《ᠰᠠᠷᠭ᠋ᠠᠢ ᠴᠡᠴᠡᠭ᠎ᠤᠨ ᠠᠵᠤ ᠦᠢ᠍ᠯᠡᠰ᠎ᠨᠢ ᠲᠦᠢ᠍ᠯ᠎ᠤᠨ ᠥᠨᠳᠥᠷ ᠠᠮᠢ ᠠᠬᠤᠢ ᠵᠢᠨ ᠦᠷ᠎ᠡ ᠠᠰᠢᠭ᠂ ᠠᠵᠤ ᠠᠬᠤᠢ ᠵᠢᠨ ᠦᠷ᠎ᠡ ᠠᠰᠢᠭ ᠪᠠ ᠨᠡᠶ᠋ᠢᠭᠡᠮ᠎ᠤᠨ ᠦᠷ᠎ᠡ ᠠᠰᠢᠭᠲᠠᠢ ᠮᠥᠷᠲᠡᠭᠡᠨ ᠮᠧᠩ ᠰᠢ ᠪᠠᠯᠭ᠋ᠠᠰᠤᠨ᠎ᠤ ᠵᠠᠮ ᠬᠠᠷᠢᠯᠴᠠᠭ᠋ᠠᠨ᠎ᠤ ᠣᠷᠣᠨ ᠪᠠᠶ᠋ᠢᠷᠢ ᠵᠢᠨ ᠳᠠᠪᠠᠭᠤᠯᠢᠭ ᠢᠯᠡᠷᠬᠡᠢ᠂ ᠬᠥᠭᠵᠢᠯᠲᠡ ᠵᠢᠨ ᠬᠠᠨᠳᠤᠰᠢ ᠰᠠᠶ᠋ᠢᠨ᠂ ᠳᠠᠯᠳᠠ ᠬᠦᠴᠦᠨ ᠴᠢᠩᠭ᠎ᠠ᠂ ᠠᠵᠠ ᠲᠣᠬᠢᠶᠠᠯ ᠣᠯᠠᠨ ᠁》
ᠣᠲᠤᠭ ᠬᠤᠰᠢᠭᠤᠨ᠎ᠤ ᠮᠧᠩ ᠰᠢ ᠪᠠᠯᠭ᠋ᠠᠰᠤᠨ᠎ᠤ ᠰᠠᠷᠭ᠋ᠠᠢ ᠴᠡᠴᠡᠭ᠎ᠤᠨ ᠠᠵᠤ ᠦᠢ᠍ᠯᠡᠰ᠎ᠤᠨ ᠬᠦᠷᠢᠶᠡᠯᠡᠩ᠎ᠳᠤ ᠯᠢᠤᠢ ᠨᠸᠡᠭ ᠠᠵᠤ ᠦᠢ᠍ᠯᠡᠰ᠎ᠤᠨ ᠺᠣᠮᠫᠠᠨᠢ ᠵᠢᠨ ᠶᠡᠷᠦᠩᠬᠡᠢ ᠳᠠᠭ᠋ᠠᠭ᠋ᠠᠮᠠᠯ ᠭᠠᠨ ᠰᠢᠨ ᠵᠥᠩ ᠲᠣᠭᠤᠷᠢᠨ ᠦᠵᠡᠵᠦ ᠪᠠᠶ᠋ᠢᠴᠠᠭ᠋ᠠᠨ ᠰᠤᠳᠤᠯᠤᠯᠲᠠ ᠬᠢᠬᠦ᠎ᠪᠠᠷ ᠢᠷᠡᠭᠰᠡᠨ ᠤᠳᠤᠷᠢᠳᠤᠯᠭ᠎ᠠ᠎ᠳᠤ ᠰᠠᠷᠭ᠋ᠠᠢ ᠴᠡᠴᠡᠭ ᠵᠠᠶ᠋ᠢᠯᠠᠬᠤ ᠮᠡᠷᠭᠡᠵᠢᠯ᠎ᠢ ᠵᠢᠭ᠋ᠠᠵᠤ ᠪᠠᠶ᠋ᠢᠯ᠎ᠠ᠃ ᠮᠧᠩ ᠰᠢ ᠪᠠᠯᠭ᠋ᠠᠰᠤᠨ᠎ᠤ ᠰᠠᠷᠭ᠋ᠠᠢ ᠴᠡᠴᠡᠭ᠎ᠤᠨ ᠬᠦᠷᠢᠶᠡᠯᠡᠩ᠎ᠳᠤ ᠮᠧᠩ ᠶᠤᠸᠠᠨ᠎ᠤ ᠰᠠᠷᠭ᠋ᠠᠢ ᠴᠡᠴᠡᠭ᠎ᠤᠨ ᠲᠥᠷᠥᠯ ᠵᠦᠢ᠍ᠯ᠎ᠢ ᠲᠠᠷᠢᠵᠦ ᠪᠣᠢ᠂ ᠡᠨᠡ ᠬᠦ᠌ ᠲᠥᠷᠥᠯ ᠵᠦᠢ᠍ᠯ᠎ᠨᠢ ᠡᠮᠦᠨᠡᠬᠢ ᠬᠤᠭᠤᠴᠠᠭ᠋ᠠᠨ᠎ᠤ ᠶᠡᠭᠡ ᠬᠡᠮᠵᠢᠶᠡᠨ᠎ᠤ ᠰᠤᠳᠤᠯᠤᠨ ᠨᠡᠭᠡᠭᠡᠬᠦ ᠲᠤᠷᠰᠢᠯᠲᠠ᠎ᠪᠠᠷ ᠳᠠᠮᠵᠢᠮᠠᠨᠵᠢᠨ ᠰᠠᠶᠢ ᠥᠪᠥᠷ ᠮᠣᠩᠭᠤᠯ᠎ᠤᠨ ᠠᠭ᠋ᠠᠷ᠎ᠤᠨ ᠳᠤᠯᠠᠭ᠋ᠠᠨ᠂ ᠤᠰᠤ ᠰᠢᠷᠣᠢ ᠵᠢᠨ ᠨᠥᠬᠦᠴᠡᠯ᠎ᠳᠤ ᠨᠠᠩ ᠰᠠᠶ᠋ᠢᠨ ᠲᠣᠬᠢᠷᠠᠵᠤ᠂ ᠰᠠᠷᠭ᠋ᠠᠢ ᠴᠡᠴᠡᠭ᠎ᠢ ᠲᠡᠭᠦᠭᠰᠡᠨᠤ ᠳᠠᠷᠠᠭ᠎ᠠ ᠰᠠᠷᠭ᠋ᠠᠢ ᠴᠡᠴᠡᠭ᠎ᠤᠨ ᠴᠠᠢ᠂ ᠨᠠᠷᠢᠯᠢᠭ ᠲᠣᠰᠣ᠂ ᠴᠡᠪᠡᠷ ᠰᠢᠭᠦᠳᠡᠷᠢ ᠵᠡᠷᠭᠡ ᠲᠠᠸᠠᠷ᠎ᠢ ᠦᠢ᠍ᠯᠡᠳᠪᠦᠷᠢᠯᠡᠨ ᠪᠣᠷᠣᠯᠠᠭᠤᠯᠵᠤ᠂ ᠵᠠᠬ᠎ᠠ ᠳᠡᠯᠭᠡᠭᠦᠷ᠎ᠲᠤ ᠭᠠᠷᠭ᠋ᠠᠳᠠᠭ᠃
ᠣᠶ᠋ᠢᠯᠠᠭ᠋ᠠᠭᠰᠠᠨ ᠵᠶ᠋ᠠᠷ᠂ 2023 ᠣᠨ᠎ᠤ 11 ᠳ᠋ᠦ᠍ᠭᠡᠷ ᠰᠠᠷ᠎ᠠ ᠵᠢᠨ ᠳᠤᠮᠳᠠᠴᠢ᠎ᠪᠠᠷ᠂ ᠮᠧᠩ ᠰᠢ ᠪᠠᠯᠭ᠋ᠠᠰᠤᠨ᠎ᠤ ᠰᠠᠷᠭ᠋ᠠᠢ ᠴᠡᠴᠡᠭ᠎ᠤᠨ ᠬᠦᠷᠢᠶᠡᠯᠡᠩ᠎ᠤᠨ 15 ᠲᠦᠮᠡᠨ ᠰᠠᠭᠤᠷᠢ ᠰᠠᠷᠭ᠋ᠠᠢ ᠴᠡᠴᠡᠭ᠎ᠤᠨ ᠨᠢᠯᠬ᠎ᠠ ᠨᠠᠬᠢᠶ᠎ᠠ ᠳᠠᠷᠢᠵᠤ᠂ ᠣᠳᠣᠬᠠᠨ᠎ᠳᠤ ᠰᠠᠷᠭ᠋ᠠᠢ ᠴᠡᠴᠡᠭ ᠶᠠᠭ ᠰᠠᠶ᠋ᠢᠬᠠᠨ ᠤᠷᠭᠤᠬᠤ ᠬᠤᠭᠤᠴᠠᠭ᠋ᠠᠨ᠎ᠳᠠᠭᠠᠨ ᠣᠷᠣᠵᠤ᠂ ᠡᠪᠦᠯ᠎ᠤᠨ ᠤᠯᠠᠷᠢᠯ᠎ᠤᠨ ᠤᠨᠳᠤᠷᠤᠯᠲᠠ ᠵᠢᠨ ᠨᠣᠷᠮ᠎ᠠ ᠨᠡᠯᠢᠶᠡᠳ ᠥᠨᠳᠥᠷ ᠪᠠᠶ᠋ᠢᠵᠤ᠂ ᠵᠢᠱ᠌ᠢᠯᠲᠡ᠎ᠪᠠᠷ 260 ᠮᠦ᠍ ᠰᠠᠷᠭ᠋ᠠᠢ ᠴᠡᠴᠡᠭ 5 ᠰᠠᠷ᠎ᠠ ᠵᠢᠨ ᠳᠤᠮᠳᠠᠴᠢ᠎ᠪᠠᠷ ᠳᠡᠯᠭᠡᠷᠡᠬᠦ ᠪᠣᠯᠣᠨ᠎ᠠ᠃ ᠰᠠᠷᠭ᠋ᠠᠢ ᠴᠡᠴᠡᠭ᠎ᠤᠨ ᠬᠦᠷᠢᠶᠡᠯᠡᠩ᠎ᠳᠤ ᠣᠯᠠᠨ ᠵᠶ᠋ᠠᠷ ᠵᠶ᠋ᠠᠨ ᠰᠠᠷᠭ᠋ᠠᠢ ᠴᠡᠴᠡᠭ᠎ᠤᠨ ᠡᠭᠦᠯᠳᠡᠷ᠎ᠢ ᠰᠣᠩᠭᠤᠨ ᠪᠤᠶ᠋ᠢᠵᠢᠭᠤᠯᠬᠤ᠂ ᠳᠠᠷᠢᠬᠤ᠂ ᠰᠠᠷᠭ᠋ᠠᠢ ᠴᠡᠴᠡᠭ᠎ᠤᠨ ᠪᠦᠲᠦᠭᠡᠭᠳᠡᠬᠦᠨ᠎ᠢ ᠨᠠᠷᠢᠯᠢᠭ ᠪᠣᠯᠪᠠᠰᠤᠷᠠᠭᠤᠯᠬᠤ ᠵᠡᠷᠭᠡ ᠪᠠᠶ᠋ᠢᠳᠠᠯ᠎ᠢ ᠨᠠᠷᠢᠨ ᠣᠶ᠋ᠢᠯᠠᠭ᠋ᠠᠵᠤ᠂ ᠰᠠᠷᠭ᠋ᠠᠢ ᠴᠡᠴᠡᠭ᠎ᠤᠨ ᠠᠵᠤ ᠦᠢ᠍ᠯᠡᠰ᠎ᠤᠨ ᠲᠥᠷᠥᠯ ᠵᠦᠢ᠍ᠯ᠎ᠤᠨ ᠬᠥᠭᠵᠢᠯᠲᠡ ᠵᠢᠨ ᠣᠳᠣᠬᠢ ᠪᠠᠶ᠋ᠢᠳᠠᠯ ᠪᠣᠯᠣᠨ ᠢᠷᠡᠭᠡᠳᠦᠢ ᠵᠢᠨ ᠲᠣᠭᠤᠷᠢᠨ᠎ᠳᠤ᠂ ᠬᠥᠭᠵᠢᠯᠲᠡ ᠵᠢᠨ ᠲᠥᠷᠥᠯ ᠵᠦᠢ᠍ᠯ᠎ᠳᠤ ᠲᠤᠯᠭ᠋ᠠᠷᠠᠭᠰᠠᠨ ᠬᠦᠴᠢᠷ ᠠᠰᠠᠭᠤᠳᠠᠯ᠎ᠢ ᠬᠡᠷᠬᠢᠨ ᠰᠢᠢ᠍ᠳᠪᠦᠷᠢᠯᠡᠬᠦ᠂ ᠠᠵᠤ ᠦᠢ᠍ᠯᠡᠰ᠎ᠤᠨ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢ ᠬᠡᠷᠬᠢᠨ ᠠᠬᠢᠭᠤᠯᠬᠤ᠂ ᠭᠠᠴᠠᠭ᠎ᠠ ᠲᠣᠰᠬᠤᠨ᠎ᠤ ᠬᠠᠮᠲᠤ ᠵᠢᠨ ᠠᠵᠤ ᠠᠬᠤᠢ ᠵᠢ ᠬᠥᠭᠵᠢᠭᠦᠯᠦᠨ ᠪᠤᠵᠠᠭ᠋ᠠᠶ᠋ᠢᠷᠠᠭᠤᠯᠬᠤ᠎ᠳᠤ ᠬᠡᠷᠬᠢᠨ ᠬᠦᠴᠦᠨ ᠨᠡᠮᠡᠷᠢᠯᠡᠬᠦ ᠵᠡᠷᠭᠡ ᠲᠠᠯ᠎ᠠ᠎ᠪᠠᠷ ᠰᠠᠨᠠᠯ ᠵᠶ᠋ᠠᠨ ᠰᠣᠯᠢᠯᠴᠠᠵᠤ ᠰᠤᠳᠤᠯᠤᠨ ᠶᠠᠷᠢᠯᠴᠠᠭᠰᠠᠨ ᠪᠥᠭᠡᠳ ᠰᠠᠷᠭ᠋ᠠᠢ ᠴᠡᠴᠡᠭ᠎ᠤᠨ ᠤᠤᠯ ᠰᠢᠩᠭᠡᠨ᠂ ᠰᠠᠷᠭ᠋ᠠᠢ ᠴᠡᠴᠡᠭ᠎ᠤᠨ ᠤᠰᠤ᠂ ᠰᠠᠷᠭ᠋ᠠᠢ ᠴᠡᠴᠡᠭ᠎ᠤᠨ ᠪᠣᠣᠪᠤ ᠪᠠ ᠰᠠᠷᠭ᠋ᠠᠢ ᠴᠡᠴᠡᠭ᠎ᠤᠨ ᠴᠠᠢ ᠵᠡᠷᠭᠡ ᠪᠦᠲᠦᠭᠡᠭᠳᠡᠬᠦᠨ᠎ᠢ ᠨᠠᠷᠢᠯᠢᠭ ᠪᠣᠯᠪᠠᠰᠤᠷᠠᠭᠤᠯᠪᠠ᠃
2024 ᠣᠨ᠎ᠳᠤ᠂ ᠮᠧᠩ ᠰᠢ ᠪᠠᠯᠭ᠋ᠠᠰᠤᠨ᠎ᠤ ᠰᠠᠷᠭ᠋ᠠᠢ ᠴᠡᠴᠡᠭ ᠳᠠᠷᠢᠵᠤ ᠤᠷᠭᠤᠭᠤᠯᠬᠤ ᠬᠦᠷᠢᠶᠡᠯᠡᠩ᠎ᠳᠤ ᠵᠢᠱ᠌ᠢᠯᠲᠡ᠎ᠪᠠᠷ 1.2 ᠳ᠋ᠦᠩᠰᠢᠭᠤᠷ ᠲᠥᠭᠦᠷᠢᠭ᠎ᠤᠨ ᠪᠡᠯᠡ ᠣᠷᠣᠭᠤᠯᠵᠤ᠂ 3000 ᠲᠡᠭᠰᠢ ᠳᠥᠷᠪᠡᠯᠵᠢᠨ ᠮᠸᠲᠷ᠎ᠤᠨ ᠦᠢ᠍ᠯᠡᠳᠪᠦᠷᠢ ᠵᠢᠨ ᠭᠡᠷ ᠪᠠᠶ᠋ᠢᠰᠢᠩ᠎ᠢ ᠥᠷᠭᠡᠳᠬᠡᠨ ᠪᠠᠶ᠋ᠢᠭᠤᠯᠬᠤ ᠪᠣᠯᠣᠨ᠎ᠠ᠃ ᠪᠣᠬᠢᠷᠲᠤᠯ ᠦᠭᠡᠢ ᠠᠭᠤᠷᠬᠠᠢ᠂ ᠬᠠᠲᠤᠨ ᠭᠤᠣᠯ᠎ᠤᠨ ᠰᠠᠪᠠ ᠭᠠᠵᠠᠷ᠎ᠲᠤ 50 ᠲᠦᠮᠡᠨ ᠮᠦ᠍ ᠠᠮᠢ ᠠᠬᠤᠢ ᠵᠢᠨ ᠲᠠᠷᠢᠮᠠᠯ᠎ᠢ ᠴᠢᠨᠠᠷᠲᠠᠢ ᠬᠥᠭᠵᠢᠭᠦᠯᠦᠨ᠎ᠡ᠃ ᠣᠲᠤᠭ ᠬᠤᠰᠢᠭᠤᠨ᠎ᠤ ᠮᠧᠩ ᠰᠢ ᠪᠠᠯᠭ᠋ᠠᠰᠤ ᠵᠢ ᠤᠯᠤᠰ᠎ᠤᠨ ᠳᠣᠲᠣᠭ᠋ᠠᠳᠤ᠎ᠳᠠᠬᠢ ᠬᠠᠮᠤᠭ᠎ᠤᠨ ᠲᠣᠮᠣ ᠰᠠᠷᠭ᠋ᠠᠢ ᠴᠡᠴᠡᠭ᠎ᠤᠨ ᠨᠠᠷᠢᠯᠢᠭ ᠲᠣᠰᠣᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠤᠨ ᠨᠢᠭᠡ᠂ ᠤᠯᠤᠰ᠎ᠤᠨ ᠳᠣᠲᠣᠭ᠋ᠠᠳᠤ᠎ᠳᠠᠬᠢ ᠬᠠᠮᠤᠭ᠎ᠤᠨ ᠲᠣᠮᠣ ᠰᠠᠷᠭ᠋ᠠᠢ ᠴᠡᠴᠡᠭ᠎ᠤᠨ ᠠᠵᠤ ᠦᠢ᠍ᠯᠡᠰ᠎ᠤᠨ ᠬᠦᠷᠢᠶᠡᠯᠡᠩ᠎ᠤᠨ ᠨᠢᠭᠡ ᠪᠣᠯᠭ᠋ᠠᠨ ᠪᠦᠲᠦᠭᠡᠨ ᠪᠠᠶ᠋ᠢᠭᠤᠯᠬᠤ ᠵᠢᠨ ᠬᠠᠮᠲᠤ ᠡᠷᠡᠭᠦᠯᠵᠢᠯ ᠰᠤᠪᠢᠯᠠᠯ᠂ ᠵᠢᠭᠤᠯᠴᠢᠯᠠᠯ᠎ᠤᠨ ᠠᠵᠤ ᠦᠢ᠍ᠯᠡᠰ᠎ᠢ ᠬᠥᠭᠵᠢᠭᠦᠯᠵᠦ᠂ ᠰᠠᠷᠭ᠋ᠠᠢ ᠴᠡᠴᠡᠭ᠎ᠤᠨ ᠬᠦᠷᠢᠶᠡᠯᠡᠩ᠎ᠤᠨ ᠨᠡᠮᠡᠯᠲᠡ ᠥᠷᠲᠡᠭ᠎ᠢ ᠨᠡᠮᠡᠭᠳᠡᠭᠦᠯᠦᠨ᠂ ᠣᠯᠠᠨ ᠡᠰᠢᠲᠦ ᠠᠵᠤ ᠦᠢ᠍ᠯᠡᠰ ᠪᠣᠯᠭ᠋ᠠᠨ ᠬᠥᠭᠵᠢᠭᠦᠯᠦᠨ᠎ᠡ᠃