2024 ᠣᠨ᠎ᠤ ᠪᠥᠬᠥ ᠤᠯᠤᠰ᠎ᠤᠨ ᠣᠶ ᠰᠢᠭᠤᠶ ᠨᠤᠲᠤᠭ ᠪᠡᠯᠴᠢᠭᠡᠷ᠎ᠤᠨ ᠭᠠᠯ᠎ᠢ ᠰᠡᠷᠭᠡᠶ᠋ᠢᠯᠡᠬᠦ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠬᠠᠪᠤᠷ᠎ᠤᠨ ᠤᠯᠠᠷᠢᠯ ᠵᠢᠴᠢ ᠪᠥᠬᠥ ᠤᠯᠤᠰ᠎ᠤᠨ 《ᠬᠣᠶᠠᠷ ᠬᠤᠷᠠᠯ》᠎ᠤᠨ ᠬᠤᠭᠤᠴᠠᠭ᠋ᠠᠨ᠎ᠳᠠᠬᠢ ᠣᠶ ᠰᠢᠭᠤᠶ ᠨᠤᠲᠤᠭ ᠪᠡᠯᠴᠢᠭᠡᠷ᠎ᠤᠨ ᠭᠠᠯ᠎ᠢ ᠰᠡᠷᠭᠡᠶ᠋ᠢᠯᠡᠬᠦ ᠪᠠᠶ᠋ᠢᠳᠠᠯ᠎ᠢ ᠦᠨᠡᠨ ᠬᠦ᠌ ᠪᠠᠲᠤᠯᠠᠵᠤ᠂ ᠠᠮᠤᠷ ᠲᠦᠪᠰᠢᠨ ᠲᠣᠭᠲᠠᠭᠤᠨ ᠣᠷᠴᠢᠨ ᠲᠣᠭᠣᠷᠢᠨ᠎ᠢ ᠪᠣᠶ ᠪᠣᠯᠭ᠋ᠠᠬᠤ ᠵᠢᠨ ᠲᠥᠯᠥᠭᠡ᠂ 3 ᠰᠠᠷ᠎ᠠ ᠵᠢᠨ 4᠎ᠤ ᠡᠳᠦᠷ᠂ ᠬᠢᠩᠭ᠋ᠠᠨ ᠠᠶ᠋ᠢᠮᠠᠭ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠣᠶ ᠰᠢᠭᠤᠶ ᠵᠢᠨ ᠭᠠᠯ᠎ᠢ ᠰᠡᠷᠭᠡᠶ᠋ᠢᠯᠡᠬᠦ ᠰᠠᠯᠪᠤᠷᠢ ᠠᠩᠭᠢ᠂ ᠤᠯᠠᠭ᠋ᠠᠨᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠬᠠᠮᠲᠤᠷᠠᠨ ᠬᠠᠪᠤᠷ᠎ᠤᠨ ᠤᠯᠠᠷᠢᠯ᠎ᠤᠨ ᠣᠶ ᠰᠢᠭᠤᠶ ᠨᠤᠲᠤᠭ ᠪᠡᠯᠴᠢᠭᠡᠷ᠎ᠤᠨ ᠭᠠᠯ᠎ᠢ ᠰᠡᠷᠭᠡᠶ᠋ᠢᠯᠡᠬᠦ ᠤᠬᠠᠭᠤᠯᠭ᠎ᠠ ᠵᠢᠨ ᠠᠵᠢᠯ᠎ᠢ ᠥᠷᠨᠢᠭᠦᠯᠪᠡ᠃ ᠠᠵᠢᠯᠯᠠᠭ᠎ᠠ ᠳᠤᠮᠳᠠ᠂ ᠠᠵᠢᠯ᠎ᠤᠨ ᠡᠩᠨᠡᠭᠡ᠎ᠨᠢ ᠲᠣᠰ ᠲᠣᠰ ᠲᠦᠪ ᠴᠡᠴᠡᠷᠯᠢᠭ᠂ ᠤᠯᠠᠭ᠋ᠠᠨᠬᠣᠲᠠ ᠪᠣᠯᠤᠨ ᠬᠣᠷᠴᠢᠨ ᠪᠠᠷᠠᠭᠤᠨ ᠭᠠᠷᠤᠨ ᠡᠮᠦᠨᠡᠲᠦ ᠬᠣᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠭᠤᠳᠠᠮ ᠲᠠᠯᠠᠪᠠᠶ᠂ ᠬᠢᠩᠭ᠋ᠠᠨ ᠠᠶ᠋ᠢᠮᠠᠭ᠎ᠤᠨ ᠸᠠᠨ ᠳ᠋ᠠ ᠠᠭᠤᠳᠠᠮ ᠲᠠᠯᠠᠪᠠᠶ ᠵᠡᠷᠭᠡ ᠭᠠᠵᠠᠷ᠎ᠲᠤ ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠤᠬᠠᠭᠤᠯᠭ᠎ᠠ ᠥᠷᠨᠢᠭᠦᠯᠪᠡ᠃ ᠢᠯᠡ ᠲᠣᠳᠣ ᠣᠷᠣᠨ ᠪᠠᠶ᠋ᠢᠷᠢ᠎ᠳᠤ ᠬᠥᠨᠳᠡᠯᠡᠨ ᠪᠢᠴᠢᠭᠡᠰᠦ ᠨᠠᠭ᠋ᠠᠬᠤ᠂ ᠲᠡᠷᠭᠡ ᠬᠥᠰᠬᠡ᠎ᠪᠠᠷ ᠣᠶ ᠰᠢᠭᠤᠶ ᠵᠢᠨ ᠭᠠᠯ ᠤᠨᠲᠠᠷᠠᠭ᠋ᠠᠬᠤ ᠳᠦᠷᠢᠮ᠂ ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ᠂ ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠳᠦᠷᠢᠮ᠂ ᠬᠠᠤᠯᠢ ᠴᠠᠭ᠋ᠠᠵᠠ ᠬᠠᠤᠯᠢ ᠲᠣᠭᠲᠠᠭ᠋ᠠᠯ ᠵᠢᠴᠢ ᠣᠶ ᠰᠢᠭᠤᠶ ᠨᠤᠲᠤᠭ ᠪᠡᠯᠴᠢᠭᠡᠷ᠎ᠤᠨ ᠭᠠᠯ᠎ᠤᠨ ᠠᠶᠤᠯ᠎ᠤᠨ ᠬᠥᠨᠥᠭᠡᠯᠲᠦ ᠴᠢᠨᠠᠷ᠂ ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠵᠢᠨ ᠴᠢᠬᠤᠯᠠ ᠴᠢᠨᠠᠷ᠎ᠢ ᠶᠡᠬᠡᠪᠡᠷ ᠤᠬᠠᠭᠤᠯᠵᠤ᠂ ᠥᠷᠭᠡᠨ ᠣᠯᠠᠨ ᠲᠦᠮᠡᠨ᠎ᠤ ᠭᠠᠯ ᠰᠡᠷᠭᠡᠶ᠋ᠢᠯᠡᠬᠦ ᠦᠵᠡᠯ ᠤᠬᠠᠮᠰᠠᠷ᠎ᠢ ᠦᠨᠡᠨᠬᠦ ᠨᠡᠮᠡᠭᠳᠡᠭᠦᠯᠦᠨ᠂ ᠥᠷᠭᠡᠨ ᠣᠯᠠᠨ ᠲᠦᠮᠡᠨ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠠᠵᠢᠯ᠎ᠳᠤ ᠣᠷᠣᠯᠴᠠᠭᠤᠯᠵᠤ᠂ ᠣᠯᠠᠨ ᠵᠶ᠋ᠠᠷ ᠵᠶ᠋ᠠᠨ ᠰᠡᠷᠭᠡᠶ᠋ᠢᠯᠡᠵᠦ ᠣᠯᠠᠨ ᠵᠶ᠋ᠠᠷ ᠵᠶ᠋ᠠᠨ ᠵᠠᠰᠠᠬᠤ ᠰᠠᠶ᠋ᠢᠨ ᠰᠠᠶ᠋ᠢᠬᠠᠨ ᠣᠷᠴᠢᠨ ᠠᠬᠤᠶ ᠵᠢ ᠪᠣᠶ ᠪᠣᠯᠭ᠋ᠠᠨ᠂ ᠣᠶ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠠᠵᠢᠯ᠎ᠤᠨ ᠨᠢᠭᠡᠳᠦᠭᠡᠷ ᠰᠡᠷᠭᠡᠶ᠋ᠢᠯᠡᠯᠲᠡ ᠵᠢᠨ ᠱᠤᠭᠤᠮ᠎ᠢ ᠰᠠᠶ᠋ᠢᠲᠤᠷ ᠰᠠᠬᠢᠬᠤ ᠬᠡᠷᠡᠭᠲᠡᠶ᠃ ᠠᠵᠢᠯᠯᠠᠭ᠎ᠠ᠎ᠨᠢ ᠨᠡᠶ᠋ᠢᠲᠡ 50 ᠤᠬᠠᠭᠤᠯᠤᠭᠴᠢ᠂ 16 ᠤᠬᠠᠭᠤᠯᠭ᠎ᠠ ᠵᠢᠨ ᠮᠠᠰᠢᠨ ᠲᠡᠷᠭᠡ ᠵᠢ ᠬᠥᠳᠡᠯᠭᠡᠵᠦ᠂ 3000 ᠭᠠᠷᠤᠶ ᠤᠬᠠᠭᠤᠯᠭ᠎ᠠ ᠵᠢᠨ ᠬᠠᠭᠤᠳᠠᠰᠤ ᠲᠠᠷᠬᠠᠭ᠋ᠠᠵᠤ᠂ ᠡᠯ᠎ᠡ ᠭᠠᠵᠠᠷ ᠣᠷᠣᠨ ᠡᠯ᠎ᠡ ᠨᠢᠭᠡᠴᠢ ᠵᠢᠨ ᠬᠣᠯᠪᠣᠭ᠋ᠠᠯᠠᠨ ᠰᠡᠷᠭᠡᠶ᠋ᠢᠯᠡᠬᠦ ᠬᠣᠯᠪᠣᠭ᠋ᠠᠯᠠᠨ ᠬᠥᠳᠡᠯᠦᠯᠴᠡᠬᠦ᠂ ᠡᠷᠲᠡ ᠳᠠᠶ᠋ᠢᠴᠢᠯᠠᠬᠤ᠂ ᠡᠷᠲᠡ ᠪᠠᠶ᠋ᠢᠷᠢᠯᠠᠭᠤᠯᠬᠤ᠎ᠪᠠᠷ ᠳᠠᠮᠵᠢᠭᠤᠯᠤᠨ᠂ ᠬᠠᠪᠤᠷ᠎ᠤᠨ ᠤᠯᠠᠷᠢᠯ᠎ᠤᠨ ᠣᠶ ᠰᠢᠭᠤᠶ ᠨᠤᠲᠤᠭ ᠪᠡᠯᠴᠢᠭᠡᠷ᠎ᠤᠨ ᠭᠠᠯ᠎ᠢ ᠰᠡᠷᠭᠡᠶ᠋ᠢᠯᠡᠬᠦ ᠠᠵᠢᠯ᠎ᠳᠤ ᠰᠠᠭᠤᠷᠢ ᠵᠢ ᠲᠠᠯᠪᠢᠵᠤ ᠥᠭᠴᠡᠶ᠃