ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
ᠰᠢᠯᠢ ᠵᠢᠨ ᠭᠤᠤᠯ ᠠᠶ᠋ᠢᠮᠠᠭ ᠣᠢ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠢ ᠰᠡᠷᠭᠡᠶ᠋ᠢᠯᠡᠵᠤ ᠤᠨᠲᠠᠷᠠᠭ᠋ᠠᠬᠤ ᠠᠵᠢᠯ᠎ᠢ ᠴᠢᠩᠭ᠎ᠠ ᠠᠳᠬᠤᠵᠦ ᠪᠤᠢ
ᠨᠡᠶ᠋ᠢᠲᠡᠯᠡᠭᠰᠡᠨ ᠴᠠᠭ᠄ 2024-04-17


  
     ᠰᠢᠯᠢ ᠵᠢᠨ ᠭᠤᠤᠯ ᠠᠶ᠋ᠢᠮᠠᠭ ᠬᠠᠪᠤᠷ᠎ᠤᠨ ᠤᠯᠠᠷᠢᠯ᠎ᠤᠨ ᠭᠠᠯ ᠲᠦᠢ᠍ᠮᠡᠷ᠎ᠤᠨ ᠴᠢᠩᠭ᠎ᠠ ᠰᠡᠷᠭᠡᠶ᠋ᠢᠯᠡᠯᠳᠡ ᠵᠢᠨ ᠬᠤᠭᠤᠴᠠᠭ᠋ᠠᠨ᠎ᠳᠤ ᠤᠷᠤᠭᠰᠠᠨ᠎ᠠᠴᠠ ᠨᠠᠭ᠋ᠠᠰᠢ᠂ ᠪᠦᠬᠦ ᠠᠶ᠋ᠢᠮᠠᠭ᠎ᠤᠨ ᠡᠯ᠎ᠡ ᠭᠠᠵᠠᠷ᠎ᠤᠨ᠎ᠬᠢᠨ ᠬᠠᠪᠤᠷ᠎ᠤᠨ ᠤᠯᠠᠷᠢᠯ᠎ᠤᠨ ᠣᠶ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠢ ᠴᠢᠩᠭ᠎ᠠ ᠰᠡᠷᠭᠡᠶ᠋ᠢᠯᠡᠬᠦ ᠠᠵᠢᠯ᠎ᠢ ᠴᠢᠬᠤᠯᠠ ᠪᠠᠶ᠋ᠢᠷᠢᠨ᠎ᠳᠤ ᠲᠠᠯᠪᠢᠵᠤ᠂ ᠬᠠᠮᠢᠶᠠᠷᠤᠯᠲᠠ᠎ᠪᠠᠨ ᠨᠠᠷᠢᠯᠢᠭᠵᠢᠭᠤᠯᠤᠨ᠂ ᠠᠷᠭ᠎ᠠ ᠬᠡᠮᠵᠢᠶ᠎ᠡ᠎ᠪᠠᠨ ᠴᠢᠩᠭ᠋ᠠᠷᠠᠭᠤᠯᠵᠤ᠂ ᠭᠤᠣᠯᠳᠠᠯᠭ᠎ᠠ᠎ᠲᠠᠢ ᠣᠷᠣᠨ ᠪᠦᠰᠡ ᠵᠢ ᠴᠢᠩᠭ᠎ᠠ ᠪᠠᠶ᠋ᠢᠴᠠᠭ᠋ᠠᠨ ᠴᠢᠩᠭ᠎ᠠ ᠰᠠᠬᠢᠵᠤ᠂ ᠣᠢ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠤᠨ ᠴᠢᠩᠭ᠎ᠠ ᠰᠡᠷᠭᠡᠶ᠋ᠢᠯᠡᠯᠳᠡ ᠵᠢᠨ ᠠᠵᠢᠯ᠎ᠢ ᠯᠠᠪᠳᠠᠭᠤᠨ ᠪᠠᠳᠤᠳᠠᠢ ᠦᠷᠨᠢᠬᠦᠯᠵᠤ ᠪᠠᠶ᠋ᠢᠨ᠎ᠠ᠃ ᠤᠶ᠋ᠢᠷ᠎ᠠ᠎ᠳᠤ᠂ ᠪᠠᠷᠠᠭᠤᠨ ᠦᠵᠦᠮᠦᠴᠢᠨ ᠬᠤᠰᠢᠭᠤ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠣᠪᠴᠢᠶ᠎ᠠ᠂ ᠣᠢ ᠰᠢᠭᠤᠢ ᠵᠢᠨ ᠭᠠᠯ ᠲᠦᠢ᠍ᠮᠡᠷ᠎ᠢ ᠰᠡᠷᠭᠡᠶ᠋ᠢᠯᠡᠵᠦ ᠤᠨᠲᠠᠷᠠᠭ᠋ᠠᠬᠤ ᠶᠡᠭᠡ ᠠᠩᠭᠢ᠂ ᠪᠠᠶᠠᠨᠬᠤᠰᠢᠭᠤ ᠰᠤᠮᠤᠨ᠎ᠤ ᠠᠷᠠᠳ᠎ᠤᠨ ᠵᠠᠰᠠᠭ᠎ᠤᠨ ᠣᠷᠳᠣᠨ᠂ ᠬᠦᠷᠦᠭᠡᠰᠦᠲᠡᠢ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ ᠪᠤᠯᠤᠨ ᠡᠯ᠎ᠡ ᠰᠤᠮᠤ ᠪᠠᠯᠭ᠋ᠠᠰᠤᠨ᠎ᠤ ᠭᠠᠯ ᠤᠨᠲᠠᠷᠠᠭ᠋ᠠᠬᠤ ᠠᠩᠭᠢ ᠵᠢᠨ ᠭᠡᠰᠢᠭᠦᠳ᠎ᠢ ᠵᠣᠬᠢᠶᠠᠨ ᠪᠠᠶ᠋ᠢᠭᠤᠯᠵᠤ᠂ 2024 ᠣᠨ᠎ᠤ ᠬᠠᠪᠤᠷ᠎ᠤᠨ ᠤᠯᠠᠷᠢᠯ᠎ᠤᠨ ᠣᠢ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠢ ᠰᠡᠷᠭᠡᠶ᠋ᠢᠯᠡᠬᠦ ᠪᠣᠯᠪᠠᠰᠤᠷᠠᠯ ᠪᠠ ᠰᠣᠷᠢᠯᠲᠠ ᠬᠢᠵᠤ᠂ ᠣᠢ ᠰᠢᠭᠤᠢ ᠵᠢᠨ ᠭᠠᠯ ᠲᠦᠢ᠍ᠮᠡᠷ᠎ᠢ ᠰᠡᠷᠭᠡᠶ᠋ᠢᠯᠡᠵᠦ ᠤᠨᠲᠠᠷᠠᠭ᠋ᠠᠬᠤ ᠶᠡᠭᠡ ᠠᠩᠭᠢ ᠪᠠ ᠭᠠᠯ ᠤᠨᠲᠠᠷᠠᠭ᠋ᠠᠵᠤ ᠠᠪᠤᠷᠠᠨ ᠲᠤᠰᠠᠯᠠᠬᠤ ᠶᠡᠭᠡ ᠠᠩᠭᠢ ᠵᠢᠨ ᠲᠠᠰᠬᠠᠯᠵᠢᠭᠤᠯᠤᠬ᠍ᠴᠢ ᠵᠢ ᠤᠷᠢᠵᠤ᠂ ᠭᠠᠯ ᠤᠨᠲᠠᠷᠠᠭ᠋ᠠᠬᠤ ᠦᠨᠳᠦᠰᠦᠨ ᠮᠡᠳᠡᠯᠭᠡ᠂ ᠭᠠᠯ ᠤᠨᠲᠠᠷᠠᠭ᠋ᠠᠬᠤ ᠮᠡᠷᠭᠡᠵᠢᠯ᠂ ᠠᠶᠤᠯ᠎ᠠ ᠴᠠ ᠪᠠᠴᠢᠮ ᠵᠠᠶ᠋ᠢᠯᠠᠬᠤ᠂ ᠳᠠᠭ᠋ᠠᠭᠤᠯᠢ ᠣᠳᠣᠨ ᠤᠳᠠᠰᠦ ᠵᠢ ᠤᠭᠰᠠᠷᠠᠵᠤ ᠬᠡᠷᠡᠭᠯᠡᠬᠦ ᠵᠡᠷᠭᠡ ᠵᠢᠨ ᠲᠤᠭᠤᠷᠢᠨ᠎ᠳᠤ ᠪᠤᠯᠪᠠᠰᠤᠷᠠᠯ ᠬᠢᠵᠡᠢ᠃ ᠪᠤᠳᠠᠳᠠᠢ ᠰᠣᠷᠢᠯᠲᠠ᠎ᠳᠤ᠂ ᠪᠠᠶᠠᠨᠬᠤᠰᠢᠭᠤ ᠰᠤᠮᠤᠨ᠎ᠤ ᠬᠠᠷᠠᠭ᠋ᠠᠳᠤ ᠭᠠᠴᠠᠭ᠋ᠠᠨ᠎ᠳᠤ ᠪᠠᠶ᠋ᠢᠷᠢᠯᠠᠭ᠎ᠠ G207 ᠵᠠᠮ ᠳᠠᠭ᠋ᠠᠤ ᠨᠤᠲᠤᠭ ᠪᠡᠯᠴᠢᠭᠡᠷ᠎ᠲᠤ ᠭᠠᠯ ᠲᠦᠢ᠍ᠮᠡᠷ ᠭᠠᠷᠤᠭᠰᠠᠨ ᠵᠶ᠋ᠠᠷ ᠲᠦᠰᠦᠭᠡᠯᠡᠵᠤ᠂ ᠡᠯ᠎ᠡ ᠭᠠᠯ ᠤᠨᠲᠠᠷᠠᠭ᠋ᠠᠬᠤ ᠠᠩᠭᠢ᠎ᠨᠢ ᠶᠡᠷᠦᠩᠬᠡᠢ ᠵᠢᠯᠣᠭᠤᠳᠤᠭᠴᠢ ᠵᠢᠨ ᠠᠵᠢᠯ᠎ᠤᠨ ᠬᠤᠪᠢᠶᠠᠷᠢᠯᠠᠯ᠎ᠢ ᠦᠨᠳᠦᠰᠦᠯᠡᠨ᠂ ᠭᠤᠷᠪᠠᠨ ᠬᠡᠰᠡᠭ ᠭᠠᠵᠠᠷ᠎ᠲᠤ ᠭᠠᠯ ᠤᠨᠲᠠᠷᠠᠭ᠋ᠠᠬᠤ ᠠᠵᠢᠯ ᠵᠶ᠋ᠠᠨ ᠥᠷᠨᠢᠭᠦᠯᠵᠦ᠂ ᠭᠠᠯ᠎ᠢ ᠳᠠᠷᠦ᠋ᠢ᠍ᠬᠠᠨ ᠤᠨᠳᠠᠷᠠᠭ᠋ᠠᠵᠠᠢ᠃ ᠪᠦᠬᠦᠶ᠋ᠢᠯᠡ ᠰᠣᠷᠢᠯᠲᠠ ᠵᠢᠨ ᠶᠠᠪᠤᠴᠠ᠎ᠨᠢ ᠪᠠᠴᠢᠮ ᠪᠥᠭᠡᠳ ᠡᠮᠬᠢ ᠵᠢᠷᠤᠮ᠎ᠲᠠᠢ ᠪᠠᠶ᠋ᠢᠵᠤ᠂ ᠭᠠᠯ ᠤᠨᠲᠠᠷᠠᠭ᠋ᠠᠬᠤ ᠠᠩᠭᠢ ᠵᠢᠨ ᠭᠡᠰᠢᠭᠦᠳ᠎ᠤᠨ ᠭᠠᠯ᠎ᠤᠨ ᠠᠶᠤᠯ᠎ᠤᠨ ᠡᠮᠦᠨ᠎ᠡ ᠲᠦᠷᠭᠡᠨ ᠲᠤᠰᠬᠠᠯ ᠭᠠᠷᠬᠤ ᠴᠢᠳᠠᠪᠤᠷᠢ ᠪᠣᠯᠤᠨ ᠪᠣᠳᠠᠲᠠᠢ ᠪᠠᠶ᠋ᠢᠯᠳᠤᠬᠤ ᠴᠢᠳᠠᠪᠤᠷᠢ ᠵᠢ ᠭᠦᠢ᠍ᠴᠡᠳ ᠬᠠᠷᠠᠭᠤᠯᠤᠭᠰᠠᠨ ᠪᠠᠶ᠋ᠢᠨ᠎ᠠ᠃ ᠡᠭᠦᠨ᠎ᠠᠴᠠ ᠭᠠᠳᠠᠨ᠎ᠠ᠂ ᠲᠤᠰ ᠬᠤᠰᠢᠭᠤ ᠤᠢ ᠰᠢᠭᠤᠢ ᠨᠤᠳᠤᠭ ᠪᠡᠯᠴᠢᠭᠡᠷ᠎ᠤᠨ ᠭᠠᠯ ᠲᠦᠢ᠍ᠮᠡᠷ᠎ᠢ ᠰᠡᠷᠭᠡᠶ᠋ᠢᠯᠡᠵᠤ ᠤᠨᠳᠠᠷᠠᠭ᠋ᠠᠬᠤ ᠠᠵᠢᠯ᠎ᠤᠨ ᠤᠬᠠᠭᠤᠯᠭ᠎ᠠ ᠵᠢᠨ ᠡᠷᠴᠢᠮ ᠵᠶ᠋ᠠᠨ ᠴᠢᠩᠭ᠋ᠠᠷᠠᠭᠤᠯᠵᠤ᠂ ᠭᠤᠤᠯᠳᠠᠯᠭ᠎ᠠ᠎ᠲᠠᠢ ᠤᠶ᠋ᠢᠳᠤ ᠤᠷᠤᠨ ᠪᠤᠯᠤᠨ ᠭᠠᠯ᠎ᠤᠨ ᠠᠶᠤᠯ ᠡᠭᠦᠰᠬᠦ ᠪᠤᠯᠤᠮᠵᠢ ᠶᠡᠭᠡ ᠭᠠᠵᠠᠷ ᠤᠷᠤᠨ᠎ᠳᠤ ᠭᠠᠯ ᠲᠦᠢ᠍ᠮᠡᠷ᠎ᠢ ᠰᠡᠷᠭᠡᠶ᠋ᠢᠯᠡᠬᠦ ᠰᠠᠨᠠᠭᠤᠯᠤᠮᠵᠢ ᠵᠢᠨ ᠫᠠᠶ᠋ᠢᠰᠠ ᠡᠯᠬᠦᠵᠤ᠂ ᠠᠷᠠᠳ ᠤᠯᠠᠨ᠎ᠤ ᠭᠠᠯ ᠰᠡᠷᠭᠡᠶ᠋ᠢᠯᠡᠬᠦ ᠤᠬᠠᠮᠰᠠᠷ ᠪᠤᠯᠤᠨ ᠬᠠᠷᠢᠭᠤᠴᠠᠯᠭ᠋ᠠᠳᠤ ᠰᠡᠳᠬᠢᠯᠬᠡ ᠵᠢ ᠲᠡᠭᠡᠭᠰᠢᠯᠡᠬᠦᠯᠵᠡᠢ᠃ ᠭᠠᠯ᠎ᠤᠨ ᠠᠶᠤᠯ᠎ᠤᠨ ᠡᠬᠢ ᠰᠤᠷᠪᠤᠯᠵᠢ ᠵᠢᠨ ᠬᠠᠮᠢᠶᠠᠷᠤᠯᠳᠠ᠎ᠪᠠᠨ ᠴᠢᠩᠭ᠋ᠠᠳᠬᠠᠵᠤ᠂ ᠭᠤᠤᠯᠳᠠᠯᠭ᠎ᠠ᠎ᠲᠠᠢ ᠤᠷᠤᠨ᠎ᠳᠤ ᠦᠷᠬᠦᠯᠵᠢ ᠵᠢᠨ ᠴᠢᠨᠠᠷᠳᠠᠢ ᠭᠠᠯ᠎ᠤᠨ ᠠᠶᠤᠯ᠎ᠤᠨ ᠭᠡᠮ ᠰᠤᠭᠤᠭ᠎ᠢ ᠪᠠᠶ᠋ᠢᠴᠠᠭ᠋ᠠᠬᠤ ᠠᠵᠢᠯᠯᠠᠭ᠎ᠠ ᠦᠷᠨᠢᠬᠦᠯᠵᠤ᠂ ᠭᠤᠤᠯᠳᠠᠯᠭ᠎ᠠ᠎ᠲᠠᠢ ᠵᠠᠮ ᠪᠤᠯᠤᠨ ᠤᠶ᠋ᠢᠳᠤ ᠤᠷᠤᠨ᠎ᠳᠤ ᠤᠷᠤᠬᠤ ᠵᠠᠮ ᠲᠠᠭ᠋ᠠᠤ ᠲᠦᠷ ᠴᠠᠭ᠎ᠤᠨ ᠭᠠᠯ ᠰᠡᠷᠭᠡᠶ᠋ᠢᠯᠡᠬᠦ ᠪᠠᠶ᠋ᠢᠴᠠᠭ᠋ᠠᠯᠳᠠ ᠵᠢᠨ ᠦᠷᠳᠡᠭᠡ ᠲᠤᠬᠢᠷᠠᠭᠤᠯᠵᠤ᠂ ᠤᠷᠤᠵᠤ ᠭᠠᠷᠬᠤ ᠲᠡᠷᠭᠡ ᠤᠨᠤᠭ᠎ᠠ ᠪᠤᠯᠤᠨ ᠬᠦᠮᠦᠰ᠎ᠲᠤ ᠴᠢᠩᠭ᠎ᠠ ᠪᠠᠶ᠋ᠢᠴᠠᠭ᠋ᠠᠯᠳᠠ ᠬᠢᠵᠤ᠂ ᠭᠠᠯ᠎ᠤᠨ ᠠᠶᠤᠯ᠎ᠢ ᠡᠬᠢ ᠰᠤᠷᠪᠤᠯᠵᠢ᠎ᠠᠴᠠ᠎ᠨᠢ ᠪᠦᠬᠦ ᠲᠠᠯ᠎ᠠ᠎ᠪᠠᠷ ᠡᠵᠡᠮᠳᠡᠨ ᠬᠤᠷᠢᠭᠯᠠᠵᠦ ᠪᠤᠢ᠃ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠬᠡᠯ ᠠᠵᠢᠯ᠎ᠢ ᠴᠢᠩᠭ᠋ᠠᠳᠬᠠᠵᠤ᠂ ᠪᠦᠬᠦ ᠬᠤᠰᠢᠭᠤᠨ᠎ᠤ ᠭᠠᠯ᠎ᠤᠨ ᠠᠶᠤᠯ ᠡᠭᠦᠰᠬᠦ ᠪᠤᠯᠤᠮᠵᠢ ᠶᠡᠭᠡ ᠭᠠᠵᠠᠷ᠎ᠤᠳ ᠵᠶ᠋ᠠᠷ ᠭᠠᠯ ᠰᠡᠷᠭᠡᠶ᠋ᠢᠯᠡᠵᠤ ᠤᠨᠳᠠᠷᠠᠭ᠋ᠠᠬᠤ ᠬᠦᠴᠦᠨ᠎ᠢ ᠵᠤᠬᠢᠰᠳᠠᠢ ᠲᠤᠬᠢᠷᠠᠭᠤᠯᠬᠤ ᠵᠢᠨ ᠬᠠᠮᠳᠤ ᠭᠠᠯ ᠤᠨᠳᠠᠷᠠᠭ᠋ᠠᠬᠤ ᠡᠳ᠋ ᠪᠤᠳᠠᠰ ᠲᠠᠷᠬᠠᠭ᠋ᠠᠵᠤ᠂ ᠭᠤᠤᠯᠳᠠᠯᠭ᠎ᠠ᠎ᠲᠠᠢ ᠭᠠᠵᠠᠷ ᠤᠷᠤᠨ ᠵᠶ᠋ᠠᠷ ᠬᠠᠭ᠋ᠠᠰ ᠲᠤᠰᠬᠠᠢ ᠮᠡᠷᠭᠡᠵᠢᠯ᠎ᠤᠨ ᠭᠠᠯ ᠤᠨᠲᠠᠷᠠᠭ᠋ᠠᠬᠤ ᠬᠦᠮᠦᠰ ᠲᠤᠬᠢᠷᠠᠭᠤᠯᠵᠤ᠂ ᠭᠠᠯ ᠲᠦᠢ᠍ᠮᠡᠷ᠎ᠤᠨ ᠠᠶᠤᠯ᠎ᠢ ᠡᠷᠲᠡ ᠢᠯᠡᠷᠡᠭᠦᠯᠦᠨ ᠡᠷᠲᠡ ᠤᠨᠳᠠᠷᠠᠭ᠋ᠠᠬᠤ ᠵᠢ ᠪᠠᠳᠤᠯᠠᠵᠥ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠦᠨᠡᠨ ᠭᠦ᠌ ᠬᠠᠮᠠᠭ᠋ᠠᠯᠠᠵᠦ ᠪᠤᠢ᠃ ᠮᠠᠨ᠎ᠤ ᠠᠶ᠋ᠢᠮᠠᠭ ᠣᠢ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠢ ᠰᠡᠷᠭᠡᠶ᠋ᠢᠯᠡᠵᠤ ᠤᠨᠲᠠᠷᠠᠭ᠋ᠠᠬᠤ ᠠᠮᠤᠷ ᠲᠦᠪᠰᠢᠨ᠎ᠤ ᠬᠠᠮᠠᠭ᠋ᠠᠯᠠᠯᠲᠠ ᠵᠢᠨ ᠲᠣᠣᠷ᠎ᠢ ᠨᠢᠭᠲᠠ ᠰᠦᠯᠵᠢᠵᠤ᠂ ᠭᠠᠯ ᠲᠦᠢ᠍ᠮᠡᠷ᠎ᠢ ᠰᠡᠷᠭᠡᠶ᠋ᠢᠯᠡᠬᠦ ᠬᠡᠯᠡᠯᠴᠡᠭᠡᠷ ᠪᠤᠯᠤᠨ ᠭᠠᠴᠠᠭ᠎ᠠ ᠲᠣᠰᠬᠤᠨ᠎ᠤ ᠠᠷᠠᠳ᠎ᠤᠨ ᠨᠡᠶ᠋ᠢᠲᠡ ᠵᠢᠨ ᠭᠡᠷ᠎ᠡ ᠨᠡᠶ᠋ᠢᠳᠡ 11.8 ᠲᠦᠮᠡ ᠭᠠᠷᠤᠢ ᠬᠤᠪᠢ ᠲᠤᠭᠳᠠᠵᠤ᠂ ᠭᠠᠯ ᠲᠦᠢ᠍ᠮᠡᠷ᠎ᠢ ᠰᠡᠷᠭᠡᠶ᠋ᠢᠯᠡᠬᠦ ᠪᠠᠶ᠋ᠢᠴᠠᠭ᠋ᠠᠬᠤ ᠲᠦᠷ ᠴᠠᠭ᠎ᠤᠨ ᠥᠷᠲᠡᠭᠡ 64 ᠵᠢ ᠲᠤᠬᠢᠷᠠᠭᠤᠯᠵᠤ᠂ 4234 ᠬᠥᠮᠦᠨ ᠲᠤᠬᠢᠷᠠᠭᠤᠯᠤᠨ᠂ ᠨᠢᠭᠡᠨᠳᠡ 90 ᠭᠠᠷᠤᠢ ᠭᠠᠯ᠎ᠤᠨ ᠠᠶᠤᠯ᠎ᠤᠨ ᠳᠠᠯᠳᠠ ᠭᠡᠮ᠎ᠢ ᠪᠠᠶ᠋ᠢᠴᠠᠭ᠋ᠠᠨ ᠠᠷᠢᠯᠭ᠋ᠠᠪᠠ; ᠪᠦᠬᠦ ᠠᠶ᠋ᠢᠮᠠᠭ᠎ᠤᠨ ᠡᠯ᠎ᠡ ᠭᠠᠵᠠᠷ ᠤᠷᠤᠨ ᠨᠡᠶ᠋ᠢᠳᠡ 13 ᠬᠤᠭᠤᠴᠠᠭ᠋ᠠᠨ᠎ᠤ ᠭᠠᠯ ᠲᠦᠢ᠍ᠮᠡᠷ᠎ᠢ ᠰᠡᠷᠭᠡᠶ᠋ᠢᠯᠡᠬᠦ ᠪᠣᠯᠪᠠᠰᠤᠷᠠᠯ᠎ᠢ ᠵᠣᠬᠢᠶᠠᠨ ᠪᠠᠶ᠋ᠢᠭᠤᠯᠵᠤ᠂ 800 ᠭᠠᠷᠤᠢ ᠬᠥᠮᠦᠨ᠎ᠳᠤ ᠪᠤᠯᠪᠠᠰᠤᠷᠠᠯ ᠭᠦᠷᠳᠡᠭᠡᠨ᠂ 10 ᠤᠳᠠᠭ᠎ᠠ ᠰᠣᠷᠢᠯᠲᠠ ᠬᠢᠵᠦ᠂ 1000 ᠭᠠᠷᠤᠢ ᠬᠥᠮᠦᠨ᠎ᠢ ᠣᠷᠣᠯᠴᠠᠭᠤᠯᠵᠤ᠂ ᠭᠠᠯ ᠲᠦᠢ᠍ᠮᠠᠷ᠎ᠢ ᠰᠡᠷᠭᠡᠶ᠋ᠢᠯᠡᠨ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠠᠪᠤᠷᠠᠨ ᠲᠤᠰᠠᠯᠠᠬᠤ ᠴᠢᠳᠠᠪᠤᠷᠢ᠎ᠪᠠᠨ ᠦᠨᠡᠨ ᠬᠦ᠌ ᠳᠡᠭᠡᠭᠰᠢᠯᠡᠭᠦᠯᠪᠡ᠃
    

