ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
ᠤᠯᠠᠭ᠋ᠠᠨᠬᠠᠳᠠ ᠬᠤᠲᠠ 《ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠲᠣᠭᠲᠠᠯᠴᠠᠭ᠋ᠠᠨ᠎ᠤ ᠬᠥᠭᠵᠢᠯᠲᠡ ᠵᠢᠨ ᠲᠥᠯᠥᠪᠯᠡᠭᠡ》 ᠵᠢ ᠳᠠᠷᠤᠮᠠᠯᠯᠠᠨ ᠲᠠᠷᠬᠠᠭ᠋ᠠᠵᠤ ᠪᠥᠬᠦ ᠬᠤᠲᠠ ᠵᠢᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠬᠥᠭᠵᠢᠯᠲᠡ ᠵᠢᠨ ᠴᠢᠭᠯᠡᠯ᠎ᠢ ᠰᠢᠨᠵᠢᠯᠡᠬᠦ ᠤᠬᠠᠭ᠋ᠠᠨᠴᠢ᠎ᠪᠠᠷ ᠲᠥᠯᠥᠪᠯᠡᠪᠡ
ᠨᠡᠶ᠋ᠢᠲᠡᠯᠡᠭᠰᠡᠨ ᠴᠠᠭ᠄ 2024-05-24

  
    ᠲᠦᠷᠦᠭᠦᠬᠡᠨ᠎ᠳᠤ᠂ ᠤᠯᠠᠭ᠋ᠠᠨᠬᠠᠳᠠ ᠬᠤᠲᠠ 《ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠲᠣᠭᠲᠠᠯᠴᠠᠭ᠋ᠠᠨ᠎ᠤ ᠬᠥᠭᠵᠢᠯᠲᠡ ᠵᠢᠨ ᠲᠥᠯᠥᠪᠯᠡᠭᠡ》 ᠵᠢ ᠵᠢᠩᠬᠢᠨᠢ᠎ᠪᠠᠷ ᠳᠠᠷᠤᠮᠠᠯᠯᠠᠨ ᠲᠠᠷᠬᠠᠭ᠋ᠠᠵᠤ᠂ ᠪᠥᠬᠦ ᠬᠤᠲᠠ ᠵᠢᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠬᠥᠭᠵᠢᠯᠲᠡ ᠵᠢᠨ ᠴᠢᠭᠯᠡᠯ ᠪᠠ ᠭᠤᠣᠯᠳᠠᠯᠭ᠎ᠠ ᠵᠢ ᠰᠢᠨᠵᠢᠯᠡᠬᠦ ᠤᠬᠠᠭ᠋ᠠᠨᠴᠢ᠎ᠪᠠᠷ ᠲᠥᠯᠥᠪᠯᠡᠨ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠰᠢᠨᠵᠢᠯᠡᠬᠦ ᠤᠬᠠᠭ᠋ᠠᠨᠴᠢᠯᠠᠭᠰᠠᠨ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠵᠢ ᠵᠢᠯᠤᠭᠤᠳᠴᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠪᠦᠲᠦᠭᠡᠨ ᠪᠠᠶ᠋ᠢᠭᠤᠯᠤᠯᠲᠠ᠎ᠳᠤ ᠨᠠᠩ ᠰᠠᠶ᠋ᠢᠨ ᠦᠢ᠍ᠯᠡᠴᠢᠯᠡᠵᠦ ᠪᠠᠶ᠋ᠢᠨ᠎ᠠ᠃ 《ᠲᠥᠯᠥᠪᠯᠡᠭᠡ》 ᠵᠢ ᠳᠠᠷᠤᠮᠠᠯᠯᠠᠨ ᠲᠠᠷᠬᠠᠭ᠋ᠠᠵᠤ ᠬᠡᠷᠡᠭᠵᠢᠭᠦᠯᠦᠭᠰᠡᠨ᠎ᠨᠢ ᠤᠯᠠᠭ᠋ᠠᠨᠬᠠᠳᠠ ᠬᠤᠲᠠ ᠵᠢᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠰᠢᠨ᠎ᠡ ᠳᠡᠭᠲᠡᠷ᠎ᠲᠤ ᠭᠠᠷᠤᠭᠰᠠᠨ᠎ᠢ ᠬᠠᠷᠠᠭᠤᠯᠵᠤ ᠪᠠᠶ᠋ᠢᠨ᠎ᠠ᠃     

    《ᠲᠥᠯᠥᠪᠯᠡᠭᠡ》᠎ᠨᠢ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠣᠯᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠭᠤᠣᠯ ᠰᠢᠵᠢᠮ᠎ᠲᠠᠢ ᠤᠶᠠᠯᠳᠤᠭᠤᠯᠵᠤ᠂ ᠠᠭᠤᠯᠠ ᠤᠰᠤ ᠤᠢ ᠲᠠᠷᠢᠶ᠎ᠠ ᠨᠠᠭᠤᠷ ᠡᠪᠡᠰᠦ ᠡᠯᠡᠰᠦ ᠵᠢ ᠨᠢᠭᠡ ᠴᠣᠭᠴᠠᠵᠢᠭᠤᠯᠤᠨ ᠬᠠᠮᠠᠭ᠋ᠠᠯᠠᠬᠤ ᠪᠠ ᠰᠢᠰᠲ᠋ᠧᠮ᠎ᠲᠠᠢ ᠵᠠᠰᠠᠬᠤ ᠵᠢ ᠪᠠᠷᠢᠮᠲᠠᠯᠠᠵᠤ᠂ ᠪᠠᠶ᠋ᠢᠭ᠋ᠠᠯᠢ ᠵᠢᠨ ᠠᠮᠢ ᠠᠬᠤᠢ ᠵᠢᠨ ᠰᠢᠰᠲ᠋ᠧᠮ᠎ᠤᠨ ᠣᠣᠷ ᠴᠢᠨᠠᠷ ᠪᠠ ᠪᠦᠷᠢᠨ ᠪᠦᠲᠦᠨ ᠴᠢᠨᠠᠷ᠎ᠢ ᠬᠠᠮᠠᠭ᠋ᠠᠯᠠᠬᠤ᠎ᠪᠠᠨ ᠴᠢᠩᠭ᠋ᠠᠳᠬᠠᠵᠤ᠂ ᠤᠯᠠᠭ᠋ᠠᠨᠬᠠᠳᠠ ᠬᠤᠳᠠ ᠵᠢᠨ ᠣᠷᠣᠨ ᠪᠦᠰᠡ ᠵᠢᠨ ᠬᠥᠭᠵᠢᠯᠲᠡ᠎ᠳᠠᠬᠢ ᠦᠢ᠍ᠯᠡᠳᠦᠯ᠎ᠢ ᠪᠠᠳᠠᠷᠠᠭᠤᠯᠵᠤ᠂ ᠦᠷᠭᠦᠯᠵᠢᠯᠡᠬᠦᠶ᠋ᠢᠴᠡ ᠬᠥᠭᠵᠢᠯᠲᠡ ᠵᠢ ᠪᠡᠶᠡᠯᠡᠭᠦᠯᠦᠨ᠎ᠡ᠃     

    《ᠲᠥᠯᠥᠪᠯᠡᠭᠡ》᠎ᠳᠤ ᠪᠥᠬᠦ ᠬᠤᠲᠠ ᠵᠢᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠲᠤ ᠣᠷᠣᠰᠢᠵᠤ ᠪᠠᠶ᠋ᠢᠭ᠎ᠠ ᠠᠰᠠᠭᠤᠳᠠᠯ ᠵᠢᠴᠢ ᠲᠤᠯᠭ᠋ᠠᠷᠠᠵᠤ ᠪᠠᠶ᠋ᠢᠭ᠎ᠠ ᠲᠣᠬᠢᠶᠠᠯ ᠪᠠ ᠥᠷᠢᠰᠦᠯᠳᠦᠭᠡᠨ᠎ᠢ ᠰᠢᠰᠲ᠋ᠧᠮ᠎ᠲᠠᠢ ᠡᠮᠬᠢᠳᠬᠡᠵᠦ᠂ ᠪᠥᠬᠦ ᠬᠤᠲᠠ ᠵᠢᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠲᠣᠭᠲᠠᠯᠴᠠᠭ᠋ᠠᠨ᠎ᠤ ᠪᠠᠶ᠋ᠢᠭᠤᠯᠤᠯᠲᠠ᠎ᠳᠤ ᠴᠢᠭᠯᠡᠭᠦᠯᠦᠨ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠨᠢᠭᠡᠳᠦᠯᠲᠡᠢ ᠡᠷᠬᠡ ᠵᠢ ᠨᠤᠲᠠᠯᠠᠨ ᠳᠠᠩᠰᠠᠯᠠᠬᠤ ᠠᠷᠭ᠎ᠠ ᠵᠢ ᠲᠡᠭᠦᠯᠳᠡᠷᠵᠢᠭᠦᠯᠵᠦ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠬᠡᠪᠴᠢᠶ᠎ᠡ ᠵᠢ ᠰᠢᠨᠵᠢᠯᠡᠬᠦ ᠤᠬᠠᠭ᠋ᠠᠨᠴᠢ ᠪᠥᠭᠡᠳ ᠵᠦᠢ ᠵᠣᠬᠢᠰᠲᠠᠢ ᠲᠣᠬᠢᠷᠠᠭᠤᠯᠵᠤ᠂ ᠨᠡᠶ᠋ᠢᠲᠡ ᠵᠢᠨ ᠰᠤᠷᠭ᠋ᠠᠨ ᠬᠥᠮᠦᠵᠢᠯ᠎ᠤᠨ ᠠᠵᠢᠯ᠎ᠢ ᠪᠦᠲᠦᠮᠵᠢᠲᠡᠶ ᠠᠬᠢᠭᠤᠯᠵᠤ᠂ ᠨᠡᠶ᠋ᠢᠭᠡᠮ ᠲᠣᠭᠤᠷᠢᠭ᠎ᠤᠨ ᠬᠥᠭᠵᠢᠯᠲᠡ ᠵᠢᠨ ᠵᠠᠭᠪᠤᠷ ᠪᠠ ᠪᠥᠬᠦ ᠠᠷᠠᠳ ᠵᠶ᠋ᠠᠷ ᠵᠶ᠋ᠠᠨ ᠬᠤᠪᠢᠶᠠᠯᠴᠠᠬᠤ ᠲᠣᠭᠲᠠᠴᠠ ᠵᠢ ᠰᠦᠪᠡᠭᠴᠢᠯᠡᠨ᠎ᠡ ᠭᠡᠵᠦ ᠳᠤᠷᠠᠳᠪᠠ᠃     

    《ᠲᠥᠯᠥᠪᠯᠡᠭᠡ》᠎ᠳᠤ 2035 ᠣᠨ ᠪᠣᠯᠬᠤ᠎ᠳᠤ ᠣᠶᠤᠨᠲᠤ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠪᠠ ᠬᠠᠮᠢᠶᠠᠷᠤᠯᠲᠠ ᠵᠢ ᠪᠡᠶᠡᠯᠡᠭᠦᠯᠵᠦ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠰᠢᠨᠵᠢᠯᠡᠬᠦ ᠤᠬᠠᠭ᠋ᠠᠨ ᠰᠤᠳᠤᠯᠭ᠋ᠠᠨ᠎ᠤ ᠬᠢᠨᠠᠨ ᠰᠢᠨᠵᠢᠬᠦ ᠲᠣᠭᠲᠠᠯᠴᠠᠭ᠎ᠠ ᠵᠢ ᠲᠡᠭᠦᠯᠳᠡᠷᠵᠢᠭᠦᠯᠦᠨ᠂ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠤᠨ ᠣᠷᠳᠣ ᠬᠤᠭᠤᠴᠠᠭ᠋ᠠᠨ᠎ᠤ ᠬᠢᠨᠠᠨ ᠰᠢᠨᠵᠢᠯᠲᠡ ᠵᠢ ᠠᠬᠢᠭᠤᠯᠤᠨ᠎ᠠ᠃ ᠪᠥᠬᠦ ᠬᠤᠲᠠ ᠵᠢᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠬᠠᠮᠢᠶᠠᠷᠤᠯᠲᠠ ᠵᠢᠨ ᠴᠢᠳᠠᠮᠵᠢ᠂ ᠶᠠᠰᠤ ᠴᠢᠨᠠᠷ ᠪᠠ ᠠᠮᠢ ᠠᠬᠤᠢ ᠵᠢᠨ ᠪᠦᠲᠦᠭᠡᠭᠳᠡᠬᠦᠨ᠎ᠤ ᠬᠠᠩᠭ᠋ᠠᠯᠭ᠎ᠠ ᠵᠢᠨ ᠴᠢᠳᠠᠪᠤᠷᠢ᠎ᠨᠢ ᠥᠪᠡᠷᠲᠡᠭᠡᠨ ᠵᠠᠰᠠᠬᠤ ᠣᠷᠣᠨ᠎ᠤ ᠲᠡᠷᠢᠭᠦᠨ ᠲᠦᠪᠰᠢᠨ᠎ᠳᠤ ᠬᠦᠷᠴᠦ᠂ ᠠᠮᠢ ᠠᠬᠤᠢ᠂ ᠨᠡᠶ᠋ᠢᠭᠡᠮ ᠪᠠ ᠠᠵᠤ ᠠᠬᠤᠢ ᠵᠢᠨ ᠢᠯᠡᠳᠲᠡ ᠦᠷ᠎ᠡ ᠠᠰᠢᠭ᠎ᠢ ᠠᠪᠴᠢᠷᠠᠨ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠦᠨ᠎ᠡ ᠥᠷᠲᠡᠭ᠎ᠲᠠᠢ ᠣᠷᠣᠨ ᠪᠦᠰᠡ᠂ ᠪᠥᠬᠦ ᠠᠷᠠᠳ ᠵᠶ᠋ᠠᠷ ᠵᠶ᠋ᠠᠨ ᠬᠤᠪᠢᠶᠠᠯᠴᠠᠬᠤ ᠠᠮᠢ ᠠᠬᠤᠢ ᠵᠢᠨ ᠪᠡᠶᠡᠴᠢᠯᠡᠨ ᠥᠩᠭᠡᠷᠡᠭᠡᠬᠦ ᠣᠷᠣᠨ ᠪᠣᠯᠤᠭᠰᠠᠨ ᠪᠠᠶ᠋ᠢᠨ᠎ᠠ ᠭᠡᠵᠦ ᠳᠤᠷᠠᠳᠴᠠᠢ᠃      ᠤᠯᠠᠭ᠋ᠠᠨᠬᠠᠳᠠ ᠬᠤᠳᠠ᠎ᠳᠤ ᠤᠢ ᠰᠢᠭᠤᠢ᠂ ᠲᠠᠯ᠎ᠠ ᠨᠤᠲᠤᠭ᠂ ᠨᠤᠭᠤ ᠭᠠᠵᠠᠷ᠂ ᠭᠤᠣᠯ ᠮᠥᠷᠡᠨ᠂ ᠨᠠᠭᠤᠷ ᠴᠥᠭᠦᠷᠥᠮ᠂ ᠡᠯᠡᠰᠦ ᠮᠠᠩᠬ᠎ᠠ ᠵᠡᠷᠭᠡ ᠡᠯᠪᠡᠭ ᠪᠠᠶᠠᠯᠢᠭ ᠪᠠᠶ᠋ᠢᠭ᠋ᠠᠯᠢ ᠵᠢᠨ ᠬᠡᠯᠪᠡᠷᠢ᠎ᠲᠠᠢ ᠪᠠᠶ᠋ᠢᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠴᠢᠳᠠᠮᠵᠢᠲᠤ ᠣᠷᠣᠨ ᠪᠣᠯᠣᠨ᠎ᠠ᠃ ᠣᠳᠣᠬᠠᠨ᠎ᠳᠤ᠂ ᠪᠥᠬᠦ ᠬᠤᠲᠠ᠎ᠳᠤ ᠨᠡᠶ᠋ᠢᠲᠡ 5 