ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
ᠵᠡᠭᠦᠨᠭ᠋ᠠᠷ ᠬᠤᠰᠢᠭᠤ᠄ ᠬᠦᠯᠡᠮᠵᠢ ᠵᠢᠨ ᠲᠤᠰᠤᠯᠢᠭ ᠲᠤᠭᠤᠷ ᠵᠠᠬ᠎ᠠ ᠳᠡᠯᠭᠡᠭᠦᠷ ᠳᠡᠭᠡᠷ᠎ᠠ ᠪᠤᠷᠤᠯᠠᠭᠤᠯᠭ᠎ᠠ ᠰᠠᠶ᠋ᠢᠳᠠᠢ ᠪᠠᠶ᠋ᠢᠨ᠎ᠠ
ᠨᠡᠶ᠋ᠢᠲᠡᠯᠡᠭᠰᠡᠨ ᠴᠠᠭ᠄ 2024-06-11

       
     ᠣᠶ᠋ᠢᠷ᠎ᠠ᠎ᠳᠤ᠂ ᠵᠡᠭᠦᠨᠭ᠋ᠠᠷ ᠬᠤᠰᠢᠭᠤᠨ᠎ᠤ ᠱ᠌ᠢ ᠡᠯ ᠯᠢᠶᠠᠨ ᠴᠧᠩ ᠰᠢᠶᠠᠩ᠎ᠤᠨ ᠳᠤᠯᠠᠭ᠋ᠠᠨ ᠬᠦᠯᠡᠮᠵᠢ᠎ᠳᠤ ᠳᠠᠷᠢᠬᠰᠠᠨ ᠲᠤᠰᠤᠯᠢᠭ ᠳᠤᠭᠤᠷ 《ᠰᠢᠨ᠎ᠡ ᠰᠣᠷᠭᠤᠭ》 ᠵᠶ᠋ᠠᠷ ᠵᠠᠬ᠎ᠠ ᠳᠡᠯᠭᠡᠭᠦᠷ ᠳᠡᠭᠡᠷ᠎ᠠ ᠭᠠᠷᠴᠤ᠂ ᠵᠢᠮᠢᠰ᠎ᠤᠨ ᠲᠠᠷᠢᠶᠠᠴᠢᠳ ᠲᠤᠭᠤᠷ ᠵᠶ᠋ᠠᠨ ᠲᠡᠭᠦᠨ ᠪᠤᠭᠤᠳᠠᠯᠯᠠᠵᠤ᠂ ᠡᠯᠪᠡᠭ ᠬᠤᠷᠢᠶᠠᠯᠲᠠ ᠵᠢᠨ ᠪᠠᠶᠠᠷ ᠪᠠᠭ᠍ᠠᠳᠤᠯ᠎ᠳᠤ ᠱᠤᠮᠪᠠᠨ᠎ᠠ᠃
    ᠱ᠌ᠢ ᠡᠯ ᠯᠢᠶᠠᠨ ᠴᠧᠩ ᠰᠢᠶᠠᠩ᠎ᠤᠨ ᠰᠢᠩ ᠱᠧᠩ ᠳ᠋ᠢᠶᠠᠨ ᠲᠣᠰᠬᠤᠨ᠎ᠤ ᠬᠦᠯᠡᠮᠵᠢ ᠵᠢᠨ ᠲᠠᠷᠢᠮᠠᠯ᠎ᠤᠨ ᠰᠠᠭᠤᠷᠢᠨ ᠭᠠᠵᠠᠷ᠎ᠲᠤ ᠬᠦᠷᠬᠦ᠎ᠳᠤ᠂ ᠮᠥᠷ ᠮᠥᠷ ᠵᠢᠭᠳᠡᠷᠡᠭᠰᠡᠨ ᠬᠦᠯᠡᠮᠵᠢ ᠨᠣᠭᠤᠭ᠋ᠠᠨ ᠮᠣᠳᠣᠨ᠎ᠤ ᠳᠤᠮᠳᠠ ᠠᠮᠢᠵᠢᠷᠠᠯ᠎ᠤᠨ ᠬᠦᠴᠦᠨ ᠵᠶ᠋ᠠᠷ ᠪᠢᠯᠬᠠᠨ᠎ᠠ᠃ ᠵᠢᠮᠢᠰ᠎ᠤᠨ ᠲᠠᠷᠢᠶᠠᠴᠢᠨ ᠵᠠᠩ ᠰᠠᠨ ᠮᠠ ᠵᠢᠨ ᠲᠤᠰᠤᠯᠢᠭ ᠲᠤᠭᠤᠷ᠎ᠤᠨ ᠲᠠᠷᠢᠮᠠᠯ᠎ᠤᠨ ᠬᠦᠯᠡᠮᠵᠢ᠎ᠳᠤ ᠤᠷᠤᠬᠤ᠎ᠳᠤ᠂ ᠰᠡᠨᠡᠭ ᠰᠡᠨᠡᠭ ᠲᠤᠭᠤᠷ᠎ᠤᠨ ᠠᠩᠬᠢᠯᠤᠮ᠎ᠠ ᠦᠨᠦᠷ ᠬᠠᠩᠬᠤᠯᠵᠤ᠂ ᠨᠢᠭᠡᠨ ᠪᠤᠭᠤᠨᠢᠬᠠᠨ ᠲᠤᠭᠤᠷ᠎ᠤᠨ ᠮᠣᠳᠣᠨ᠎ᠳᠤ ᠭᠠᠯ ᠤᠯᠠᠭ᠋ᠠᠨ ᠲᠤᠭᠤᠷ ᠲᠦᠭᠦᠷᠡᠲᠡᠯ᠎ᠡ ᠡᠯᠭᠦᠭᠳᠡᠨ᠂ ᠥᠩᠭᠡ ᠢᠯᠭ᠋ᠠᠷᠠᠨ ᠬᠥᠮᠥᠰ᠎ᠤᠨ ᠪᠠᠭ᠍ᠠᠷᠬᠠᠯ᠎ᠢ ᠲᠠᠲᠠᠨ᠎ᠠ᠃ 《ᠪᠢ ᠲᠤᠰᠤᠯᠢᠭ ᠲᠤᠭᠤᠷ᠎ᠢ ᠳᠠᠷᠢᠭ᠋ᠠᠳ ᠳᠥᠷᠪᠡ ᠲᠠᠪᠤᠨ ᠵᠢᠯ ᠪᠤᠯᠵᠠᠢ᠂ ᠡᠨᠡ ᠵᠢᠯ᠎ᠤᠨ ᠲᠤᠰᠤᠯᠢᠭ ᠲᠤᠭᠤᠷ᠎ᠤᠨ ᠤᠷᠭᠤᠴᠠ ᠰᠠᠶ᠋ᠢᠨ᠂ ᠪᠠᠷᠤᠭ ᠲᠦᠷᠪᠡᠨ ᠮᠢᠩᠭ᠎ᠠ ᠭᠠᠷᠤᠢ ᠵᠢᠩ ᠭᠠᠷᠤᠨ᠎ᠠ᠂ ᠡᠭᠦᠨ᠎ᠢ ᠬᠤᠯᠠ ᠪᠣᠷᠣᠯᠠᠭᠤᠯᠬᠤ ᠬᠡᠷᠡᠭ ᠦᠭᠡᠢ᠂ ᠵᠥᠪᠬᠡᠨ ᠰᠢᠤᠸᠠᠢ ᠵᠢᠶᠠ ᠸᠠᠨ᠂ ᠳ᠋ᠦᠩᠱ᠌ᠧᠩ᠂ ᠱᠠᠬ᠍ᠵᠠᠮᠤᠨᠢ ᠵᠡᠷᠭᠡ ᠤᠶ᠋ᠢᠷ᠎ᠠ ᠬᠠᠪᠢ ᠵᠢᠨ ᠬᠥᠮᠥᠰ ᠢᠷᠡᠵᠤ ᠳᠡᠬᠦᠪᠡᠯ ᠬᠠᠭ᠋ᠠᠰ ᠰᠠᠷ᠎ᠠ ᠬᠢᠷᠢᠲᠡᠢ᠎ᠳᠤ ᠬᠤᠳᠠᠯᠳᠤᠭ᠋ᠠᠳ ᠪᠠᠷᠠᠴᠢᠬᠠᠨ᠎ᠠ》 ᠭᠡᠵᠦ ᠵᠢᠮᠢᠰ᠎ᠤᠨ ᠲᠠᠷᠢᠶᠠᠴᠢᠨ ᠵᠠᠩ ᠰᠠᠨ ᠮᠠ ᠪᠠᠶᠠᠷᠲᠠᠢ ᠶᠠᠷᠢᠨ᠎ᠠ᠃


6385300682740247524251097.bmp



    ᠲᠠᠨᠢᠯᠴᠠᠭᠤᠯᠤᠭᠰᠠᠨ ᠵᠶ᠋ᠠᠷ᠂ ᠠᠳᠡᠬᠢ ᠲᠠᠷᠢᠮᠠᠯ᠎ᠤᠨ ᠡᠷᠦᠬᠡ ᠵᠢᠨ ᠳᠠᠷᠢᠵᠤ ᠪᠠᠶ᠋ᠢᠭ᠎ᠠ ᠲᠤᠰᠤᠯᠢᠭ ᠲᠤᠭᠤᠷ᠎ᠤᠨ ᠲᠥᠷᠥᠯ ᠵᠦᠢ᠍ᠯ᠎ᠨᠢ ᠠᠦ᠋ᠰᠲᠷᠯᠢᠶ᠎ᠡ ᠵᠢᠨ ᠲᠤᠰᠤᠯᠢᠭ ᠲᠤᠭᠤᠷ ᠪᠠᠶ᠋ᠢᠵᠤ᠂ ᠵᠢᠮᠢᠰ᠎ᠨᠢ ᠲᠣᠮᠣ᠂ ᠬᠠᠯᠢᠰᠤ᠎ᠨᠢ ᠨᠢᠮᠭᠡᠨ᠂ ᠥᠩᠭᠡ᠎ᠨᠢ ᠠᠯᠲᠠᠨ ᠰᠢᠷᠭ᠋ᠠᠯ᠂ ᠮᠢᠬ᠎ᠠ᠎ᠨᠢ ᠬᠡᠦᠷᠡᠭ ᠮᠥᠷᠲᠡᠭᠡᠨ ᠵᠥᠭᠡᠯᠡᠨ ᠪᠠᠶ᠋ᠢᠵᠤ᠂ ᠵᠠᠬ᠎ᠠ ᠳᠡᠯᠭᠡᠭᠦᠷ᠎ᠤᠨ ᠬᠦᠷᠢᠶᠡᠯᠡᠯ᠎ᠢ ᠣᠯᠣᠭᠰᠠᠨ ᠪᠠᠶ᠋ᠢᠨ᠎ᠠ᠃ 《ᠠᠳᠡᠬᠢ ᠲᠤᠰᠤᠯᠢᠭ ᠲᠤᠭᠤᠷ ᠵᠢᠯ ᠪᠤᠯᠭ᠋ᠠᠨ᠎ᠤ ᠲᠠᠪᠤᠳᠤᠭ᠋ᠠᠷ ᠰᠠᠷ᠎ᠠ ᠵᠢᠨ ᠳᠤᠮᠳᠠᠴᠢ᠎ᠪᠠᠷ ᠵᠠᠬ᠎ᠠ ᠳᠡᠯᠭᠡᠭᠦᠷ᠎ᠲᠤ ᠭᠠᠷᠳᠠᠬ᠂ ᠲᠦᠷᠦᠭᠦᠦ ᠪᠦᠯᠦᠭ ᠰᠢᠨ᠎ᠡ ᠲᠤᠰᠤᠯᠢᠭ ᠲᠤᠭᠤᠷ ᠰᠠᠶᠢᠬᠠᠨ ᠵᠠᠬ᠎ᠠ ᠳᠡᠯᠭᠡᠭᠦᠷ᠎ᠲᠤ ᠭᠠᠷᠤᠭᠰᠠᠨ ᠪᠣᠯᠬᠤᠷ ᠦᠨ᠎ᠡ᠎ᠨᠢ ᠨᠡᠯᠢᠶᠡᠳ ᠰᠠᠶ᠋ᠢᠨ᠂ ᠪᠥᠭᠡᠮ ᠵᠶ᠋ᠠᠷ ᠬᠤᠳᠠᠯᠳᠤᠬᠤ ᠦᠨ᠎ᠡ᠎ᠨᠢ ᠠᠷᠪᠠᠨ ᠳᠥᠷᠪᠡ ᠲᠠᠪᠤᠨ ᠲᠥᠭᠦᠷᠢᠭ᠎ᠲᠤ ᠬᠦᠷᠴᠦ᠂ ᠬᠦᠯᠡᠮᠵᠢ ᠪᠦᠷᠢ ᠵᠢᠨ ᠲᠤᠰᠤᠯᠢᠭ ᠲᠤᠭᠤᠷ ᠬᠤᠳᠠᠯᠳᠤᠬᠰᠠᠨ ᠤᠷᠤᠯᠭ᠎ᠠ᠎ᠨᠢ ᠳᠥᠷᠪᠡ ᠲᠠᠪᠤᠨ ᠲᠦᠮᠡᠨ ᠲᠥᠭᠦᠷᠢᠭ᠎ᠲᠤ ᠬᠦᠷᠦᠨ᠎ᠡ》 ᠭᠡᠵᠦ ᠰᠢᠩ ᠱᠧᠩ ᠳ᠋ᠢᠶᠠᠨ ᠲᠣᠰᠬᠤᠨ᠎ᠤ ᠲᠠᠷᠢᠮᠠᠯ᠎ᠤᠨ ᠡᠷᠦᠬᠡ ᠭᠦᠸᠧ ᠮᠧᠢ ᠯᠢ ᠶᠠᠷᠢᠨ᠎ᠠ᠃


6385300684674621612408596.bmp


    ᠣᠶ᠋ᠢᠷ᠎ᠠ ᠵᠢᠨ ᠵᠢᠯ᠎ᠠᠴᠠ ᠨᠠᠭ᠋ᠠᠰᠢ᠂ ᠵᠡᠭᠦᠨᠭ᠋ᠠᠷ ᠬᠤᠰᠢᠭᠤ ᠲᠥᠬᠦᠭᠡᠷᠦᠮᠵᠢᠲᠦ ᠲᠠᠷᠢᠶᠠᠯᠠᠩ᠎ᠤᠨ ᠠᠵᠤ ᠦᠢ᠍ᠯᠡᠰ᠎ᠤᠨ ᠪᠦᠲᠦᠴᠡ᠎ᠳᠤ ᠳᠠᠰᠤᠷᠠᠯᠳᠠ ᠦᠭᠡᠢ ᠲᠣᠬᠢᠷᠠᠭᠤᠯᠤᠯᠲᠠ ᠬᠢᠵᠦ᠂ ᠵᠠᠬ᠎ᠠ ᠳᠡᠯᠭᠡᠭᠦᠷ᠎ᠲᠤ ᠮᠡᠳᠡᠷᠡᠭᠳᠡᠭᠰᠡᠨ᠂ ᠠᠷᠠᠳ ᠤᠯᠠᠨ᠎ᠤ ᠣᠷᠣᠯᠭ᠎ᠠ ᠵᠢ ᠨᠡᠮᠡᠭᠳᠡᠭᠦᠯᠦᠭᠰᠡᠨ ᠠᠮᠲᠠᠲᠤ ᠬᠡᠮᠬᠡ᠂ ᠳᠤᠰᠤᠯᠢᠭ ᠲᠤᠭᠤᠷ᠂ ᠢᠩᠲᠣᠣᠷ᠂ ᠭᠦᠵᠡᠯᠵᠡᠭᠡᠨ᠎ᠡ ᠵᠡᠷᠭᠡ ᠤᠯᠠᠨ ᠳᠦᠷᠦᠯ᠎ᠤᠨ ᠵᠢᠮᠢᠰ ᠢᠳᠡᠰᠢᠨ ᠨᠣᠭᠤᠭ᠎ᠠ ᠵᠢᠨ ᠰᠢᠨ᠎ᠡ ᠳᠦᠷᠦᠯ ᠵᠦᠢ᠍ᠯ᠎ᠢ ᠳᠠᠰᠤᠷᠠᠯᠳᠠ ᠦᠭᠡᠢ ᠣᠷᠣᠭᠤᠯᠤᠨ ᠠᠪᠴᠢᠷᠠᠵᠤ᠂ ᠵᠢᠮᠢᠰ ᠢᠳᠡᠰᠢᠨ ᠨᠣᠭᠤᠭ᠎ᠠ ᠵᠢᠨ ᠠᠵᠤ ᠦᠢ᠍ᠯᠡᠰ᠎ᠤᠨ ᠬᠥᠭᠵᠢᠯᠲᠡ ᠮᠠᠰᠢ ᠰᠠᠶ᠋ᠢᠨ ᠪᠠᠶ᠋ᠢᠵᠤ᠂ ᠵᠢᠮᠢᠰ᠎ᠤᠨ ᠲᠠᠷᠢᠶᠠᠴᠢᠳ᠎ᠤᠨ ᠣᠷᠣᠯᠭ᠎ᠠ ᠳᠠᠰᠤᠷᠠᠯᠳᠠ ᠦᠭᠡᠢ ᠨᠡᠮᠡᠭᠳᠡᠵᠤ ᠪᠠᠶ᠋ᠢᠨ᠎ᠠ᠃ ᠲᠠᠷᠠᠭ᠋ᠠᠴᠢ ᠵᠢᠨ ᠠᠯᠬᠤᠮ᠎ᠳᠤ᠂ ᠵᠡᠭᠦᠨᠭ᠋ᠠᠷ ᠬᠤᠰᠢᠭᠤ ᠰᠢᠯᠢᠳᠡᠭ ᠳᠦᠷᠤᠯ᠎ᠤᠨ ᠲᠠᠷᠢᠮᠠᠯ᠎ᠢ ᠦᠷᠭᠦᠯᠵᠢᠯᠡᠨ ᠳᠡᠯᠭᠡᠷᠡᠭᠦᠯᠵᠦ᠂ ᠶᠠᠰᠤ ᠴᠢᠨᠠᠷ ᠵᠶ᠋ᠠᠷ ᠲᠤᠯᠭ᠋ᠠᠭᠤᠷᠢᠯᠠᠯ ᠪᠣᠯᠭ᠋ᠠᠵᠤ᠂ ᠳᠦᠷᠤᠯ ᠳᠡᠮᠳᠡᠭᠳᠤ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ ᠡᠭᠦᠨ᠎ᠤ ᠬᠠᠮᠲᠤ ᠡᠯᠸᠺᠲᠷᠣᠨ ᠬᠤᠳᠠᠯᠳᠤᠭ᠋ᠠᠨ᠎ᠤ ᠠᠷᠭ᠎ᠠ ᠵᠠᠮ ᠵᠶ᠋ᠠᠷ ᠳᠠᠮᠵᠢᠭᠤᠯᠤᠨ᠂ ᠪᠣᠷᠤᠯᠠᠭᠤᠯᠭ᠎ᠠ ᠵᠢᠨ ᠵᠠᠮ ