ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
ᠰᠢᠯᠢ ᠵᠢᠨ ᠬᠤᠲᠠ ᠭᠤᠣᠯ ᠮᠥᠷᠡᠨ ᠨᠠᠭᠤᠷ ᠴᠥᠭᠦᠷᠥᠮ᠎ᠤᠨ ᠬᠠᠮᠢᠶᠠᠷᠤᠯᠲᠠ ᠬᠠᠮᠠᠭ᠋ᠠᠯᠠᠯᠲᠠ ᠵᠢᠨ ᠠᠵᠢᠯ᠎ᠢ ᠰᠠᠶ᠋ᠢᠲᠤᠷ ᠬᠢᠵᠦ ᠪᠤᠢ
ᠨᠡᠶ᠋ᠢᠲᠡᠯᠡᠭᠰᠡᠨ ᠴᠠᠭ᠄ 2024-04-24

  
    ᠣᠶ᠋ᠢᠷ᠎ᠠ ᠵᠢᠨ ᠵᠢᠯ᠎ᠠᠴᠠ᠂ ᠰᠢᠯᠢ ᠵᠢᠨ ᠬᠤᠲᠠ ᠭᠤᠣᠯ ᠮᠥᠷᠡᠨ ᠨᠠᠭᠤᠷ ᠴᠥᠭᠦᠷᠥᠮ᠎ᠢ ᠵᠠᠰᠠᠬᠤ ᠠᠵᠢᠯ᠎ᠤᠨ ᠰᠡᠳᠬᠢᠮᠵᠢ᠎ᠪᠠᠨ ᠲᠠᠰᠤᠷᠠᠯᠲᠠ ᠦᠭᠡᠢ ᠰᠢᠨᠡᠴᠢᠯᠡᠵᠦ᠂ ᠭᠤᠣᠯ ᠮᠥᠷᠡᠨ ᠨᠠᠭᠤᠷ ᠴᠥᠭᠦᠷᠥᠮ᠎ᠢ ᠪᠠᠶ᠋ᠢᠩᠭᠤᠵᠢᠭᠤᠯᠤᠨ ᠬᠠᠮᠢᠶᠠᠷᠴᠤ ᠬᠠᠮᠠᠭ᠋ᠠᠯᠠᠬᠤ ᠬᠢᠷᠢ ᠲᠦᠪᠰᠢᠨ ᠵᠶ᠋ᠠᠨ ᠦᠷᠭᠦᠯᠵᠢᠯᠡᠨ ᠳᠡᠭᠡᠭᠰᠢᠯᠡᠭᠦᠯᠵᠦ᠂ ᠭᠤᠣᠯᠳᠠᠯᠭ᠎ᠠ᠎ᠲᠠᠢ ᠰᠠᠪᠠ ᠭᠠᠵᠠᠷ᠎ᠤᠨ ᠵᠠᠰᠠᠯᠲᠠ ᠵᠢ ᠴᠢᠩᠭ᠋ᠠᠳᠬᠠᠬᠤ᠎ᠪᠠᠷ ᠰᠠᠭᠤᠷᠢ ᠪᠣᠯᠭ᠋ᠠᠠ᠂ ᠪᠦᠬᠦ ᠬᠤᠲᠠ ᠵᠢᠨ ᠭᠤᠣᠯ ᠮᠥᠷᠡᠨ ᠨᠠᠭᠤᠷ ᠴᠥᠭᠦᠷᠥᠮ᠎ᠤᠨ ᠠᠮᠢ ᠠᠬᠤᠢ ᠵᠢᠨ ᠵᠠᠰᠠᠯᠲᠠ᠂ ᠬᠠᠮᠠᠭ᠋ᠠᠯᠠᠯᠲᠠ ᠪᠠ ᠰᠡᠷᠭᠦᠭᠡᠯᠲᠡ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠪᠦᠳᠦᠮᠵᠢᠳᠠᠢ ᠠᠷᠭ᠎ᠠ ᠬᠡᠮᠵᠢᠶ᠎ᠡ᠎ᠪᠠᠷ ᠭᠤᠣᠯ ᠮᠥᠷᠡᠨ ᠨᠠᠭᠤᠷ ᠴᠥᠭᠦᠷᠥᠮ᠎ᠤᠨ ᠳᠦᠷᠰᠦ ᠪᠠᠶ᠋ᠢᠳᠠᠯ᠎ᠤᠨ ᠲᠣᠭᠲᠠᠭᠤᠨ ᠵᠶ᠋ᠠᠷ ᠰᠠᠶ᠋ᠢᠵᠢᠷᠠᠬᠤ ᠵᠢ ᠠᠬᠢᠭᠤᠯᠵᠠᠢ᠃ ᠭᠤᠣᠯ ᠮᠥᠷᠡᠨ ᠨᠠᠭᠤᠷ ᠴᠥᠭᠦᠷᠥᠮ᠎ᠤᠨ ᠬᠠᠮᠢᠶᠠᠷᠤᠯᠲᠠ ᠵᠢ ᠤᠯᠠᠮ ᠴᠢᠩᠭ᠋ᠠᠳᠬᠠᠬᠤ ᠵᠢᠨ ᠲᠥᠯᠥᠭᠡ᠂ ᠰᠢᠯᠢ ᠵᠢᠨ ᠬᠤᠲᠠ 《ᠬᠤᠳᠠ᠂ ᠰᠤᠮᠤ᠂ ᠭᠠᠴᠠᠭ᠎ᠠ》 ᠭᠤᠷᠪᠠᠨ ᠳᠡᠰ᠎ᠤᠨ ᠭᠤᠣᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ ᠵᠢᠨ ᠰᠢᠰᠲ᠋ᠧᠮ᠎ᠢ ᠪᠠᠶ᠋ᠢᠭᠤᠯᠤᠨ ᠪᠦᠷᠢᠨᠰᠢᠭᠦᠯᠵᠦ᠂ ᠭᠤᠷᠪᠠᠠ ᠳᠡᠰ᠎ᠤᠨ ᠭᠤᠣᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ ᠵᠢ 99 ᠵᠢ ᠲᠣᠬᠢᠷᠠᠭᠤᠯᠵᠤ᠂ ᠤᠯᠠᠷᠢᠯ ᠪᠦᠷᠢ᠂ ᠰᠠᠷ᠎ᠠ ᠪᠦᠷᠢ᠂ ᠭᠠᠷᠠᠭ ᠪᠦᠷᠢ ᠠᠳᠠᠭ᠎ᠲᠠᠭᠠᠨ ᠨᠢᠭᠡ ᠤᠳᠠᠭ᠎ᠠ ᠪᠦ᠍ᠬᠦ ᠬᠤᠳᠠ ᠵᠢᠨ ᠭᠤᠣᠯ ᠮᠥᠷᠡᠨ᠎ᠳᠤ ᠪᠠᠶ᠋ᠢᠩᠭᠤ ᠵᠢᠨ ᠲᠣᠭᠤᠷᠢᠨ ᠪᠠᠶ᠋ᠢᠴᠠᠭ᠋ᠠᠯᠲᠠ ᠬᠢᠬᠦ ᠪᠤᠯᠪᠠ᠃ ᠡᠭᠦᠨ᠎ᠤ ᠬᠠᠮᠲᠤ᠂ ᠤᠯᠠᠨ ᠰᠠᠯᠠᠭ᠎ᠠ ᠮᠥᠴᠢᠷ ᠬᠠᠮᠲᠤᠷᠠᠨ ᠬᠠᠤᠯᠢ ᠬᠡᠷᠡᠭᠵᠢᠭᠦᠯᠬᠦ ᠠᠵᠢᠯ᠎ᠤᠨ ᠲᠣᠭᠲᠠᠴᠠ ᠵᠢ ᠰᠢᠨ᠎ᠡ᠎ᠪᠠᠷ ᠡᠭᠦᠳᠴᠦ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠣᠯᠣᠨ ᠡᠷᠡᠭᠦᠦ ᠵᠢᠨ ᠬᠡᠷᠡᠭ᠎ᠤᠨ ᠬᠠᠤᠯᠢ ᠪᠠᠷᠢᠬᠤ ᠵᠢᠨ ᠪᠦ᠍ᠲᠦᠮᠵᠢᠲᠡᠢ ᠵᠣᠯᠭ᠋ᠠᠯᠴᠠᠭ᠎ᠠ ᠵᠢ ᠴᠢᠩᠭ᠋ᠠᠳᠬᠠᠠ᠂ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ᠂ ᠡᠭᠦᠷᠭᠡ ᠴᠢᠳᠠᠪᠬᠢ᠎ᠪᠠᠨ ᠬᠠᠷᠢᠯᠴᠠᠨ ᠨᠥᠬᠦᠪᠦᠷᠢᠯᠡᠬᠦ᠎ᠪᠠᠷ ᠳᠠᠮᠵᠢᠨ ᠬᠠᠮᠲᠤᠪᠠᠷ ᠠᠳᠬᠤᠵᠤ ᠬᠠᠮᠲᠤᠪᠠᠷ ᠬᠠᠮᠢᠶᠠᠷᠤᠨ᠂ ᠦᠷ᠎ᠡ ᠪᠦᠲᠦᠮᠵᠢ ᠭᠠᠷᠭ᠋ᠠᠬᠤ ᠵᠢ ᠠᠬᠢᠭᠤᠯᠪᠠ᠃ ᠣᠯᠠᠨ ᠲᠦᠮᠡᠨ᠎ᠤ ᠣᠷᠴᠢᠨ ᠲᠣᠭᠤᠷᠢᠨ᠎ᠢ ᠬᠠᠮᠠᠭ᠋ᠠᠯᠠᠬᠤ ᠤᠬᠠᠮᠰᠠᠷ᠎ᠢ ᠴᠢᠩᠭ᠋ᠠᠳᠬᠠᠵᠦ᠂ ᠭᠤᠣᠯ ᠮᠥᠷᠡᠨ ᠨᠠᠭᠤᠷ ᠴᠥᠭᠦᠷᠥᠮ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠢᠳᠡᠪᠬᠢᠵᠢᠯ ᠪᠠ ᠰᠠᠨᠠᠭ᠋ᠠᠴᠢᠯᠠᠭ᠋ᠠᠲᠤ ᠴᠢᠨᠠᠷ᠎ᠢ ᠦᠨᠡᠨ ᠬᠦ᠌ ᠳᠠᠶ᠋ᠢᠴᠢᠯᠠᠬᠤ ᠵᠢᠨ ᠲᠦᠯᠦᠭᠡ ᠰᠢᠯᠢ ᠵᠢᠨ ᠬᠤᠲᠠ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠣᠯᠠᠨ ᠵᠦᠢ᠍ᠯ᠎ᠤᠨ ᠠᠷᠭ᠎ᠠ ᠬᠡᠯᠪᠡᠷᠢ ᠵᠢ ᠭᠦᠢ᠍ᠴᠡᠳ ᠠᠰᠢᠭᠯᠠᠠ᠂ ᠤᠬᠠᠭᠤᠯᠵᠤ ᠬᠥᠲᠥᠯᠥᠨ ᠵᠢᠯᠤᠭᠤᠳᠬᠤ ᠡᠷᠴᠢᠮ ᠵᠶ᠋ᠠᠨ ᠴᠢᠩᠭ᠋ᠠᠷᠠᠭᠤᠯᠵᠦ᠂ 《ᠳᠡᠯᠡᠬᠡᠢ ᠵᠢᠨ ᠣᠷᠴᠢᠨ ᠲᠣᠭᠤᠷᠢᠨ᠎ᠤ ᠡᠳᠦᠷ》᠂ 《ᠳᠡᠯᠡᠬᠡᠢ ᠵᠢᠨ ᠤᠰᠤᠨ᠎ᠤ ᠡᠳᠦᠷ》᠂ 《ᠳᠤᠮᠳᠠᠳᠤ ᠤᠯᠤᠰ᠎ᠤᠨ ᠤᠰᠤᠨ᠎ᠤ ᠭᠠᠷᠠᠭ》 ᠵᠡᠷᠭᠡ ᠵᠠᠩᠭᠢᠯᠠᠭ᠎ᠠ ᠵᠢᠨ ᠴᠠᠭ ᠦᠶ᠎ᠠ ᠵᠢ ᠲᠤᠬᠢᠶᠠᠯᠳᠤᠭᠤᠯᠤᠨ᠂ ᠠᠳᠠᠯᠢ ᠪᠤᠰᠤ ᠭᠤᠣᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠵᠢ ᠥᠷᠨᠢᠭᠦᠯᠵᠦ᠂ ᠡᠨᠡ ᠬᠦ᠌ ᠬᠤᠭᠤᠴᠠᠭ᠋ᠠᠨ᠎ᠳᠤ ᠪᠠᠰᠠ 《ᠭᠤᠣᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ ᠵᠢᠨ ᠳᠦᠷᠢᠮ + ᠪᠠᠶ᠋ᠢᠭᠤᠯᠭ᠎ᠠ ᠨᠢᠭᠡᠴᠢ + ᠠᠷᠠᠳ᠎ᠤᠨ ᠳᠤᠮᠳᠠᠬᠢ ᠭᠤᠣᠯ ᠮᠥᠷᠡᠨ᠎ᠤ ᠳᠠᠷᠤᠭ᠎ᠠ》 ᠵᠢᠨ ᠵᠠᠭᠪᠤᠷ᠎ᠢ ᠡᠬᠢᠯᠡᠠ ᠬᠡᠷᠡᠭᠵᠢᠬᠦᠯᠪᠡ᠃ ᠰᠢᠯᠢ ᠵᠢᠨ ᠬᠤᠲᠠ ᠵᠠᠰᠠᠬᠤ ᠪᠠ ᠰᠡᠷᠭᠡᠶ᠋ᠢᠯᠡᠬᠦ ᠵᠢ ᠵᠡᠷᠭᠡ᠎ᠪᠠᠷ ᠴᠢᠬᠤᠯᠠᠴᠢᠯᠠᠵᠦ᠂ ᠭᠤᠣᠯ ᠮᠥᠷᠡᠨ ᠨᠠᠭᠤᠷ ᠴᠥᠭᠦᠷᠥᠮ᠎ᠢ ᠬᠠᠮᠢᠶᠠᠷᠴᠦ ᠬᠠᠮᠠᠭ᠋ᠠᠯᠠᠬᠤ ᠠᠵᠢᠯᠯᠠᠭ᠎ᠠ ᠵᠢ ᠪᠠᠶ᠋ᠢᠩᠭᠤᠵᠢᠭᠤᠯᠤᠨ᠂ ᠲᠣᠭᠲᠠᠮᠠᠯ ᠬᠤᠭᠤᠴᠠᠭ᠎ᠠ᠎ᠲᠠᠢ᠎ᠪᠠᠷ ᠲᠤᠰᠬᠠᠢ ᠬᠥᠮᠥᠨ ᠵᠣᠬᠢᠶᠠᠨ ᠪᠠᠶ᠋ᠢᠭᠤᠯᠤᠨ ᠲᠤᠰᠬᠠᠢ ᠵᠢᠬᠰᠠᠭ᠋ᠠᠨ ᠪᠠᠶ᠋ᠢᠴᠠᠭ᠋ᠠᠯᠲᠠ ᠦᠷᠨᠢᠬᠦᠯᠵᠤ᠂ ᠢᠯᠡᠷᠡᠭᠦᠯᠦᠭᠰᠡᠨ ᠠᠰᠠᠭᠤᠳᠠᠯ᠎ᠢ ᠵᠠᠰᠠᠪᠠᠯ ᠵᠣᠬᠢᠬᠤ ᠵᠢ᠎ᠨᠢ ᠴᠥᠮ ᠵᠠᠰᠠᠪᠠ; GPS ᠪᠣᠯᠣᠨ ᠵᠢᠯᠣᠭᠤᠴᠢ ᠦᠭᠡᠢ ᠨᠢᠰᠬᠡᠯ ᠵᠡᠷᠭᠡ ᠮᠡᠷᠭᠡᠵᠢᠯ᠎ᠤᠨ ᠲᠥᠬᠦᠭᠡᠷᠦᠮᠵᠢ ᠵᠢ ᠭᠦᠢ᠍ᠴᠡᠳ ᠠᠰᠢᠭᠯᠠᠨ᠂ ᠭᠤᠣᠯ᠎ᠤᠨ ᠡᠷᠭᠢ ᠭᠤᠣᠯ᠎ᠤᠨ ᠵᠠᠮ᠎ᠳᠤ ᠣᠷᠣᠰᠢᠵᠤ ᠪᠠᠶ᠋ᠢᠭ᠎ᠠ ᠬᠡᠮ ᠰᠣᠭᠤᠭ᠎ᠢ ᠪᠥᠬᠦ ᠲᠠᠯ᠎ᠠ᠎ᠪᠠᠷ ᠵᠢᠭᠰᠠᠭ᠋ᠠᠨ ᠪᠠᠶ᠋ᠢᠴᠠᠭ᠋ᠠᠪᠠ; ᠡᠭᠦᠨ᠎ᠠᠴᠠ ᠭᠠᠳᠠᠨ᠎ᠠ ᠪᠥᠬᠦ ᠬᠤᠲᠠ ᠵᠢᠨ ᠭᠤᠣᠯ ᠮᠥᠷᠡᠨ ᠨᠠᠭᠤᠷ ᠴᠥᠭᠦᠷᠥᠮ᠎ᠤᠨ ᠤᠰᠤᠨ᠎ᠤ ᠴᠢᠨᠠᠷ᠎ᠢ ᠬᠢᠨᠠᠨ ᠬᠡᠮᠵᠢᠬᠦ ᠠᠵᠢᠯ᠎ᠢ ᠭᠤᠣᠯᠳᠠᠯᠭ᠎ᠠ᠎ᠲᠠᠢ ᠰᠠᠶ᠋ᠢᠲᠤᠷ ᠬᠢᠵᠦ᠂ ᠭᠤᠣᠯ ᠮᠥᠷᠡᠨ ᠨᠠᠭᠤᠷ ᠴᠥᠭᠦᠷᠥᠮ᠎ᠤᠨ ᠬᠠᠮᠢᠶᠠᠷᠤᠯᠲᠠ ᠬᠠᠮᠠᠭ᠋ᠠᠯᠠᠯᠲᠠ᠎ᠳᠤ ᠭᠦᠢ᠍ᠴᠡᠳ ᠪᠦᠲᠦᠮᠵᠢᠲᠡᠶ ᠲᠤᠭ᠎ᠠ ᠪᠠᠷᠢᠮᠲᠠ ᠵᠢᠨ ᠦᠨᠳᠦᠰᠦᠯᠡᠯ ᠪᠠ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠵᠠᠢ᠃
   

ᠢᠷᠡᠯᠲᠡ᠄ ᠰᠢᠯᠢ ᠵᠢᠨ ᠭᠤᠣᠯ ᠠᠶ᠋ᠢᠮᠠᠭ᠎ᠤᠨ ᠵᠠᠬᠢᠷᠭ᠎ᠠ ᠵᠢᠨ ᠮᠣᠩᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠭᠦᠭᠡᠬᠤᠲᠠ ᠣᠶ ᠰᠢᠭᠤᠢ ᠪᠠ ᠨᠤᠲᠤᠭ ᠪᠡᠯᠴᠢᠭᠡᠷ᠎ᠤᠨ ᠬᠥᠨᠥᠭᠡᠯᠲᠡᠢ ᠠᠮᠢᠳᠤ ᠪᠣᠳᠠᠰ᠎ᠢ ᠰᠡᠷᠭᠡᠶ᠋ᠢᠯᠡᠨ ᠵᠠᠰᠠᠬᠤ ᠡᠮ᠎ᠤᠨ ᠵᠦᠢ᠍ᠯ᠎ᠢ ᠲᠠᠷᠬᠠᠭ᠋ᠠᠵᠠᠢ
ᠡᠯᠡᠰᠦ ᠵᠢ ᠬᠤᠷᠢᠭᠯᠠᠵᠤ ᠨᠤᠳᠤᠭ ᠤᠰᠤ᠎ᠪᠠᠨ ᠨᠤᠭᠤᠭ᠋ᠠᠷᠠᠭᠤᠯᠤᠨ᠎ᠠ
ᠮᠧᠩ ᠰᠢ ᠪᠠᠯᠭ᠋ᠠᠰᠤ 《ᠰᠠᠷᠭ᠋ᠠᠢ ᠴᠡᠴᠡᠭ᠎ᠤᠨ ᠵᠢᠵᠢᠭ ᠪᠠᠯᠭ᠋ᠠᠰᠤ》 ᠵᠢ ᠪᠦᠬᠦ ᠬᠦᠴᠦᠨ ᠵᠶ᠋ᠠᠷ ᠵᠶ᠋ᠠᠨ ᠴᠣᠭᠴᠠᠯᠠᠨ ᠪᠠᠶ᠋ᠢᠭᠤᠯᠵᠤ ᠪᠠᠶ᠋ᠢᠨ᠎ᠠ
ᠤᠯᠠᠭ᠋ᠠᠨᠬᠠᠳᠠ ᠬᠤᠲᠠ 《ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠲᠣᠭᠲᠠᠯᠴᠠᠭ᠋ᠠᠨ᠎ᠤ ᠬᠥᠭᠵᠢᠯᠲᠡ ᠵᠢᠨ ᠲᠥᠯᠥᠪᠯᠡᠭᠡ》 ᠵᠢ ᠳᠠᠷᠤᠮᠠᠯᠯᠠᠨ ᠲᠠᠷᠬᠠᠭ᠋ᠠᠵᠤ ᠪᠥᠬᠦ ᠬᠤᠲᠠ ᠵᠢᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠬᠥᠭᠵᠢᠯᠲᠡ ᠵᠢᠨ ᠴᠢᠭᠯᠡᠯ᠎ᠢ ᠰᠢᠨᠵᠢᠯᠡᠬᠦ ᠤᠬᠠᠭ᠋ᠠᠨᠴᠢ᠎ᠪᠠᠷ ᠲᠥᠯᠥᠪᠯᠡᠪᠡ
ᠮᠧᠩ ᠰᠢ ᠪᠠᠯᠭ᠋ᠠᠰᠤ 《ᠰᠠᠷᠭ᠋ᠠᠢ ᠴᠡᠴᠡᠭ᠎ᠤᠨ ᠵᠢᠵᠢᠭ ᠪᠠᠯᠭ᠋ᠠᠰᠤ》 ᠵᠢ ᠪᠦᠬᠦ ᠬᠦᠴᠦᠨ ᠵᠶ᠋ᠠᠷ ᠵᠶ᠋ᠠᠨ ᠴᠣᠭᠴᠠᠯᠠᠨ ᠪᠠᠶ᠋ᠢᠭᠤᠯᠵᠤ ᠪᠠᠶ᠋ᠢᠨ᠎ᠠ
 
             蒙ICP备05000248号