ᠬᠠᠪᠤᠷ᠎ᠤᠨ ᠤᠯᠠᠷᠢᠯ ᠪᠣᠯ ᠨᠤᠲᠤᠭ ᠪᠡᠯᠴᠢᠭᠡᠷ᠎ᠤᠨ ᠡᠪᠡᠰᠦ ᠨᠣᠭᠤᠭ᠋ᠠᠨ᠎ᠤ ᠤᠷᠭᠤᠯᠲᠠ ᠵᠢᠨ ᠬᠤᠭᠤᠴᠠᠭ᠎ᠠ ᠮᠥᠨ᠃ ᠨᠤᠲᠤᠭ ᠪᠡᠯᠴᠢᠭᠡᠷ᠎ᠤᠨ ᠠᠮᠢ ᠠᠬᠤᠢ ᠵᠢ ᠬᠠᠮᠠᠭ᠋ᠠᠯᠠᠬᠤ ᠵᠢᠨ ᠲᠥᠯᠥᠭᠡ᠂ ᠰᠢᠯᠢ ᠵᠢᠨ ᠭᠤᠣᠯ ᠠᠶ᠋ᠢᠮᠠᠭ 4 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠨ 2.2 ᠳ᠋ᠦᠩᠰᠢᠭᠤᠷ ᠮᠦ᠍ ᠨᠤᠲᠤᠭ ᠪᠡᠯᠴᠢᠭᠡᠷ᠎ᠢ ᠵᠠᠯᠭ᠋ᠠᠭ᠎ᠠ᠎ᠪᠠᠷ ᠪᠡᠯᠴᠢᠭᠡᠷ ᠥᠨᠵᠢᠭᠦᠯᠵᠦ ᠡᠬᠢᠯᠡᠵᠡᠢ᠃ 45 ᠡᠳᠦᠷ᠎ᠠᠴᠠ ᠢᠯᠡᠭᠦᠦ ᠪᠡᠯᠴᠢᠭᠡᠷ ᠥᠨᠵᠢᠭᠦᠯᠬᠦ ᠬᠤᠭᠤᠴᠠᠭ᠋ᠠᠨ᠎ᠳᠤ᠂ ᠵᠠᠰᠠᠭ᠎ᠤᠨ ᠣᠷᠳᠣᠨ ᠮᠠᠯᠴᠢᠳ᠎ᠲᠤ ᠨᠥᠬᠦᠪᠦᠷᠢ ᠥᠭᠴᠦ᠂ ᠮᠠᠯᠴᠢᠳ᠎ᠤᠨ ᠥᠪᠡᠷᠰᠡᠳ ᠵᠶ᠋ᠠᠨ ᠮᠠᠯ ᠵᠶ᠋ᠠᠨ ᠬᠠᠰᠢᠶᠠᠯᠠᠨ ᠲᠡᠵᠢᠭᠡᠬᠦ ᠵᠢ᠎ᠨᠢ ᠳᠡᠮᠵᠢᠨ᠂ 《ᠴᠠᠯᠢᠩ᠎ᠲᠠᠢ ᠠᠮᠠᠷᠠᠯᠲᠠ》 ᠵᠢᠨ ᠬᠡᠯᠪᠡᠷᠢ᠎ᠪᠠᠷ ᠨᠤᠲᠤᠭ ᠪᠡᠯᠴᠢᠭᠡᠷ᠎ᠢ ᠥᠨᠵᠢᠭᠦᠯᠬᠦ ᠪᠣᠯᠣᠨ᠎ᠠ᠃ ᠰᠥᠨᠢᠳ ᠪᠠᠷᠠᠭᠤᠨ ᠬᠤᠰᠢᠭᠤᠨ᠎ᠤ ᠥᠷᠭᠡᠨᠲᠠᠯ᠎ᠠ ᠪᠠᠯᠭ᠋ᠠᠰᠤᠨ᠎ᠤ ᠴᠠᠩᠲᠤᠰᠢᠯᠢ ᠭᠠᠴᠠᠭ᠋ᠠᠨ᠎ᠳᠤ᠂ ᠮᠠᠯᠴᠢᠨ ᠯᠢ ᠬᠠᠢ ᠮᠢᠩ ᠥᠪᠡᠷ᠎ᠤᠨ ᠬᠤᠨᠢᠳ ᠵᠶ᠋ᠠᠨ ᠲᠡᠵᠢᠭᠡᠵᠦ ᠪᠠᠶ᠋ᠢᠪᠠ᠂ ᠣᠶ᠋ᠢᠯᠠᠭ᠋ᠠᠭᠰᠠᠨ ᠵᠶ᠋ᠠᠷ᠂ ᠲᠡᠳᠡᠨ᠎ᠤ᠎ᠬᠢᠨ 12000 ᠭᠠᠷᠤᠢ ᠮᠦ᠍ ᠪᠡᠯᠴᠢᠭᠡᠷ᠎ᠲᠠᠢ ᠪᠥᠭᠡᠳ 400 ᠭᠠᠷᠤᠢ ᠬᠤᠨᠢ ᠲᠡᠵᠢᠭᠡᠵᠦ ᠪᠤᠢ᠂ ᠣᠳᠣᠬᠠᠨ᠎ᠳᠤ ᠭᠦᠢ᠍ᠴᠡᠳ ᠬᠡᠮᠵᠢᠶᠡᠨ᠎ᠤ ᠡᠪᠡᠰᠦᠨ ᠪᠣᠷᠳᠤᠭ᠎ᠠ ᠪᠡᠯᠡᠳᠬᠡᠭᠡᠳ᠂ ᠪᠡᠯᠴᠢᠭᠡᠷ ᠥᠨᠵᠢᠭᠦᠯᠬᠦ ᠬᠤᠭᠤᠴᠠᠭ᠋ᠠᠨ᠎ᠳᠤ ᠬᠤᠨᠢᠳ ᠵᠶ᠋ᠠᠨ ᠲᠡᠵᠢᠭᠡᠬᠦ ᠠᠰᠠᠭᠤᠳᠠᠯ᠎ᠢ ᠠᠷᠭ᠋ᠠᠴᠠᠭ᠋ᠠᠵᠤ ᠪᠠᠶ᠋ᠢᠨ᠎ᠠ᠃ 《300 ᠭᠠᠷᠤᠢ ᠪᠣᠭᠤᠵᠢ ᠡᠪᠡᠰᠦ᠂ 20 ᠭᠠᠷᠤᠢ ᠲᠣᠨ ᠨᠣᠭᠤᠭ᠋ᠠᠨ ᠳᠠᠷᠤᠰᠢ ᠪᠡᠯᠡᠳᠬᠡᠵᠦ᠂ ᠪᠠᠰᠠ 10 ᠭᠠᠷᠤᠢ ᠲᠣᠨ ᠡᠪᠡᠰᠦᠨ ᠪᠣᠷᠳᠤᠭ᠎ᠠ ᠪᠡᠯᠡᠳᠬᠡᠪᠡ᠂ ᠪᠡᠯᠴᠢᠭᠡᠷ ᠥᠨᠵᠢᠭᠦᠯᠬᠦ ᠬᠤᠭᠤᠴᠠᠭ᠎ᠠ ᠪᠣᠯ ᠶᠠᠭ ᠨᠤᠲᠤᠭ ᠪᠡᠯᠴᠢᠭᠡᠷ᠎ᠤᠨ ᠡᠪᠡᠰᠦ ᠨᠣᠭᠤᠭ᠋ᠠᠨ᠎ᠤ ᠤᠷᠭᠤᠯᠲᠠ ᠰᠡᠷᠭᠦᠬᠦ ᠦᠶ᠎ᠡ᠂ ᠪᠢᠳᠡ ᠬᠤᠨᠢᠳ ᠵᠶ᠋ᠠᠨ ᠬᠠᠰᠢᠶᠠᠯᠠᠨ ᠲᠡᠵᠢᠭᠡᠪᠡᠯ ᠨᠤᠲᠤᠭ ᠪᠡᠯᠴᠢᠭᠡᠷ ᠰᠠᠶ᠋ᠢᠲᠤᠷ ᠰᠡᠷᠭᠦᠵᠦ᠂ ᠡᠯᠡᠰᠦᠵᠢᠬᠦ ᠵᠢ ᠰᠡᠷᠭᠡᠶ᠋ᠢᠯᠡᠨ᠎ᠡ᠂ ᠪᠡᠯᠴᠢᠭᠡᠷ᠎ᠢ ᠰᠠᠶ᠋ᠢᠨ ᠪᠣᠯᠭ᠋ᠠᠪᠠᠯ ᠡᠨᠡ ᠵᠢᠯ᠎ᠤᠨ ᠬᠤᠨᠢᠨ᠎ᠤ ᠲᠠᠷᠭᠤ ᠠᠶᠠᠨᠳᠠᠭ᠋ᠠᠨ ᠰᠠᠶ᠋ᠢᠵᠢᠷᠠᠨᠠ᠃》 ᠭᠡᠵᠦ ᠰᠥᠨᠢᠳ ᠪᠠᠷᠠᠭᠤᠨ ᠬᠤᠰᠢᠭᠤᠨ᠎ᠤ ᠥᠷᠭᠡᠨᠲᠠᠯ᠎ᠠ ᠪᠠᠯᠭ᠋ᠠᠰᠤᠨ᠎ᠤ ᠴᠠᠩᠲᠤᠰᠢᠯᠢ ᠭᠠᠴᠠᠭ᠋ᠠᠨ᠎ᠤ ᠮᠠᠯᠴᠢᠨ ᠯᠢ ᠬᠠᠢ ᠮᠢᠩ ᠬᠡᠯᠡᠪᠡ᠃ ᠣᠶ᠋ᠢᠯᠠᠭ᠋ᠠᠭᠰᠠᠨ ᠵᠶ᠋ᠠᠷ᠂ ᠰᠢᠯᠢ ᠵᠢᠨ ᠭᠤᠣᠯ ᠠᠶ᠋ᠢᠮᠠᠭ᠎ᠨᠢ ᠪᠡᠯᠴᠢᠭᠡᠷ ᠥᠨᠵᠢᠭᠦᠯᠬᠦ ᠬᠤᠭᠤᠴᠠᠭ᠋ᠠᠨ᠎ᠳᠤ ᠮᠦ᠍ ᠪᠦᠷᠢ᠎ᠳᠤ 1.125 ᠲᠥᠭᠦᠷᠢᠭ᠎ᠤᠨ ᠪᠠᠷᠢᠮᠵᠢᠶ᠎ᠠ᠎ᠪᠠᠷ ᠪᠥᠬᠦ ᠠᠶ᠋ᠢᠮᠠᠭ᠎ᠤᠨ 10.1 ᠲᠦᠮᠡᠨ ᠡᠷᠦᠬᠡ ᠮᠠᠯᠴᠢᠨ ᠲᠠᠷᠢᠶᠠᠴᠢᠳ᠎ᠲᠤ ᠨᠥᠬᠦᠪᠦᠷᠢ ᠥᠭᠭᠦᠨ᠎ᠡ᠃ ᠵᠠᠰᠠᠭ᠎ᠤᠨ ᠣᠷᠳᠣᠨ ᠨᠥᠭᠡᠴᠡᠯᠡᠬᠦ᠂ ᠮᠠᠯᠴᠢᠳ ᠥᠪᠡᠷᠰᠡᠳ ᠵᠶ᠋ᠠᠨ ᠪᠡᠯᠡᠳᠬᠡᠬᠦ᠂ ᠵᠣᠬᠢᠴᠠᠭᠤᠯᠵᠤ ᠰᠢᠯᠵᠢᠭᠦᠯᠦᠨ ᠲᠡᠭᠡᠭᠡᠪᠦᠷᠢᠯᠡᠬᠦ ᠵᠡᠷᠭᠡ ᠠᠷᠭ᠎ᠠ ᠬᠡᠮᠵᠢᠶ᠎ᠡ ᠵᠢ ᠠᠪᠴᠤ᠂ 51.36 ᠲᠦᠮᠡᠨ ᠲᠣᠨ ᠡᠪᠡᠰᠦᠨ ᠪᠣᠷᠳᠤᠭ᠎ᠠ ᠨᠥᠭᠡᠴᠡᠯᠡᠨ᠂ ᠪᠡᠯᠴᠢᠭᠡᠷ ᠥᠨᠵᠢᠭᠦᠯᠬᠦ ᠬᠤᠭᠤᠴᠠᠭ᠋ᠠᠨ᠎ᠳᠠᠬᠢ ᠡᠪᠡᠰᠦᠨ ᠪᠣᠷᠳᠣᠭ᠋ᠠᠨ᠎ᠤ ᠬᠠᠩᠭ᠋ᠠᠯᠭ᠎ᠠ ᠵᠢ ᠪᠠᠲᠤᠯᠠᠵᠤ ᠪᠠᠶ᠋ᠢᠨ᠎ᠠ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠤᠳ ᠪᠠᠰᠠ ᠪᠡᠯᠴᠢᠭᠡᠷ ᠥᠨᠵᠢᠭᠦᠯᠬᠦ ᠲᠦᠷᠦ ᠵᠢᠨ ᠪᠣᠳᠣᠯᠭᠠᠢ ᠤᠬᠠᠭᠤᠯᠬᠤ᠎ᠪᠠᠨ ᠡᠷᠴᠢᠮᠵᠢᠭᠦᠯᠵᠦ᠂ ᠡᠪᠡᠰᠦᠨ ᠪᠣᠷᠳᠣᠭ᠋ᠠᠨ᠎ᠤ ᠰᠠᠭᠤᠷᠢᠨ᠂ ᠬᠠᠰᠢᠶᠠᠯᠠᠨ ᠲᠡᠵᠢᠭᠡᠬᠦ ᠬᠠᠰᠢᠶ᠎ᠠ ᠰᠠᠷᠠᠪᠴᠢ ᠵᠡᠷᠭᠡ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ᠎ᠪᠠᠨ ᠡᠷᠴᠢᠮᠵᠢᠭᠦᠯᠵᠦ᠂ ᠠᠮᠢᠳᠠᠨ᠎ᠤ ᠬᠢᠵᠢᠭ᠎ᠢ ᠰᠡᠷᠭᠡᠶ᠋ᠢᠯᠡᠬᠦ ᠪᠠ ᠵᠠᠰᠠᠬᠤ ᠮᠡᠷᠭᠡᠵᠢᠯ᠎ᠤᠨ ᠦᠢ᠍ᠯᠡᠴᠢᠯᠡᠭᠡ ᠵᠢ ᠴᠢᠩᠭ᠋ᠠᠳᠬᠠᠨ᠂ ᠪᠡᠯᠴᠢᠭᠡᠷ ᠥᠨᠵᠢᠭᠦᠯᠬᠦ ᠠᠵᠢᠯ᠎ᠢ ᠥᠷᠨᠢᠭᠦᠯᠬᠦ᠎ᠳᠤ ᠠᠰᠢᠭᠲᠠᠢ ᠨᠥᠬᠦᠴᠡᠯ᠎ᠢ ᠡᠭᠦᠳᠴᠦ ᠥᠭᠴᠡᠢ᠃