ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
ᠦᠵᠦᠮᠦᠴᠢᠨ᠎ᠤ ᠲᠠᠯ᠎ᠠ ᠵᠢᠨ 《ᠦᠷᠭᠦᠯᠵᠢ ᠢᠷᠡᠳᠡᠭ ᠵᠣᠴᠢᠳ》
ᠨᠡᠶ᠋ᠢᠲᠡᠯᠡᠭᠰᠡᠨ ᠴᠠᠭ᠄ 2024-03-04

1.jpg

ᠲᠠᠯ᠎ᠠ ᠵᠢᠨ ᠪᠦᠷᠭᠦᠳ


2.jpg   

ᠣᠢ ᠳᠣᠲᠣᠷ᠎ᠠ ᠬᠡᠰᠦᠵᠦ ᠪᠠᠶ᠋ᠢᠭ᠎ᠠ ᠲᠣᠷᠤᠭ


3.jpg

ᠬᠥᠭᠡᠷᠦᠬᠦᠨ ᠭᠤᠷ᠎ᠠ


4.jpg   

ᠰᠢᠯᠢ ᠵᠢᠨ ᠭᠤᠣᠯ ᠠᠶ᠋ᠢᠮᠠᠭ᠎ᠤᠨ ᠪᠠᠷᠠᠭᠤᠨ ᠦᠵᠦᠮᠦᠴᠢᠨ ᠬᠤᠰᠢᠭᠤᠨ᠎ᠤ ᠭᠥᠷᠦᠭᠡᠰᠦᠲᠡᠢ ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠴᠠᠰᠤᠲᠤ ᠲᠠᠯ᠎ᠠ ᠵᠢᠨ ᠦᠵᠡᠮᠵᠢ᠃
    ᠲᠠᠯ᠎ᠠ ᠵᠢᠨ ᠪᠦᠷᠭᠦᠳ ᠡᠷᠬᠡ ᠳᠤᠷ᠎ᠠ᠎ᠪᠠᠷ ᠵᠶ᠋ᠠᠨ ᠨᠢᠰᠴᠦ ᠠᠩ ᠡᠷᠢᠨ᠎ᠡ; ᠴᠠᠭ᠋ᠠᠨ ᠴᠠᠰᠤᠨ᠎ᠳᠤ ᠬᠤᠶᠠᠷ ᠰᠢᠯᠦᠭᠦᠰᠦ ᠢᠳᠡᠰᠢ ᠡᠷᠢᠬᠦ ᠵᠢᠨ ᠬᠠᠮᠲᠤ ᠡᠷᠬᠢᠨ ᠲᠣᠭᠤᠷᠢᠨ ᠵᠶ᠋ᠠᠨ ᠰᠡᠷᠡᠮᠵᠢᠲᠡᠢ᠎ᠪᠠᠷ ᠠᠵᠢᠭᠯᠠᠨ᠎ᠠ; ᠰᠠᠶ᠋ᠢᠬᠠᠨ ᠵᠢᠰᠦᠮᠲᠦ ᠴᠠᠭ᠋ᠠᠷᠢᠭ ᠬᠦᠵᠦᠭᠦᠲᠦ ᠭᠤᠷᠭᠤᠤᠯ ᠰᠡᠭᠦᠯ ᠵᠶ᠋ᠠᠨ ᠡᠷᠲᠡᠶ᠋ᠢᠯᠭᠡᠨ᠂ ᠭᠤᠶᠣ ᠰᠠᠶ᠋ᠢᠬᠠᠨ ᠳᠦᠷᠢ ᠪᠠᠶ᠋ᠢᠳᠠᠯ ᠵᠶ᠋ᠠᠷ ᠰᠡᠯᠡᠭᠦᠴᠡᠨ ᠠᠯᠬᠤᠵᠤ᠂ ᠨᠢᠳᠦᠨ ᠡᠮᠦᠨᠡᠬᠢ ᠶᠢᠷᠲᠢᠨᠴᠦ ᠵᠢ ᠬᠤᠷᠣᠮᠬᠠᠨ ᠵᠠᠭᠤᠷ᠎ᠠ ᠠᠮᠢᠯᠠᠭᠤᠯᠤᠨ᠎ᠠ; ᠬᠡᠳᠦᠨ ᠬᠡᠭᠡᠷ᠎ᠡ ᠵᠢᠨ ᠭᠤᠷ᠎ᠠ ᠲᠣᠯᠣᠭ᠋ᠠᠢ᠎ᠪᠠᠨ ᠡᠷᠭᠢᠭᠦᠯᠦᠨ ᠬᠠᠷᠠᠬᠤ᠎ᠨᠢ ᠮᠠᠰᠢ ᠬᠥᠭᠡᠷᠦᠬᠦᠨ ᠰᠠᠨᠠᠭᠳᠠᠨ᠎ᠠ ᠁ ᠡᠨᠡ ᠪᠣᠯ ᠰᠡᠭᠦᠳᠡᠷᠯᠡᠬᠦ ᠮᠠᠰᠢᠨ ᠵᠶ᠋ᠠᠷ ᠲᠡᠮᠳᠡᠭᠯᠡᠭᠳᠡᠭᠰᠡᠨ ᠪᠠᠷᠠᠭᠤᠨ ᠦᠵᠦᠮᠦᠴᠢᠨ ᠬᠤᠰᠢᠭᠤᠨ᠎ᠤ ᠭᠥᠷᠦᠭᠡᠰᠦᠲᠡᠢ ᠤᠯᠤᠰ᠎ᠤᠨ ᠳᠡᠰ᠎ᠤᠨ ᠪᠠᠢ᠍ᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠳᠤ ᠬᠤᠪᠣᠷ ᠴᠤᠬᠠᠭ ᠬᠡᠭᠡᠷ᠎ᠡ ᠵᠢᠨ ᠠᠮᠢᠲᠠᠳ᠎ᠤᠨ 《ᠰᠢᠨᠡᠯᠡᠵᠦ ᠪᠠᠶ᠋ᠢᠭ᠎ᠠ》 ᠪᠠᠭ᠍ᠠᠲᠤᠭᠤᠰᠢᠲᠠᠢ ᠰᠡᠭᠦᠳᠡᠷ᠎ᠤᠳ ᠪᠣᠯᠣᠨ᠎ᠠ᠃
    ᠣᠶ᠋ᠢᠯᠠᠭ᠋ᠠᠭᠰᠠᠨ ᠵᠶ᠋ᠠᠷ᠂ ᠪᠠᠷᠠᠭᠤᠨ ᠦᠵᠦᠮᠦᠴᠢᠨ ᠬᠤᠰᠢᠭᠤᠨ᠎ᠤ ᠭᠥᠷᠦᠭᠡᠰᠦᠲᠡᠢ ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ 《ᠦᠷᠭᠦᠯᠵᠢ ᠢᠷᠡᠳᠡᠭ ᠵᠣᠴᠢᠳ》᠎ᠲᠤ ᠪᠠᠰᠠ ᠤᠯᠤᠰ᠎ᠤᠨ ᠨᠢᠭᠡᠳᠦᠭᠡᠷ ᠳᠡᠰ᠎ᠤᠨ ᠬᠠᠮᠠᠭ᠋ᠠᠯᠠᠯᠲᠠ ᠵᠢᠨ ᠠᠮᠢᠲᠠᠨ ᠠᠯ ᠰᠡᠭᠦᠯ᠂ ᠲᠣᠭᠤᠳᠠᠭ᠂ ᠤᠯᠤᠰ᠎ᠤᠨ ᠬᠤᠶᠠᠳᠤᠭ᠋ᠠᠷ ᠳᠡᠰ᠎ᠤᠨ ᠬᠠᠮᠠᠭ᠋ᠠᠯᠠᠯᠲᠠ ᠵᠢᠨ ᠠᠮᠢᠲᠠᠨ ᠪᠣᠷᠣ ᠲᠣᠭᠤᠷᠤᠤ᠂ ᠬᠤᠨ ᠭᠠᠯᠠᠭᠤ᠂ ᠬᠥᠬᠡ ᠳᠡᠭᠡᠯᠡᠢ᠂ ᠥᠲᠥᠨ ᠲᠣᠭᠤᠷᠤᠤ᠂ ᠲᠣᠷᠤᠭ ᠵᠡᠷᠭᠡ ᠪᠣᠶ᠃ ᠣᠶ᠋ᠢᠷ᠎ᠠ ᠵᠢᠨ ᠵᠢᠯ᠎ᠤᠳ᠎ᠲᠤ᠂ ᠪᠠᠷᠠᠭᠤᠨ ᠦᠵᠦᠮᠦᠴᠢᠨ ᠬᠤᠰᠢᠭᠤ ᠠᠭᠤᠯᠠ ᠤᠰᠤ ᠣᠶ ᠲᠠᠷᠢᠶ᠎ᠠ ᠨᠠᠭᠤᠷ ᠡᠪᠡᠰᠦ ᠡᠯᠡᠰᠦ ᠵᠢ ᠰᠢᠰᠲ᠋ᠧᠮ᠎ᠲᠠᠢ ᠵᠠᠰᠠᠬᠤ ᠵᠢ ᠨᠢᠭᠡᠳᠦᠯᠲᠡᠢ ᠲᠥᠯᠥᠪᠯᠡᠵᠦ᠂ ᠣᠶ ᠰᠢᠭᠤᠢ ᠨᠤᠲᠤᠭ ᠪᠡᠯᠴᠢᠭᠡᠷ᠂ ᠭᠤᠣᠯ ᠮᠥᠷᠡᠨ ᠨᠠᠭᠤᠷ ᠴᠥᠭᠦᠷᠥᠮ᠎ᠤᠨ ᠤᠰᠤᠨ᠎ᠤ ᠰᠢᠰᠲ᠋ᠧᠮ᠎ᠢ ᠬᠠᠮᠠᠭ᠋ᠠᠯᠠᠨ ᠠᠰᠢᠭᠯᠠᠬᠤ ᠵᠡᠷᠭᠡ ᠢᠨᠵᠧᠨᠧᠷᠢᠩ᠎ᠢ ᠪᠥᠬᠦ ᠲᠠᠯ᠎ᠠ᠎ᠪᠠᠷ ᠬᠡᠷᠡᠭᠵᠢᠭᠦᠯᠦᠨ᠂ ᠠᠮᠢ ᠠᠬᠤᠢ ᠣᠷᠴᠢᠨ ᠲᠣᠭᠤᠷᠢᠨ᠎ᠢ ᠦᠷᠭᠦᠯᠵᠢᠯᠡᠨ ᠰᠠᠶ᠋ᠢᠵᠢᠷᠠᠭᠤᠯᠵᠤ᠂ ᠬᠡᠭᠡᠷ᠎ᠡ ᠵᠢᠨ ᠠᠮᠢᠲᠠᠳ᠎ᠲᠤ ᠣᠷᠣᠰᠢᠨ ᠠᠮᠢᠳᠤᠷᠠᠬᠤ ᠰᠠᠶ᠋ᠢᠨ ᠰᠠᠶ᠋ᠢᠬᠠᠨ ᠣᠷᠴᠢᠨ ᠨᠥᠬᠦᠴᠡᠯ ᠪᠦᠷᠢᠯᠳᠦᠭᠦᠯᠵᠦ ᠥᠭᠭᠦᠭᠰᠡᠨ ᠪᠠᠶ᠋ᠢᠨ᠎ᠠ᠃