ᠲᠥᠷᠥᠯ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ 48 ᠪᠠᠶ᠋ᠢᠵᠤ᠂ ᠶᠡᠷᠦᠩᠬᠡᠢ ᠲᠠᠯᠠᠪᠠᠶ᠎ᠨᠢ       150.75 ᠲᠦᠮᠡᠨ ᠾᠧᠺᠲ᠋ᠠᠷ ᠪᠠᠶ᠋ᠢᠨ᠎ᠠ᠃
    

ᠢᠷᠡᠯᠲᠡ᠄
          
ᠬᠠᠮᠢᠶ᠎ᠡ ᠪᠦᠬᠦᠢ ᠰᠣᠨᠢᠨ
ᠮᠧᠩ ᠰᠢ ᠪᠠᠯᠭ᠋ᠠᠰᠤ 《ᠰᠠᠷᠭ᠋ᠠᠢ ᠴᠡᠴᠡᠭ᠎ᠤᠨ ᠵᠢᠵᠢᠭ ᠪᠠᠯᠭ᠋ᠠᠰᠤ》 ᠵᠢ ᠪᠦᠬᠦ ᠬᠦᠴᠦᠨ ᠵᠶ᠋ᠠᠷ ᠵᠶ᠋ᠠᠨ ᠴᠣᠭᠴᠠᠯᠠᠨ ᠪᠠᠶ᠋ᠢᠭᠤᠯᠵᠤ ᠪᠠᠶ᠋ᠢᠨ᠎ᠠ
《ᠠᠮᠢ ᠠᠬᠤᠢ ᠵᠢᠨ ᠰᠠᠭᠤᠷᠢ》 ᠵᠢ ᠪᠡᠬᠢᠵᠢᠭᠦᠯᠵᠦ ᠨᠤᠲᠤᠭ ᠪᠡᠯᠴᠢᠭᠡᠷ᠎ᠤᠨ ᠨᠣᠭᠣᠭ᠋ᠠᠨ ᠥᠩᠭᠡ ᠵᠢ ᠬᠠᠮᠠᠭ᠋ᠠᠯᠠᠬᠤ ᠬᠡᠷᠡᠭᠲᠡᠢ
ᠤᠯᠠᠭ᠋ᠠᠨᠬᠠᠳᠠ ᠬᠤᠲᠠ ᠡᠨᠡ ᠵᠢᠯ ᠨᠢᠭᠡᠨᠲᠡ 27 ᠲᠦᠮᠡ ᠭᠠᠷᠤᠢ ᠮᠦ᠍ ᠡᠯᠡᠰᠦ ᠵᠢ ᠰᠡᠷᠭᠡᠶ᠋ᠢᠯᠡᠨ ᠵᠠᠰᠠᠪᠠ
ᠵᠡᠭᠦᠨᠭ᠋ᠠᠷ ᠬᠤᠰᠢᠭᠤ᠄ ᠬᠦᠯᠡᠮᠵᠢ ᠵᠢᠨ ᠲᠤᠰᠤᠯᠢᠭ ᠲᠤᠭᠤᠷ ᠵᠠᠬ᠎ᠠ ᠳᠡᠯᠭᠡᠭᠦᠷ ᠳᠡᠭᠡᠷ᠎ᠠ ᠪᠤᠷᠤᠯᠠᠭᠤᠯᠭ᠎ᠠ ᠰᠠᠶ᠋ᠢᠳᠠᠢ ᠪᠠᠶ᠋ᠢᠨ᠎ᠠ
ᠤᠮᠠᠷᠠᠲᠤ ᠵᠢᠨ ᠡᠯᠡᠰᠦ ᠵᠢ ᠰᠡᠷᠭᠡᠶ᠋ᠢᠯᠡᠬᠦ ᠪᠦᠰᠡ (ᠪᠠᠶᠠᠨᠨᠠᠭᠤᠷ ᠬᠤᠲᠠ) ᠵᠢᠨ ᠲᠡᠤᠬᠡᠨ᠎ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠶ ᠵᠢᠨ ᠠᠮᠢ ᠠᠬᠤᠶ ᠵᠢ ᠵᠠᠰᠠᠨ ᠰᠡᠷᠭᠦᠭᠡᠬᠦ ᠵᠢᠱ᠌ᠢᠶ᠎ᠡ ᠦᠵᠡᠭᠦᠯᠬᠦ ᠢᠨᠵᠧᠨᠧᠷᠢᠩ᠎ᠳᠤ ᠲᠥᠪ᠎ᠤᠨ ᠡᠳ᠋᠎ᠤᠨ ᠵᠠᠰᠠᠭ᠎ᠤᠨ ᠪᠡᠯᠡ ᠮᠥᠩᠭᠦ ᠵᠢ 3 ᠳ᠋ᠦᠩᠰᠢᠭᠤᠷ ᠲᠥᠭᠦᠷᠢᠭ ᠣᠯᠬᠤ᠎ᠪᠠᠷ ᠴᠢᠷᠮᠠᠶ᠋ᠢᠨ᠎ᠠ
 
             蒙ICP备05000248号