠵᠣᠷᠢᠭ ᠰᠠᠨᠠᠭ᠎ᠠ ᠵᠢ ᠣᠯᠠᠮᠵᠢᠯᠠᠵᠤ᠂ ᠪᠦᠬᠦ ᠬᠤᠰᠢᠭᠤᠨ᠎ᠤ ᠣᠢ ᠰᠢᠭᠤᠢ ᠨᠤᠲᠤᠭ ᠪᠡᠯᠴᠢᠭᠡᠷ᠎ᠤᠨ ᠭᠠᠯ᠎ᠢ ᠰᠡᠷᠭᠡᠶ᠋ᠢᠯᠡᠨ ᠤᠨᠲᠠᠷᠠᠭ᠋ᠠᠬᠤ ᠠᠵᠢᠯ᠎ᠢ ᠪᠠᠶ᠋ᠢᠷᠢᠯᠠᠭᠤᠯᠵᠠᠢ᠃

ᠡᠨᠡ ᠵᠢᠯ ᠭᠠᠯ᠎ᠢ ᠰᠡᠷᠭᠡᠢ᠌ᠯᠡᠨ ᠭᠠᠯ ᠤᠨᠲᠠᠷᠠᠭ᠋ᠠᠬᠤ ᠠᠮᠤᠷ ᠲᠦᠪᠰᠢᠨ᠎ᠤ ᠠᠵᠢᠯ᠎ᠢ ᠭᠣᠣᠯᠳᠠᠯᠭ᠎ᠠ᠎ᠲᠠᠢ ᠰᠠᠢ᠌ᠲᠤᠷ ᠠᠳᠬᠤᠬᠤ ᠲᠤᠬᠠᠢ ᠵᠢᠶᠠ ᡁᠢ ᠬᠣᠩ ᠴᠢᠬᠤᠯᠠᠴᠢᠯᠠᠭᠰᠠᠨ᠎ᠨᠢ᠂ ᠠᠮᠵᠢᠯᠲᠠ᠎ᠪᠠᠨ ᠨᠤᠲᠠᠯᠠᠵᠤ ᠢᠲᠡᠭᠡᠯ ᠵᠣᠷᠢᠭ ᠵᠶ᠋ᠠᠨ ᠪᠠᠳᠤᠳᠬᠠᠵᠤ᠂ ᠪᠠᠢ᠌ᠳᠠᠯ᠎ᠢ ᠲᠣᠳᠣᠷᠬᠠᠢ ᠲᠠᠨᠢᠵᠤ ᠰᠣᠨᠤᠷ ᠰᠡᠷᠡᠮᠵᠢ᠎ᠲᠠᠢ ᠪᠠᠢ᠌ᠵᠤ᠂ ᠦᠵᠡᠯ ᠰᠠᠨᠠᠭ᠋ᠠᠨ ᠳᠡᠭᠡᠷ᠎ᠡ᠎ᠪᠠᠨ ᠴᠠᠯᠠᠭ᠋ᠠᠢ᠌ᠷᠠᠬᠤ ᠦᠭᠡᠢ ᠪᠠᠢ᠌ᠵᠤ᠂ ᠡᠯ᠎ᠡ ᠱᠠᠲᠤᠨ᠎ᠤ ᠴᠢᠬᠤᠯᠠᠴᠢᠯᠠᠬᠤ ᠬᠡᠮᠵᠢᠶ᠎ᠡ᠂ ᠭᠠᠯ᠎ᠤᠨ ᠭᠠᠮᠰᠢᠭ᠎ᠢ ᠰᠡᠷᠭᠡᠢ᠌ᠯᠡᠨ ᠡᠵᠡᠮᠳᠡᠬᠦ ᠲᠦᠪᠰᠢᠨ᠂ ᠭᠠᠯ ᠤᠨᠲᠠᠷᠠᠭ᠋ᠠᠵᠤ ᠠᠪᠤᠷᠠᠨ ᠲᠤᠰᠠᠯᠠᠬᠤ ᠴᠢᠳᠠᠪᠤᠷᠢ ᠵᠢ ᠴᠢᠨᠠᠭᠰᠢᠳᠠ ᠳᠡᠭᠡᠭᠰᠢᠯᠡᠭᠦᠯᠵᠦ᠂ ᠣᠳᠣᠬᠠᠨ᠎ᠤ ᠭᠠᠯ᠎ᠤᠨ ᠭᠠᠮᠰᠢᠭ᠎ᠢ ᠰᠡᠷᠭᠡᠢ᠌ᠯᠡᠨ ᠡᠵᠡᠮᠳᠡᠬᠦ ᠡᠯ᠎ᠡ ᠵᠦᠢ᠍ᠯ᠎ᠤᠨ ᠠᠵᠢᠯ᠎ᠢ ᠦᠨᠡᠬᠦ ᠰᠠᠢ᠌ᠲᠤᠷ ᠬᠢᠬᠦ ᠬᠡᠷᠡᠭᠲᠡᠢ᠃ ᠠᠮᠤᠷ ᠲᠦᠪᠰᠢᠨ᠎ᠤ ᠳᠡᠯᠳᠠ ᠬᠡᠮ᠎ᠢ ᠪᠠᠢ᠌ᠴᠠᠭ᠋ᠠᠨ ᠢᠯᠡᠷᠡᠭᠦᠯᠵᠦ᠂ ᠴᠡᠭᠴᠡᠯᠡᠨ ᠰᠠᠢ᠌ᠵᠢᠷᠷᠠᠭᠤᠯᠬᠤ ᠵᠢ ᠴᠢᠩᠭ᠋ᠠᠳᠬᠠᠨ ᠵᠢᠷᠤᠮᠵᠢᠭᠤᠯᠬᠤ ᠵᠢ ᠠᠬᠢᠭᠤᠯᠵᠤ᠂ ᠠᠷᠭ᠎ᠠ ᠬᠡᠮᠵᠢᠶ᠎ᠡ ᠵᠢ ᠪᠤᠳᠠᠲᠠᠢ᠌ᠵᠢᠭᠤᠯᠵᠤ᠂ ᠭᠠᠯ᠎ᠢ ᠰᠡᠷᠭᠡᠢ᠌ᠯᠡᠨ ᠭᠠᠯ ᠤᠨᠲᠠᠷᠠᠭ᠋ᠠᠬᠤ ᠠᠵᠢᠯ᠎ᠢ ᠦᠨᠡᠨ ᠬᠦ᠌ ᠪᠤᠳᠠᠲᠠᠢ᠎ᠪᠠᠷ ᠪᠠᠢ᠌ᠴᠠᠭ᠋ᠠᠨ ᠨᠠᠢ᠌ᠳᠠᠪᠤᠷᠢᠵᠢᠭᠤᠯᠵᠤ᠂ ᠪᠥᠬᠥ ᠬᠣᠰᠢᠭᠤᠨ᠎ᠤ ᠭᠠᠯ᠎ᠢ ᠰᠡᠷᠭᠡᠢ᠌ᠯᠡᠨ ᠭᠠᠯ ᠤᠨᠲᠠᠷᠠᠭ᠋ᠠᠬᠤ ᠠᠮᠤᠷ ᠲᠦᠪᠰᠢᠨ᠎ᠤ ᠪᠠᠢ᠌ᠳᠠᠯ᠎ᠢ ᠦᠷᠭᠦᠯᠵᠢᠯᠡᠨ ᠰᠠᠢ᠌ᠵᠢᠷᠠᠭᠤᠯᠬᠤ ᠵᠢ ᠳᠦᠯᠬᠢᠨ ᠠᠬᠢᠭᠤᠯᠬᠤ ᠬᠡᠷᠡᠭᠲᠡᠢ᠃ ᠣᠷᠣᠭᠤᠯᠤᠯᠲᠠ᠎ᠪᠠᠨ ᠨᠡᠮᠡᠭᠳᠡᠭᠦᠯᠦᠨ ᠰᠠᠭᠤᠷᠢ ᠵᠢ ᠪᠠᠲᠤᠳᠬᠠᠵᠤ᠂ ᠦᠨᠳᠦᠰᠦᠨ ᠱᠠᠲᠤᠨ᠎ᠤ ᠭᠠᠯ᠎ᠢ ᠰᠡᠷᠭᠡᠢ᠌ᠯᠡᠨ ᠭᠠᠯ ᠤᠨᠲᠠᠷᠠᠭ᠋ᠠᠬᠤ ᠠᠵᠢᠯ᠎ᠤᠨ ᠬᠦᠴᠦᠨ᠎ᠤ ᠪᠠᠢ᠌ᠭᠤᠯᠤᠯᠲᠠ ᠵᠢ ᠪᠡᠬᠢᠵᠢᠭᠦᠯᠵᠦ᠂ ᠰᠢᠰᠲᠸᠮ᠎ᠤᠨ ᠪᠠᠢ᠌ᠭᠤᠯᠤᠯᠲᠠ ᠵᠢ ᠴᠢᠩᠭ᠋ᠠᠳᠬᠠᠨ᠂ ᠲᠣᠣᠷᠵᠢᠯ᠎ᠤᠨ ᠪᠠᠢ᠌ᠭᠤᠯᠤᠯᠲᠠ ᠵᠢ ᠲᠡᠭᠦᠯᠳᠡᠷᠵᠢᠭᠦᠯᠵᠦ᠂ ᠭᠠᠯ᠎ᠢ ᠰᠡᠷᠭᠡᠢ᠌ᠯᠡᠨ ᠭᠠᠯ ᠤᠨᠲᠠᠷᠠᠭ᠋ᠠᠬᠤ ᠠᠮᠤᠷ ᠲᠦᠪᠰᠢᠨ᠎ᠤ ᠬᠢᠨᠠᠯᠲᠡ ᠬᠠᠮᠢᠶᠠᠷᠤᠯᠲᠠ ᠵᠢ ᠪᠥᠬᠥ ᠲᠠᠯ᠎ᠠ᠎ᠪᠠᠷ ᠪᠦᠷᠬᠦᠭᠦᠯᠬᠦ ᠵᠢ ᠪᠡᠶᠡᠯᠡᠭᠦᠯᠬᠦ ᠬᠡᠷᠡᠭᠲᠡᠢ᠃ ᠠᠵᠢᠯ᠎ᠤᠨ ᠪᠠᠢ᠌ᠷᠢ᠎ᠳᠠᠭᠠᠨ ᠰᠠᠭᠤᠷᠢᠯᠠᠨ ᠡᠭᠦᠷᠭᠡ ᠬᠠᠷᠢᠭᠤᠴᠠᠯᠭ᠎ᠠ᠎ᠪᠠᠨ ᠡᠭᠦᠷᠭᠡᠯᠡᠵᠦ᠂ ᠬᠠᠷᠢᠶᠠᠲᠤ ᠣᠷᠣᠨ᠎ᠤ ᠬᠠᠷᠢᠭᠤᠴᠠᠯᠭ᠎ᠠ᠂ ᠬᠢᠨᠠᠨ ᠬᠠᠮᠢᠶᠠᠷᠤᠯᠲᠠ ᠵᠢᠨ ᠬᠠᠷᠢᠭᠤᠴᠠᠯᠭ᠎ᠠ᠂ ᠭᠣᠣᠯ ᠴᠤᠭᠴᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠤᠨ᠂ ᠪᠥᠬᠥ ᠬᠣᠰᠢᠭᠤᠨ᠎ᠤ ᠭᠠᠯ᠎ᠢ ᠰᠡᠷᠭᠡᠢ᠌ᠯᠡᠨ ᠭᠠᠯ ᠤᠨᠲᠠᠷᠠᠭ᠋ᠠᠬᠤ ᠠᠮᠤᠷ ᠲᠦᠪᠰᠢᠨ᠎ᠤ ᠣᠷᠴᠢᠨ᠎ᠢ ᠬᠠᠮᠤᠭ᠎ᠤᠨ ᠶᠡᠬᠡ ᠬᠡᠮᠵᠢᠶ᠎ᠡ᠎ᠪᠠᠷ ᠪᠤᠢ ᠪᠣᠯᠭ᠋ᠠᠵᠤ᠂ ᠠᠷᠠᠳ ᠣᠯᠠᠨ᠎ᠤ ᠠᠮᠢ ᠨᠠᠰᠤ ᠡᠳ᠋ ᠬᠦᠷᠦᠩᠭᠡ ᠵᠢᠨ ᠠᠮᠤᠷ ᠲᠦᠪᠰᠢᠨ᠎ᠢ ᠦᠨᠡᠨᠬᠦ ᠪᠠᠳᠤᠯᠠᠬᠤ ᠬᠡᠷᠡᠭᠲᠡᠢ ᠭᠡᠵᠡᠢ᠃

ᠬᠣᠰᠢᠭᠤᠨ ᠭᠠᠯ᠎ᠤᠨ ᠰᠡᠷᠭᠡᠢ᠌ᠯᠡᠯᠲᠡ ᠵᠢᠨ ᠠᠮᠷ ᠲᠦᠪᠰᠢᠨ ᠵᠥᠪᠯᠡᠯ᠎ᠤᠨ ᠪᠦᠷᠢᠯᠳᠦᠭᠦᠨ ᠨᠢᠭᠡᠴᠢ᠂ ᠬᠣᠰᠢᠭᠤᠨ ᠣᠢ ᠰᠢᠭᠤᠢ ᠨᠤᠲᠤᠭ ᠪᠡᠯᠴᠢᠭᠡᠷ᠎ᠤᠨ ᠭᠠᠯ᠎ᠢ ᠰᠡᠷᠭᠡᠢ᠌ᠯᠡᠨ ᠤᠨᠲᠠᠷᠠᠭ᠋ᠠᠬᠤ ᠵᠢᠯᠣᠭᠣᠳᠬᠤ ᠭᠠᠵᠠᠷ᠎ᠤᠨ ᠪᠦᠷᠢᠯᠳᠦᠭᠦᠨ ᠨᠢᠭᠡᠴᠢ᠂ ᠡᠯ᠎ᠡ ᠰᠤᠮᠤ ᠰᠢᠶᠠᠩ ᠪᠠᠯᠭ᠋ᠠᠰᠤ ᠵᠡᠭᠡᠯᠢ ᠭᠣᠲᠣᠮᠵᠢ ᠵᠢᠨ ᠭᠣᠣᠯ ᠬᠠᠷᠢᠭᠤᠴᠠᠯᠭ᠋ᠠᠲᠠᠨ᠂ ᠡᠯ᠎ᠡ ᠤᠯᠤᠰ᠎ᠤᠨ ᠥᠮᠴᠢᠯᠡᠯᠲᠦ ᠣᠢ ᠰᠢᠭᠤᠢ ᠵᠢᠨ ᠲᠠᠯᠠᠪᠠᠢ᠂ ᠭᠠᠯ᠎ᠢ ᠰᠡᠷᠭᠡᠢ᠌ᠯᠡᠨ ᠭᠠᠯ ᠤᠨᠲᠠᠷᠠᠭ᠋ᠠᠬᠤ ᠠᠮᠤᠷ ᠲᠦᠪᠰᠢᠨ᠎ᠤ ᠭᠣᠣᠯᠳᠠᠯᠭ᠎ᠠ᠎ᠲᠠᠢ ᠨᠢᠭᠡᠴᠢ ᠵᠢᠨ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠵᠠᠢ᠃ (ᠳ᠋ᠦᠩ ᠶᠤᠤ ᠶᠤᠤ)