ᠢᠷᠡᠯᠲᠡ᠄ ᠰᠢᠯᠢ ᠵᠢᠨ ᠭᠤᠤᠯ᠎ᠤᠨ ᠮᠤᠩᠭᠤᠯ ᠰᠤᠨᠢᠨ
          
ᠬᠠᠮᠢᠶ᠎ᠡ ᠪᠦᠬᠦᠢ ᠰᠣᠨᠢᠨ
ᠰᠢᠯᠢ ᠵᠢᠨ ᠭᠤᠤᠯ ᠠᠶ᠋ᠢᠮᠠᠭ ᠣᠢ ᠰᠢᠭᠤᠢ ᠨᠤᠲᠤᠭ ᠪᠡᠯᠴᠢᠭᠡᠷ᠎ᠤᠨ ᠭᠠᠯ ᠲᠦᠢ᠍ᠮᠡᠷ᠎ᠢ ᠰᠡᠷᠭᠡᠶ᠋ᠢᠯᠡᠵᠤ ᠤᠨᠲᠠᠷᠠᠭ᠋ᠠᠬᠤ ᠠᠵᠢᠯ᠎ᠢ ᠴᠢᠩᠭ᠎ᠠ ᠠᠳᠬᠤᠵᠦ ᠪᠤᠢ
ᠰᠢᠯᠢ ᠵᠢᠨ ᠬᠤᠲᠠ ᠭᠤᠣᠯ ᠮᠥᠷᠡᠨ ᠨᠠᠭᠤᠷ ᠴᠥᠭᠦᠷᠥᠮ᠎ᠤᠨ ᠬᠠᠮᠢᠶᠠᠷᠤᠯᠲᠠ ᠬᠠᠮᠠᠭ᠋ᠠᠯᠠᠯᠲᠠ ᠵᠢᠨ ᠠᠵᠢᠯ᠎ᠢ ᠰᠠᠶ᠋ᠢᠲᠤᠷ ᠬᠢᠵᠦ ᠪᠤᠢ
ᠭᠦᠭᠡᠬᠤᠲᠠ ᠣᠶ ᠰᠢᠭᠤᠢ ᠪᠠ ᠨᠤᠲᠤᠭ ᠪᠡᠯᠴᠢᠭᠡᠷ᠎ᠤᠨ ᠬᠥᠨᠥᠭᠡᠯᠲᠡᠢ ᠠᠮᠢᠳᠤ ᠪᠣᠳᠠᠰ᠎ᠢ ᠰᠡᠷᠭᠡᠶ᠋ᠢᠯᠡᠨ ᠵᠠᠰᠠᠬᠤ ᠡᠮ᠎ᠤᠨ ᠵᠦᠢ᠍ᠯ᠎ᠢ ᠲᠠᠷᠬᠠᠭ᠋ᠠᠵᠠᠢ
ᠡᠯᠡᠰᠦ ᠵᠢ ᠬᠤᠷᠢᠭᠯᠠᠵᠤ ᠨᠤᠳᠤᠭ ᠤᠰᠤ᠎ᠪᠠᠨ ᠨᠤᠭᠤᠭ᠋ᠠᠷᠠᠭᠤᠯᠤᠨ᠎ᠠ
ᠮᠧᠩ ᠰᠢ ᠪᠠᠯᠭ᠋ᠠᠰᠤ 《ᠰᠠᠷᠭ᠋ᠠᠢ ᠴᠡᠴᠡᠭ᠎ᠤᠨ ᠵᠢᠵᠢᠭ ᠪᠠᠯᠭ᠋ᠠᠰᠤ》 ᠵᠢ ᠪᠦᠬᠦ ᠬᠦᠴᠦᠨ ᠵᠶ᠋ᠠᠷ ᠵᠶ᠋ᠠᠨ ᠴᠣᠭᠴᠠᠯᠠᠨ ᠪᠠᠶ᠋ᠢᠭᠤᠯᠵᠤ ᠪᠠᠶ᠋ᠢᠨ᠎ᠠ
 
             蒙ICP备05000248号