ᠢᠷᠡᠯᠲᠡ᠄ ᠦᠪᠦᠷ ᠮᠣᠩᠭᠣᠯ᠎ᠤᠨ ᠦᠪᠡᠷᠲᠡᠭᠡᠨ ᠵᠠᠰᠠᠬᠣ ᠣᠷᠣᠨ᠎ᠤ ᠠᠷᠠᠳ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠬᠢᠩᠭ᠋ᠠᠨ ᠠᠶ᠋ᠢᠮᠠᠭ 2024 ᠣᠨ᠎ᠤ ᠬᠠᠪᠤᠷ᠎ᠤᠨ ᠤᠯᠠᠷᠢᠯ᠎ᠤᠨ ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠤᠬᠠᠭᠤᠯᠭ᠎ᠠ ᠵᠢᠨ ᠠᠵᠢᠯ᠎ᠢ ᠥᠷᠨᠢᠭᠦᠯᠪᠡ
ᠵᠠᠯᠠᠶ᠋ᠢᠳ ᠬᠤᠰᠢᠭᠤ ᠨᠤᠲᠤᠭ ᠪᠡᠯᠴᠢᠭᠡᠷ᠎ᠲᠠᠬᠢ ᠬᠡᠳᠦ ᠮᠠᠯᠵᠢᠯ᠎ᠤᠨ ᠠᠰᠠᠭᠤᠳᠠᠯ᠎ᠢ ᠰᠢᠢ᠍ᠳᠪᠤᠷᠢᠯᠡᠬᠦ ᠠᠵᠢᠯ᠎ᠤᠨ ᠬᠤᠷᠠᠯ ᠬᠤᠷᠠᠯᠳᠤᠭᠤᠯᠵᠠᠢ
ᠲᠦᠮᠡᠳ ᠵᠡᠭᠦᠨ ᠬᠤᠰᠢᠭᠤ ᠪᠡᠯᠴᠢᠭᠡᠷᠯᠡᠭᠦᠯᠬᠦ ᠵᠢ ᠴᠠᠭ᠋ᠠᠵᠠᠯᠠᠬᠤ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠪᠡ
ᠨᠠᠢ᠍ᠮᠠᠨ ᠬᠤᠰᠢᠭᠤ ᠵᠢᠨ ᠠᠵᠤ ᠠᠬᠤᠢ ᠵᠢᠨ ᠣᠶ ᠵᠢ ᠳᠠᠷᠢᠵᠤ ᠤᠷᠭᠤᠭᠤᠯᠤᠬᠰᠠᠨ ᠲᠠᠯᠠᠪᠠᠶ 76 ᠲᠦᠮᠡᠨ ᠮᠦ᠍᠎ᠳᠤ ᠭᠦᠷᠪᠡ
ᠥᠨᠥ ᠵᠢᠯ ᠪᠠᠶᠠᠨᠨᠠᠭᠤᠷ ᠬᠤᠲᠠ 22.48 ᠲᠦᠮᠡᠨ ᠮᠦ᠍ ᠡᠯᠡᠰᠦᠵᠢᠭᠰᠡᠨ ᠭᠠᠵᠠᠷ ᠰᠢᠷᠣᠢ ᠵᠢ ᠶᠡᠷᠦᠩᠬᠡᠶ᠋ᠢᠯᠡᠨ ᠵᠠᠰᠠᠬᠤ ᠵᠢ ᠪᠡᠶᠡᠯᠡᠭᠦᠯᠬᠦ᠎ᠪᠠᠷ ᠲᠥᠯᠥᠪᠯᠡᠵᠦ ᠪᠣᠶ
 
             蒙ICP备05000248号