ᠬᠠᠪᠤᠷ᠎ᠤᠨ ᠤᠷᠢ ᠬᠠᠶᠠᠭ᠋ᠠᠨᠳᠤ ᠰᠠᠭ᠋ᠠᠳᠠᠵᠤ᠂ ᠬᠠᠮᠤᠭ ᠪᠤᠳᠠᠰ ᠠᠮᠢᠯᠠᠯ ᠵᠶ᠋ᠠᠷ ᠰᠡᠷᠭᠦᠭᠰᠡᠨ ᠰᠦᠨᠢᠳ᠎ᠤᠨ ᠳᠠᠯᠠᠳᠤ᠂ ᠬᠤᠯᠠᠨ ᠰᠦᠷᠦᠭ ᠬᠢᠯᠢ ᠳᠠᠮᠵᠢᠨ ᠵᠤᠴᠢᠯᠠᠵᠤ᠂ ᠬᠤᠰᠢᠭᠤ ᠠᠮᠢ ᠠᠬᠤᠢ ᠤᠷᠴᠢᠨ ᠳᠤᠭᠤᠷᠢᠨ ᠢᠳᠡᠭᠡᠨ ᠪᠠ ᠡᠮ᠎ᠤᠨ ᠵᠦᠢ᠍ᠯᠡᠰ᠎ᠤᠨ ᠳᠤᠷᠰᠢᠨ ᠪᠠᠶ᠋ᠢᠴᠠᠭ᠋ᠠᠬᠤ ᠶᠡᠭᠡ ᠠᠩᠭᠢ ᠵᠢᠨ ᠠᠷᠠᠳ᠎ᠤᠨ ᠴᠠᠭᠳᠠᠭ᠎ᠠ ᠨᠠᠷ ᠡᠪᠡᠰᠦ ᠤᠰᠤ ᠤᠶ᠋ᠢᠷᠠᠳᠤᠭᠤᠯᠤᠨ᠂ ᠤᠨᠴᠠᠭ᠋ᠠᠢ ᠵᠤᠴᠢᠳ ᠵᠶ᠋ᠠᠨ ᠠᠷᠠᠴᠢᠯᠠᠵᠤ ᠪᠠᠶ᠋ᠢᠨ᠎ᠠ᠃ ᠥᠷᠯᠥᠭᠡ ᠡᠷᠲᠡ᠂ ᠬᠤᠰᠢᠭᠤ ᠠᠮᠢ ᠠᠬᠤᠢ ᠤᠷᠴᠢᠨ ᠳᠤᠭᠤᠷᠢᠨ ᠢᠳᠡᠭᠡᠨ ᠪᠠ ᠡᠮ᠎ᠤᠨ ᠵᠦᠢ᠍ᠯᠡᠰ᠎ᠤᠨ ᠳᠤᠷᠰᠢᠨ ᠪᠠᠶ᠋ᠢᠴᠠᠭ᠋ᠠᠬᠤ ᠶᠡᠭᠡ ᠠᠩᠭᠢ ᠵᠢᠨ ᠠᠷᠠᠳ᠎ᠤᠨ ᠴᠠᠭᠳᠠᠭ᠎ᠠ ᠨᠠᠷ ᠪᠤᠭᠤᠵᠢ᠎ᠲᠠᠢ ᠡᠪᠡᠰᠦ ᠮᠠᠰᠢᠨᠳᠤ᠎ᠪᠠᠨ ᠠᠴᠢᠭ᠋ᠠᠳ ᠬᠢᠯᠢ ᠨᠤᠳᠤᠭ᠎ᠢ ᠵᠤᠷᠢᠵᠤ᠂ ᠬᠤᠯᠠᠨ ᠰᠦᠷᠦᠭ᠎ᠤᠨ ᠪᠡᠯᠴᠢᠭᠡᠷᠯᠡᠳᠡᠭ ᠭᠠᠵᠠᠷ ᠵᠶ᠋ᠠᠷ ᠪᠤᠭᠤᠵᠢ᠎ᠲᠠᠢ ᠡᠪᠡᠰᠦ᠎ᠪᠠᠨ ᠳᠠᠷᠬᠠᠭ᠋ᠠᠵᠤ᠂ ᠤᠶ᠋ᠢᠷ᠎ᠠ ᠤᠷᠴᠢᠨ᠎ᠤ ᠠᠮᠤᠷ ᠲᠦᠪᠰᠢᠨ᠎ᠤ ᠪᠠᠶ᠋ᠢᠳᠠᠯ᠎ᠢ ᠠᠵᠢᠭᠯᠠᠯ᠎ᠠ᠃
ᠬᠡᠭᠡᠷ᠎ᠡ ᠵᠢᠨ ᠠᠮᠢᠲᠠᠨ᠎ᠤ ᠠᠮᠤᠷ ᠲᠦᠪᠰᠢᠨ᠎ᠢ ᠪᠠᠳᠤᠯᠠᠬᠤ ᠵᠢᠨ ᠲᠦᠯᠦᠬᠡ᠂ ᠬᠢᠯᠢ ᠨᠤᠳᠤᠭ᠎ᠤᠨ ᠮᠠᠯᠴᠢᠳ ᠴᠦ᠍ 《ᠲᠣᠭᠤᠷᠢᠨ ᠬᠠᠮᠠᠭ᠋ᠠᠯᠠᠬᠤ ᠡᠩᠨᠡᠭᠡ》᠎ᠳᠤ ᠢᠳᠡᠪᠬᠢᠯᠡᠨ ᠤᠷᠤᠯᠴᠠᠵᠤ᠂ ᠢᠯᠡᠴᠢᠯᠡᠨ ᠮᠡᠳᠡᠭᠦᠯᠬᠦ᠂ ᠠᠪᠤᠷᠠᠨ ᠳᠡᠩᠭᠡᠷᠡᠬᠦᠯᠬᠦ ᠠᠵᠢᠯ᠎ᠢ ᠤᠬᠠᠮᠰᠠᠷ᠎ᠠᠴᠠ᠎ᠪᠠᠨ ᠬᠢᠵᠦ᠂ ᠠᠷᠠᠳ᠎ᠤᠨ ᠴᠠᠭᠳᠠᠭ᠎ᠠ ᠨᠠᠷ᠎ᠤᠨ ᠰᠠᠶ᠋ᠢᠨ ᠳᠤᠰᠠᠯᠠᠭᠴᠢ᠂ ᠠᠮᠢ ᠠᠬᠤᠢ ᠵᠢᠨ ᠳᠠᠷᠬᠠᠨ ᠬᠠᠮᠠᠭ᠋ᠠᠯᠠᠭᠴᠢ ᠪᠤᠯᠵᠤ ᠪᠠᠶ᠋ᠢᠨ᠎ᠠ᠃
ᠣᠶ᠋ᠢᠷ᠎ᠠ ᠵᠢᠨ ᠵᠢᠯ᠎ᠳᠤ᠂ ᠬᠤᠰᠢᠭᠤ ᠠᠮᠢ ᠠᠬᠤᠢ ᠤᠷᠴᠢᠨ ᠳᠤᠭᠤᠷᠢᠨ ᠢᠳᠡᠭᠡᠨ ᠪᠠ ᠡᠮ᠎ᠤᠨ ᠵᠦᠢ᠍ᠯᠡᠰ᠎ᠤᠨ ᠳᠤᠷᠰᠢᠨ ᠪᠠᠶ᠋ᠢᠴᠠᠭ᠋ᠠᠬᠤ ᠶᠡᠭᠡ ᠠᠩᠭᠢ ᠬᠡᠭᠡᠷ᠎ᠡ ᠵᠢᠨ ᠠᠮᠢᠲᠠᠨ᠎ᠤ ᠤᠰᠤ ᠤᠤᠭᠤᠬᠤ ᠴᠡᠭ᠎ᠢ ᠨᠡᠮᠡᠨ ᠳᠤᠬᠢᠷᠠᠭᠤᠯᠵᠤ᠂ ᠲᠣᠭᠤᠷᠢᠨ ᠪᠠᠶ᠋ᠢᠴᠠᠭ᠋ᠠᠵᠤ ᠬᠠᠮᠢᠶᠠᠷᠤᠨ ᠬᠠᠮᠠᠭ᠋ᠠᠯᠠᠬᠤ ᠡᠷᠴᠢᠮ ᠵᠶ᠋ᠠᠨ ᠴᠢᠩᠭ᠋ᠠᠷᠠᠭᠤᠯᠬᠤ᠂ ᠭᠡᠭᠡᠷ᠎ᠡ ᠵᠢᠨ ᠠᠮᠢᠳᠠᠨ᠎ᠤ ᠪᠡᠯᠴᠢᠭᠡᠷᠯᠡᠳᠡᠭ ᠤᠷᠤᠨ᠎ᠳᠤ ᠳᠡᠵᠢᠭᠡᠯ ᠪᠤᠷᠳᠤᠭ᠎ᠠ ᠰᠠᠴᠤᠬᠤ᠂ ᠬᠠᠭᠤᠷᠠᠢ ᠡᠪᠡᠰᠦ ᠳᠠᠯᠪᠢᠬᠤ᠂ ᠳᠠᠪᠤᠰᠤ ᠬᠠᠶᠠᠬᠤ᠂ ᠨᠢᠭᠤᠴᠠ᠎ᠪᠠᠷ ᠠᠩᠨᠠᠬᠤ ᠦᠶᠯᠡ ᠠᠵᠢᠯᠯᠠᠭ᠎ᠠ᠎ᠳᠤ ᠴᠣᠬᠢᠯᠲᠠ ᠥᠭᠬᠦ ᠵᠡᠷᠭᠡ ᠠᠷᠭ᠎ᠠ ᠬᠡᠮᠵᠢᠶ᠎ᠡ ᠠᠪᠤᠭᠰᠠᠨ ᠵᠶ᠋ᠠᠷ᠂ ᠬᠡᠭᠡᠷ᠎ᠡ ᠵᠢᠨ ᠠᠮᠢᠲᠠᠨ᠎ᠤ ᠳᠤᠭ᠎ᠠ ᠳᠤᠯᠤᠭ᠋ᠠᠢ ᠵᠢᠯ ᠳᠤᠰᠤᠮ ᠵᠶ᠋ᠠᠨ ᠤᠯᠠᠰᠢᠷᠠᠵᠤ᠂ ᠵᠡᠭᠡᠷ᠎ᠡ᠂ ᠬᠤᠯᠠᠨ᠂ ᠠᠷᠭ᠋ᠠᠯᠢ ᠵᠡᠷᠭᠡ ᠭᠤᠤᠯᠳᠠᠯᠭ᠎ᠠ᠎ᠲᠠᠢ ᠬᠠᠮᠠᠭ᠋ᠠᠯᠠᠯᠳᠠ ᠵᠢᠨ ᠠᠮᠢᠳᠠᠳ ᠰᠦᠨᠢᠳ᠎ᠤᠨ ᠳᠠᠯᠠᠳᠤ ᠤᠷᠤᠩᠨᠠᠨ ᠠᠮᠢᠳᠤᠷᠠᠬᠤ ᠪᠤᠯᠵᠠᠢ᠃