ᠰᠢᠯᠤᠭᠤᠨ ᠬᠥᠬᠡ ᠬᠤᠰᠢᠭᠤᠨ᠎ᠤ ᠰᠠᠩ᠎ᠤᠨ ᠳᠠᠯᠠᠢ ᠪᠠᠯᠭ᠋ᠠᠰᠤ ᠵᠢᠨ ᠡᠷᠳᠡᠨᠢᠳᠠᠯᠠᠢ ᠭᠠᠴᠠᠭ᠎ᠠ ᠵᠢᠨ ᠨᠤᠳᠤᠭ᠎ᠲᠠᠬᠢ ᠬᠤᠯᠠᠨ ᠰᠢᠷᠭ᠎ᠠ ᠳᠠᠭ᠎ᠠ ᠵᠢᠨ ᠡᠯᠡᠰᠦᠷᠬᠡᠭ ᠭᠠᠵᠠᠷ᠎ᠤᠨ ᠵᠠᠰᠠᠯᠲᠠ ᠵᠢᠨ ᠣᠷᠣᠨ᠎ᠢ ᠬᠠᠷᠠᠬᠤᠶ᠎ᠠ ᠬᠠᠶ᠋ᠢᠯᠠᠰᠤ᠂ ᠰᠢᠷ᠎ᠠ ᠪᠤᠷᠭ᠋ᠠᠰᠤ ᠭᠡᠰᠡᠭ ᠭᠡᠰᠡᠭ ᠵᠶ᠋ᠠᠷ ᠪᠠᠭᠰᠢᠷᠠᠨ ᠤᠷᠭᠤᠵᠦ᠂ ᠠᠮᠢᠵᠢᠷᠠᠯ ᠪᠢᠯᠬᠠᠨ᠎ᠠ᠃ ᠣᠶ᠋ᠢᠷ᠎ᠠ᠎ᠳᠤ᠂ ᠰᠤᠷᠪᠤᠯᠵᠢᠯᠠᠭᠴᠢ ᠪᠠᠲᠤᠪᠦ᠋ᠬᠡ ᠵᠢ ᠳᠠᠭ᠋ᠠᠵᠤ ᠵᠠᠰᠠᠯᠲᠠ ᠵᠢᠨ ᠣᠷᠣᠨ᠎ᠳᠤ ᠬᠦᠷᠭᠦ᠎ᠳᠤ ᠲᠡᠷᠡ᠂ ᠠᠮᠢ ᠠᠬᠤᠢ ᠣᠷᠴᠢᠨ ᠲᠤᠭᠤᠷᠢᠨ ᠰᠠᠶ᠋ᠢᠵᠢᠷᠠᠬᠰᠠᠨᠠᠴᠠ ᠥᠩᠭᠡᠷᠡᠭᠰᠡᠨ᠎ᠤ ᠡᠯᠡᠰᠦᠨ ᠴᠦᠯ ᠨᠣᠭᠤᠭ᠋ᠠᠨ ᠪᠦᠷᠢᠳᠦ ᠪᠤᠯᠵᠦ ᠬᠤᠪᠢᠷᠠᠭ᠋ᠠᠳ᠂ ᠡᠪᠡᠰᠦᠨ᠎ᠤ ᠤᠨᠠᠯᠲᠠ ᠵᠢ ᠴᠤ᠌ ᠮᠦ᠍ ᠪᠦᠷᠢ᠎ᠳᠤ 300 ᠵᠢᠩ ᠣᠷᠴᠢᠮ ᠪᠣᠯᠲᠠᠯ᠎ᠠ ᠳᠡᠭᠡᠭᠰᠢᠯᠡᠭᠦᠯᠦᠭᠰᠡᠨ ᠪᠠᠶ᠋ᠢᠨ᠎ᠠ ᠭᠡᠵᠦ ᠶᠠᠷᠢᠨ᠎ᠠ᠃ ᠪᠠᠲᠤᠪᠦ᠋ᠬᠡ ᠪᠣᠯ ᠰᠠᠩ᠎ᠤᠨ ᠳᠠᠯᠠᠢ ᠪᠠᠯᠭ᠋ᠠᠰᠤᠨ᠎ᠤ ᠪᠡᠯᠴᠢᠭᠡᠷᠯᠡᠬᠦᠯᠬᠦ ᠵᠢ ᠵᠤᠬᠰᠤᠭ᠋ᠠᠬᠤ ᠣᠷᠣᠨ᠎ᠤ ᠨᠤᠲᠤᠭ ᠪᠡᠯᠴᠢᠭᠡᠷ᠎ᠢ ᠬᠠᠮᠢᠶᠠᠷᠤᠨ ᠬᠠᠮᠠᠭ᠋ᠠᠯᠠᠭᠴᠢ ᠶᠤᠮ᠂ 13 ᠵᠢᠯ ᠨᠤᠲᠤᠭ ᠪᠡᠯᠴᠢᠭᠡᠷ᠎ᠢ ᠬᠠᠮᠢᠶᠠᠷᠴᠦ ᠬᠠᠮᠠᠭ᠋ᠠᠯᠠᠬᠰᠠᠨ ᠠᠵᠢᠯ᠎ᠤᠨ ᠲᠤᠷᠰᠢᠯᠭ᠎ᠠ᠎ᠲᠠᠢ ᠲᠡᠷᠡ᠎ᠪᠠᠷ ᠡᠨᠡ ᠬᠦ᠌ ᠨᠣᠭᠤᠭ᠋ᠠᠨ ᠪᠦᠷᠢᠳᠦ ᠬᠢᠯᠪᠠᠷ ᠪᠤᠰᠤ᠎ᠪᠠᠷ ᠢᠷᠡᠭᠰᠡᠨ᠎ᠢ ᠰᠠᠶ᠋ᠢᠨ ᠮᠡᠳᠡᠨ᠎ᠠ᠃
ᠡᠷᠳᠡᠨᠢᠳᠠᠯᠠᠢ ᠭᠠᠴᠠᠭ᠋ᠠᠨ᠎ᠳᠠᠬᠢ ᠬᠤᠯᠠᠨ ᠰᠢᠷᠭ᠎ᠠ ᠳᠠᠭ᠎ᠠ ᠵᠢᠨ ᠡᠯᠡᠰᠦᠷᠬᠡᠭ ᠭᠠᠵᠠᠷ᠎ᠤᠨ ᠵᠠᠰᠠᠯᠲᠠ ᠵᠢᠨ ᠣᠷᠣᠨ᠎ᠨᠢ ᠬᠠᠮᠠᠷ ᠬᠠᠳᠬᠤᠬᠤ ᠡᠪᠡᠰᠦ ᠦᠭᠡᠢ ᠡᠯᠡᠰᠦᠨ ᠴᠦᠯ᠎ᠠᠴᠠ ᠲᠤᠷᠤᠭ ᠮᠣᠳᠣ ᠵᠠᠯᠭ᠋ᠠᠯᠳᠤᠭᠰᠠᠨ ᠨᠣᠭᠤᠭ᠋ᠠᠨ ᠪᠦᠷᠢᠳᠦ ᠪᠤᠯᠤᠬᠰᠠᠨ᠎ᠨᠢ ᠮᠠᠨ᠎ᠤ ᠠᠶ᠋ᠢᠮᠠᠭ᠎ᠤᠨ ᠪᠡᠭᠡᠵᠢᠩ ᠲᠢᠶᠠᠨᠵᠢᠨ᠎ᠤ ᠰᠠᠯᠬᠢ ᠡᠯᠡᠰᠦᠨ᠎ᠤ ᠡᠬᠢ ᠵᠢ ᠵᠠᠰᠠᠬᠤ ᠢᠨᠵᠧᠨᠧᠷᠢᠩ᠎ᠢ ᠨᠢᠭᠡᠳᠦᠯᠲᠡᠢ ᠲᠥᠯᠥᠪᠵᠢᠭᠦᠯᠦᠨ ᠬᠡᠷᠡᠭᠵᠢᠭᠦᠯᠦᠭᠰᠡᠨ᠎ᠤ ᠦᠷ᠎ᠠ ᠠᠰᠢᠭ ᠶᠤᠮ᠃ 2000 ᠣᠨ᠎ᠠᠴᠠ ᠨᠠᠭ᠋ᠠᠰᠢ᠂ ᠰᠢᠯᠤᠭᠤᠨ ᠬᠥᠬᠡ ᠬᠤᠰᠢᠭᠤ ᠠᠮᠢ ᠠᠬᠤᠢ ᠵᠢᠨ ᠪᠦᠲᠦᠭᠡᠨ ᠪᠠᠶ᠋ᠢᠭᠤᠯᠤᠯᠲᠠ ᠵᠢᠨ ᠢᠨᠵᠧᠨᠧᠷᠢᠩ᠎ᠢ ᠯᠠᠪᠳᠠᠭᠤᠨ ᠪᠠᠲᠤᠲᠠᠢ ᠠᠬᠢᠭᠤᠯᠵᠤ᠂ ᠨᠡᠶ᠋ᠢᠲᠡ 10 ᠳ᠋ᠦᠩᠰᠢᠭᠤᠷ ᠭᠠᠷᠤᠢ ᠲᠥᠭᠦᠷᠢᠭ᠎ᠤᠨ ᠪᠡᠯᠡ ᠣᠷᠣᠭᠤᠯᠵᠤ᠂ 535.14 ᠲᠦᠮᠡᠨ ᠮᠦ᠍ ᠲᠠᠯᠠᠪᠠᠢ ᠵᠢ ᠵᠠᠰᠠᠵᠠᠢ᠃ 《ᠪᠢᠳᠡ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ᠎ᠪᠠᠷ ᠭᠤᠣᠯ ᠵᠠᠷᠴᠢᠮ ᠪᠤᠯᠭ᠋ᠠᠵᠦ᠂ ᠪᠢᠲᠡᠭᠦᠮᠵᠢᠯᠡᠬᠦ᠎ᠪᠠᠷ ᠭᠤᠣᠯ ᠪᠣᠯᠭ᠋ᠠᠠ᠂ ᠪᠢᠲᠡᠭᠦᠮᠵᠢᠯᠡᠬᠦ ᠨᠢᠰᠭᠡᠯ ᠵᠶ᠋ᠠᠷ ᠲᠠᠷᠢᠵᠦ ᠤᠶ᠋ᠢᠵᠢᠭᠤᠯᠬᠤ᠂ ᠪᠣᠳᠠ ᠰᠥᠭᠡᠭ ᠡᠪᠡᠰᠦ ᠲᠠᠷᠢᠬᠤ ᠵᠢ ᠤᠶᠠᠯᠳᠤᠭᠤᠯᠬᠤ ᠠᠷᠭ᠎ᠠ ᠬᠡᠯᠪᠡᠷᠢ᠎ᠪᠠᠷ ᠡᠯᠡᠰᠦᠷᠬᠡᠭ ᠭᠠᠵᠠᠷ᠎ᠢ ᠶᠡᠷᠦᠩᠬᠡᠶ᠋ᠢᠯᠡᠨ ᠵᠠᠰᠠᠵᠤ᠂ ᠭᠠᠩ ᠬᠠᠭᠰᠠᠷᠠᠭ᠋ᠠᠨ᠎ᠳᠤ ᠳᠠᠭ᠋ᠠᠭ᠋ᠠᠴᠠ᠎ᠲᠠᠢ ᠬᠠᠶ᠋ᠢᠯᠠᠰᠤᠨ ᠮᠣᠳᠣ᠂ ᠰᠢᠷ᠎ᠠ ᠰᠢᠪᠠᠭ ᠵᠡᠷᠭᠡ ᠵᠢ ᠰᠣᠩᠭᠤᠵᠤ 5. 2 ᠲᠦᠮᠡᠨ ᠮᠦ᠍ ᠭᠠᠵᠠᠷ᠎ᠢ ᠨᠢᠰᠬᠡᠯ ᠵᠶ᠋ᠠᠷ ᠳᠠᠷᠢᠵᠤ ᠣᠶ᠋ᠢᠵᠢᠭᠤᠯᠤᠨ᠂ ᠨᠡᠭᠦᠳᠡᠯ ᠡᠯᠡᠰᠦᠷᠬᠡᠭ ᠭᠠᠵᠠᠷ᠎ᠲᠤ ᠬᠠᠨᠳᠤᠭᠤᠯᠤᠨ 1.3 ᠲᠦᠮᠡᠨ ᠮᠦ᠍ ᠰᠢᠷ᠎ᠠ ᠪᠤᠷᠭ᠋ᠠᠰᠤᠨ ᠡᠯᠡᠰᠦᠨ ᠬᠠᠯᠬᠠᠪᠴᠢ ᠢᠢ ᠪᠠᠶ᠋ᠢᠭᠤᠯᠵᠤ᠂ 2600 ᠮᠦ᠍ ᠭᠠᠵᠠᠷ᠎ᠲᠤ ᠪᠣᠳᠠ ᠰᠥᠭᠡᠭ ᠮᠣᠳᠣ ᠲᠠᠷᠢᠵᠦ᠂ ᠬᠠᠭ᠋ᠠᠯᠪᠤᠷᠢᠯᠠᠬᠤ ᠦᠭᠡᠢ᠎ᠪᠠᠷ 1000 ᠮᠦ᠍ ᠰᠢᠯᠢᠳᠡᠭ ᠲᠡᠵᠢᠭᠡᠯ ᠡᠪᠡᠰᠦ ᠢᠢ ᠨᠥᠬᠦᠵᠦ ᠳᠠᠷᠢᠨ᠂ 2009 ᠣᠨ᠎ᠳᠤ ᠶᠡᠷᠦᠩᠬᠡᠶ᠋ᠢᠯᠡᠨ ᠵᠠᠰᠠᠬᠤ ᠠᠵᠢᠯ᠎ᠢ ᠬᠢᠭᠰᠡᠨ᠎ᠠᠴᠠ ᠨᠠᠭ᠋ᠠᠰᠢ᠂ ᠲᠣᠰ ᠲᠥᠷᠥᠯ ᠵᠦᠢ᠍ᠯ᠎ᠤᠨ ᠣᠷᠣᠨ᠎ᠤ ᠤᠷᠭᠤᠮᠠᠯ᠎ᠤᠨ ᠬᠤᠴᠢᠯᠭ᠎ᠠ ᠵᠢᠨ ᠬᠡᠮᠵᠢᠶ᠎ᠡ ᠢᠢ 60%᠎ᠳᠤ ᠬᠦᠷᠭᠡᠪᠡ》 ᠭᠡᠵᠦ ᠰᠢᠯᠤᠭᠤᠨ ᠬᠥᠬᠡ ᠬᠤᠰᠢᠭᠤᠨ᠎ᠤ ᠨᠠᠮ᠎ᠤᠨ ᠬᠤᠷᠢᠶᠠᠨ᠎ᠤ ᠳᠡᠳ᠋ ᠱᠦᠵᠢ᠂ ᠬᠤᠰᠢᠭᠤᠨ᠎ᠤ ᠳᠠᠷᠤᠭ᠎ᠠ ᠯᠢᠦ ᠰᠢᠶᠣᠣ ᠮᠢᠨ ᠲᠠᠨᠢᠯᠴᠠᠭᠤᠯᠪᠠ᠃ ᠬᠤᠯᠠᠨ ᠰᠢᠷᠭ᠎ᠠ ᠳᠠᠭ᠎ᠠ ᠵᠢᠨ ᠡᠯᠡᠰᠦᠷᠬᠡᠭ ᠭᠠᠵᠠᠷ ᠪᠣᠯ ᠮᠠᠨ᠎ᠤ ᠤᠯᠤᠰ᠎ᠤᠨ ᠲᠠᠪᠤᠨ ᠶᠡᠭᠡ ᠡᠯᠡᠰᠦᠷᠬᠡᠭ ᠭᠠᠵᠠᠷ᠎ᠤᠨ ᠨᠢᠭᠡ ᠪᠣᠯᠣᠨ᠎ᠠ᠃ ᠶᠡᠷᠦᠩᠬᠡᠢ ᠲᠠᠯᠠᠪᠠᠶ᠎ᠨᠢ 3.84 ᠲᠦᠮᠡᠨ ᠬᠠᠪᠲᠠᠭ᠋ᠠᠢ ᠳᠥᠷᠪᠡᠯᠵᠢᠨ ᠺᠢᠯᠤᠮᠧᠳ᠋ᠷ ᠪᠠᠶ᠋ᠢᠵᠤ᠂ ᠰᠢᠯᠢ ᠵᠢᠨ ᠭᠤᠣᠯ ᠠᠶ᠋ᠢᠮᠠᠭᠲᠠᠬᠢ ᠲᠠᠯᠠᠪᠠᠶ᠎ᠨᠢ 3.2 ᠲᠦᠮᠡᠨ ᠬᠠᠪᠲᠠᠭ᠋ᠠᠢ ᠳᠥᠷᠪᠡᠯᠵᠢᠨ ᠺᠢᠯᠤᠮᠧᠳ᠋ᠷ ᠪᠠᠶ᠋ᠢᠵᠤ᠂ ᠶᠡᠷᠦᠩᠬᠡᠢ ᠲᠠᠯᠠᠪᠠᠶ ᠵᠢᠨ 83.4% ᠵᠢ ᠡᠵᠡᠯᠡᠵᠦ᠂ ᠡᠷᠢᠶᠡᠨ ᠬᠤᠲᠠ᠂ ᠰᠢᠯᠢ ᠵᠢᠨ ᠬᠤᠲᠠ᠂ ᠠᠪᠠᠭ᠎ᠠ ᠬᠤᠰᠢᠭᠤ ᠵᠡᠷᠭᠡ 9 ᠬᠤᠰᠢᠭᠤ ᠰᠢᠶᠠᠨ᠎ᠤ 24 ᠰᠤᠮᠤ ᠰᠢᠶᠠᠩ ᠪᠠᠯᠭ᠋ᠠᠰᠤ (ᠲᠠᠯᠠᠪᠠᠶ)᠎ᠪᠠᠷ ᠲᠠᠷᠬᠠᠵᠤ᠂ ᠪᠡᠭᠡᠵᠢᠩ᠎ᠠᠴᠠ ᠰᠢᠯᠤᠭᠤᠨ ᠱᠤᠭᠤᠮ ᠵᠶ᠋ᠠᠷ 180 ᠺᠢᠯᠤᠮᠧᠳ᠋ᠷ ᠵᠠᠶ᠋ᠢᠲᠠᠢ ᠪᠠᠶ᠋ᠢᠵᠦ᠂ ᠨᠡᠶ᠋ᠢᠰᠯᠡᠯ ᠪᠠ ᠤᠮᠠᠷᠠᠲᠤ ᠣᠷᠣᠨ᠎ᠠᠴᠠ ᠬᠠᠮᠤᠭ᠎ᠤᠨ ᠣᠶ᠋ᠢᠷ᠎ᠠ ᠡᠯᠡᠰᠦᠨ᠎ᠤ ᠡᠬᠢ ᠪᠤᠯᠤᠨ᠎ᠠ᠃ ᠰᠢᠯᠢ ᠵᠢᠨ ᠭᠤᠣᠯ ᠠᠶ᠋ᠢᠮᠠᠭ᠎ᠨᠢ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠪᠠ ᠤᠯᠤᠰ᠎ᠤᠨ ᠴᠢᠬᠤᠯᠠ ᠡᠨᠧᠷᠭᠢ ᠵᠢᠨ ᠰᠠᠭᠤᠷᠢᠨ ᠪᠣᠯᠤᠭᠰᠠᠨ᠎ᠤ ᠬᠤᠪᠢ᠎ᠳᠤ᠂ ᠣᠶ᠋ᠢᠷ᠎ᠠ ᠵᠢᠨ ᠠᠷᠪᠠᠨ ᠵᠢᠯ᠎ᠤᠨ ᠲᠤᠷᠰᠢ᠂ ᠪᠡᠭᠡᠵᠢᠩ ᠲᠢᠶᠠᠨᠵᠢᠨ᠎ᠤ ᠰᠠᠯᠬᠢ ᠡᠯᠡᠰᠦᠨ᠎ᠤ ᠡᠬᠢ ᠵᠢ ᠵᠠᠰᠠᠬᠤ᠂ ᠲᠠᠷᠢᠶᠠᠯᠠᠬᠤ ᠵᠢ ᠵᠣᠭᠰᠣᠭ᠋ᠠᠵᠤ ᠣᠶ ᠰᠢᠭᠤᠢ ᠡᠪᠡᠰᠦ ᠪᠡᠯᠴᠢᠭᠡᠷ᠎ᠢ ᠰᠡᠷᠭᠦᠭᠡᠬᠦ᠂ ᠥᠪᠥᠷ ᠮᠣᠩᠭᠤᠯ᠎ᠤᠨ ᠥᠨᠳᠦᠷᠯᠢᠭ᠎ᠤᠨ ᠠᠮᠢ ᠠᠬᠤᠢ ᠵᠢ ᠬᠠᠮᠠᠭ᠋ᠠᠯᠠᠬᠤ ᠪᠠ ᠰᠡᠷᠭᠦᠭᠡᠬᠦ᠂ ᠥᠪᠥᠷ ᠮᠣᠩᠭᠤᠯ᠎ᠤᠨ ᠵᠡᠭᠦᠨ ᠬᠡᠰᠡᠭ᠎ᠤᠨ ᠲᠠᠯ᠎ᠠ ᠨᠤᠲᠤᠭ᠎ᠤᠨ ᠡᠯᠡᠰᠦᠷᠬᠡᠭ ᠭᠠᠵᠠᠷ᠎ᠢ ᠶᠡᠷᠦᠩᠬᠡᠶ᠋ᠢᠯᠡᠨ ᠵᠠᠰᠠᠬᠤ ᠵᠡᠷᠭᠡ ᠭᠤᠣᠯᠳᠠᠯᠭ᠎ᠠ᠎ᠲᠠᠢ ᠢᠨᠵᠧᠨᠧᠷᠢᠩ᠎ᠤᠨ ᠲᠥᠷᠥᠯ ᠵᠦᠢ᠍ᠯ᠎ᠳᠤ ᠲᠦᠰᠢᠭᠯᠡᠨ᠂ ᠣᠶ ᠰᠢᠭᠤᠢ ᠪᠠ ᠲᠠᠯ᠎ᠠ ᠨᠤᠲᠤᠭ᠎ᠤᠨ ᠠᠮᠢ ᠠᠬᠤᠢ ᠵᠢᠨ ᠪᠦᠲᠦᠭᠡᠨ ᠪᠠᠶ᠋ᠢᠭᠤᠯᠤᠯᠲᠠ ᠵᠢᠨ ᠡᠭᠦᠷᠭᠡ ᠵᠢ ᠨᠡᠶ᠋ᠢᠲᠡ 2400 ᠭᠠᠷᠤᠢ ᠲᠦᠮᠡᠨ ᠮᠦ᠍ ᠬᠡᠷᠡᠭᠵᠢᠭᠦᠯᠦᠭᠰᠡᠨ ᠶᠤᠮ᠃ ᠲᠤᠭ᠎ᠠ ᠪᠠᠷᠢᠮᠲᠠ᠎ᠳᠤ ᠢᠯᠡᠷᠡᠭᠦᠯᠦᠭᠰᠡᠨ ᠵᠶ᠋ᠠᠷ᠂ 2010 ᠣᠨ᠎ᠤ᠎ᠬᠢ᠎ᠲᠠᠢ ᠬᠠᠷᠢᠴᠠᠭᠤᠯᠪᠠᠯ᠂ ᠪᠥᠬᠦ ᠠᠶ᠋ᠢᠮᠠᠭ᠎ᠤᠨ ᠣᠶ ᠰᠢᠭᠤᠢ ᠵᠢᠨ ᠪᠦᠷᠬᠦᠴᠡ 7.14% ᠪᠠᠶ᠋ᠢᠭᠰᠠᠨ ᠠᠴᠠ᠎ᠪᠠᠨ 7.6% ᠪᠤᠯᠤᠨ ᠨᠡᠮᠡᠭᠳᠡᠵᠦ᠂ ᠣᠶ᠋ᠢᠷ᠎ᠠ ᠵᠢᠨ ᠠᠷᠪᠠᠨ ᠵᠢᠯ᠎ᠳᠤ ᠨᠤᠲᠤᠭ ᠪᠡᠯᠴᠢᠭᠡᠷ᠎ᠤᠨ ᠲᠤᠮᠳᠠᠴᠢ ᠤᠷᠭᠤᠮᠠᠯ᠎ᠤᠨ ᠪᠦᠷᠬᠦᠴᠡ 46.21% ᠬᠦᠷᠴᠦ᠂ ᠲᠦᠷᠦᠭᠦᠤ ᠠᠷᠪᠠᠨ ᠵᠢᠯ᠎ᠤᠨ᠎ᠬᠢ᠎ᠠᠴᠠ 5.86 ᠵᠠᠭᠤᠨ᠎ᠤ ᠨᠢᠭᠡᠴᠢ ᠳᠡᠭᠡᠭᠰᠢᠯᠡᠵᠡᠢ; ᠪᠥᠬᠦ ᠠᠶ᠋ᠢᠮᠠᠭ᠎ᠤᠨ ᠡᠯᠡᠰᠦᠷᠭᠡᠭᠵᠢᠭᠰᠡᠨ ᠭᠠᠵᠠᠷ ᠰᠢᠷᠣᠢ ᠵᠢᠨ ᠲᠠᠯᠠᠪᠠᠶ 8876 ᠲᠦᠮᠡᠨ ᠮᠦ᠍ ᠪᠠᠶ᠋ᠢᠭᠰᠠᠨ᠎ᠠᠴᠠ᠎ᠪᠠᠨ 8645 ᠲᠦᠮᠡᠨ ᠮᠦ᠍ ᠪᠣᠯᠣᠨ ᠪᠠᠭ᠋ᠠᠰᠴᠤ᠂ ᠡᠭᠦᠨ᠎ᠳᠤ ᠨᠡᠭᠦᠳᠡᠯ᠂ ᠬᠠᠭ᠋ᠠᠰ ᠲᠣᠭᠲᠠᠮᠠᠯ ᠡᠯᠡᠰᠦᠷᠬᠡᠭ ᠭᠠᠵᠠᠷ᠎ᠤᠨ ᠲᠠᠯᠠᠪᠠᠶ 1044 ᠲᠦᠮᠡᠨ ᠮᠦ᠍ ᠪᠠᠶ᠋ᠢᠭᠰᠠᠨ᠎ᠠᠴᠠ᠎ᠪᠠᠨ 597 ᠲᠦᠮᠡᠨ ᠮᠦ᠍ ᠪᠣᠯᠣᠨ ᠪᠠᠭ᠋ᠠᠰᠴᠤ᠂ ᠨᠤᠲᠤᠭ ᠪᠡᠯᠴᠢᠭᠡᠷ᠎ᠤᠨ ᠤᠷᠭᠤᠮᠠᠯ᠎ᠤᠨ ᠬᠤᠴᠢᠯᠭ᠎ᠠ ᠬᠢᠭᠡᠳ ᠣᠶ ᠰᠢᠭᠤᠢ ᠵᠢᠨ ᠪᠦᠷᠬᠦᠴᠡ ᠵᠢᠨ 《ᠬᠤᠣᠰ ᠨᠡᠮᠡᠭᠳᠡᠯ》 ᠪᠠ ᠡᠯᠡᠰᠦᠷᠭᠡᠭᠵᠢᠭᠰᠡᠨ ᠭᠠᠵᠠᠷ᠎ᠤᠨ ᠲᠠᠯᠠᠪᠠᠶ ᠬᠢᠭᠡᠳ ᠡᠯᠡᠰᠦᠷᠭᠡᠭᠵᠢᠭᠰᠡᠨ ᠬᠡᠮᠵᠢᠶ᠎ᠡ ᠵᠢᠨ 《ᠬᠤᠣᠰ ᠬᠠᠰᠤᠭᠳᠠᠯ》᠎ᠤᠨ ᠬᠠᠷᠠᠯᠲᠠ ᠵᠢ ᠪᠡᠶᠡᠯᠡᠭᠦᠯᠪᠡ᠃ ᠮᠠᠨ᠎ᠤ ᠠᠶ᠋ᠢᠮᠠᠭ᠎ᠤᠨ ᠬᠤᠯᠠᠨ ᠰᠢᠷᠭ᠎ᠠ ᠳᠠᠭ᠎ᠠ ᠵᠢᠨ ᠡᠯᠡᠰᠦᠷᠬᠡᠭ ᠭᠠᠵᠠᠷ᠎ᠤᠨ ᠰᠦᠨᠦᠭᠡᠯᠳᠡ ᠵᠢᠨ ᠲᠠᠶ᠋ᠢᠯᠠᠯᠳᠤᠭ᠋ᠠᠨ᠎ᠤ 2024 ᠣᠨ᠎ᠤ ᠭᠤᠣᠯᠳᠠᠯᠭ᠎ᠠ᠎ᠲᠠᠢ ᠢᠨᠵᠧᠨᠧᠷᠢᠩ᠎ᠤᠨ ᠲᠦᠷᠦᠯ ᠵᠦᠢ᠍ᠯ᠎ᠤᠨ ᠲᠣᠬᠢᠷᠠᠭᠤᠯᠤᠯᠲᠠ ᠵᠢᠨ ᠬᠤᠷᠠᠯ ᠲᠡᠭᠡᠷ᠎ᠠ᠂ ᠬᠤᠯᠠᠨ ᠰᠢᠷᠭ᠎ᠠ ᠳᠠᠭ᠎ᠠ ᠵᠢᠨ ᠡᠯᠡᠰᠦᠷᠬᠡᠭ ᠭᠠᠵᠠᠷ᠎ᠤᠨ ᠰᠦᠨᠦᠭᠡᠯᠳᠡ ᠵᠢᠨ ᠲᠠᠶ᠋ᠢᠯᠠᠯᠳᠤᠭ᠋ᠠᠨ ᠪᠣᠯ ᠶᠡᠷᠦᠩᠬᠡᠢ ᠱᠦᠵᠢ ᠰᠢ ᠵᠢᠨ ᠫᠢᠩ᠎ᠤᠨ ᠪᠡᠶ᠎ᠡ᠎ᠪᠠᠷ ᠵᠶ᠋ᠠᠨ ᠪᠠᠶ᠋ᠢᠷᠢᠯᠠᠭᠤᠯᠤᠭᠰᠠᠨ 《ᠤᠮᠠᠷᠠᠲᠤ ᠵᠢᠨ ᠭᠤᠷᠪᠠᠨ ᠤᠷᠤᠨ》᠎ᠤ ᠢᠨᠵᠧᠨᠧᠷᠢᠩ᠎ᠤᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠤ ᠭᠤᠷᠪᠠᠨ ᠶᠡᠭᠡ ᠪᠡᠯᠭᠡ ᠲᠡᠮᠳᠡᠭ᠎ᠤᠨ ᠴᠢᠨᠠᠷᠲᠠᠢ ᠳᠠᠶ᠋ᠢᠯᠠᠯᠳᠤᠭ᠋ᠠᠨ᠎ᠤ ᠨᠢᠭᠡ ᠪᠣᠯᠣᠨ᠎ᠠ᠂ 《ᠤᠮᠠᠷᠠᠳᠦ ᠵᠢᠨ ᠭᠤᠷᠪᠠᠠ ᠤᠷᠤᠨ᠎ᠤ ᠵᠤᠷᠢᠭ ᠰᠠᠨᠠᠭ᠎ᠠ》 ᠵᠢ ᠶᠡᠬᠡᠪᠡᠷ ᠪᠠᠳᠠᠷᠠᠭᠤᠯᠵᠤ᠂ ᠠᠮᠢ ᠠᠬᠤᠢ ᠵᠢ ᠬᠠᠮᠠᠭ᠋ᠠᠯᠠᠵᠦ ᠰᠡᠷᠭᠦᠭᠡᠬᠦ ᠢᠨᠵᠧᠨᠧᠷᠢᠩ᠎ᠤᠨ ᠲᠦᠷᠦᠯ ᠵᠦᠢ᠍ᠯ᠎ᠢ ᠦᠷᠭᠦᠯᠵᠢᠯᠡᠨ ᠠᠬᠢᠭᠤᠯᠵᠤ᠂ 《ᠨᠤᠭᠤᠭ᠋ᠠᠷᠠᠭᠤᠯᠤᠯᠳᠠ ᠵᠢ ᠠᠬᠢᠭᠤᠯᠵᠦ ᠡᠯᠡᠰᠦ ᠵᠢ ᠵᠠᠰᠠᠬᠤ》 ᠰᠠᠶ᠋ᠢᠨ ᠬᠠᠨᠳᠤᠰᠢ ᠵᠢ ᠪᠠᠬᠢᠵᠢᠭᠦᠯᠦᠨ ᠬᠥᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠠᠶ᠋ᠢᠮᠠᠭ᠎ᠤᠨ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶ᠎ᠠ ᠵᠢᠨ ᠳᠠᠷᠤᠭ᠎ᠠ ᠥᠷᠭᠡᠨᠪᠠᠶᠠᠷ ᠢᠯᠡᠷᠬᠡᠶ᠋ᠢᠯᠡᠬᠦ᠎ᠳᠡᠭᠡᠨ᠂ ᠰᠢᠯᠤᠭᠤᠨ ᠬᠥᠬᠡ ᠬᠤᠰᠢᠭᠤᠨ᠎ᠤ ᠬᠤᠯᠠᠨ ᠰᠢᠷᠭ᠎ᠠ ᠳᠠᠭ᠎ᠠ ᠵᠢᠨ ᠡᠯᠡᠰᠦᠷᠬᠡᠭ ᠭᠠᠵᠠᠷ᠎ᠤᠨ ᠶᠡᠷᠦᠩᠬᠡᠶ᠋ᠢᠯᠡᠨ ᠵᠠᠰᠠᠯᠳᠠ ᠵᠢᠨ ᠣᠷᠣᠨ ᠪᠣᠯ ᠮᠠᠨ᠎ᠤ ᠠᠶ᠋ᠢᠮᠠᠭ᠎ᠤᠨ ᠬᠤᠯᠠᠨ ᠰᠢᠷᠭ᠎ᠠ ᠳᠠᠭ᠎ᠠ ᠵᠢᠨ ᠡᠯᠡᠰᠦᠷᠬᠡᠭ ᠭᠠᠵᠠᠷ᠎ᠢ ᠶᠡᠷᠦᠩᠬᠡᠶ᠋ᠢᠯᠡᠨ ᠵᠠᠰᠠᠬᠤ ᠨᠢᠭᠡᠨ ᠬᠤᠷᠢᠶᠠᠩᠭᠤᠢ ᠳᠦᠷᠬᠦ ᠪᠣᠯᠣᠨ᠎ᠠ᠃ ᠪᠢᠳᠡ ᠠᠮᠢ ᠠᠬᠤᠢ ᠵᠢᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢ ᠦᠷᠭᠦᠯᠵᠢᠯᠡᠨ ᠭᠦᠨᠵᠡᠭᠡᠢ ᠠᠬᠢᠭᠤᠯᠵᠤ᠂ ᠠᠮᠢ ᠠᠬᠤᠢ᠂ ᠠᠵᠤ ᠠᠬᠤᠢ ᠪᠠ ᠨᠡᠶ᠋ᠢᠭᠡᠮ᠎ᠤᠨ ᠦᠷ᠎ᠠ ᠠᠰᠢᠭ ᠭᠥᠷᠳᠡᠬᠦ ᠵᠢ ᠴᠢᠷᠮᠠᠶ᠋ᠢᠨ ᠪᠡᠶᠡᠯᠡᠭᠦᠯᠵᠦ᠂ ᠡᠨᠡ ᠵᠢᠯ ᠵᠠᠭᠤᠨ ᠲᠦᠮᠡᠨ ᠮᠦ᠍ ᠰᠢᠬᠠᠮ ᠡᠯᠡᠰᠦᠷᠭᠡᠭᠵᠢᠯ᠎ᠢ ᠰᠡᠷᠭᠡᠶ᠋ᠢᠯᠡᠵᠦ ᠡᠯᠡᠰᠦ ᠵᠢ ᠵᠠᠰᠠᠬᠤ ᠠᠵᠢᠯ᠎ᠢ ᠪᠡᠶᠡᠯᠡᠭᠦᠯᠬᠦ ᠵᠢᠨ ᠬᠠᠮᠲᠤ ᠮᠠᠨ᠎ᠤ ᠠᠶ᠋ᠢᠮᠠᠭ᠎ᠤᠨ ᠵᠢᠯᠤᠭᠤᠳᠬᠤ ᠰᠠᠨᠠᠯ᠎ᠢ ᠨᠠᠷᠢᠨ ᠬᠢᠨᠠᠮᠠᠭ᠋ᠠᠢ ᠨᠠᠶ᠋ᠢᠳᠠᠪᠤᠷᠢᠵᠢᠭᠤᠯᠵᠤ᠂ ᠥᠷᠭᠡᠨ ᠣᠯᠠᠨ ᠮᠠᠯᠴᠢᠨ ᠲᠠᠷᠢᠶᠠᠴᠢᠨ᠎ᠢ ᠡᠯᠡᠰᠦᠷᠭᠡᠭᠵᠢᠯ᠎ᠢ ᠰᠡᠷᠭᠡᠶ᠋ᠢᠯᠡᠬᠦ ᠠᠵᠢᠯ᠎ᠳᠤ ᠣᠷᠣᠯᠴᠠᠭᠤᠯᠵᠤ᠂ ᠮᠠᠯᠴᠢᠳ᠎ᠤᠨ ᠣᠷᠣᠯᠭ᠎ᠠ ᠵᠢ ᠨᠡᠮᠡᠭᠳᠡᠭᠦᠯᠬᠦ᠂ ᠠᠮᠢ ᠠᠬᠤᠢ ᠵᠢ ᠨᠣᠭᠤᠭ᠋ᠠᠷᠠᠭᠤᠯᠬᠤ ᠬᠤᠤᠰ ᠠᠰᠢᠭ᠎ᠤᠨ ᠬᠠᠷᠠᠯᠲᠠ ᠵᠢ ᠪᠡᠶᠡᠯᠡᠭᠦᠯᠦᠨ᠎ᠡ ᠭᠡᠪᠡ᠃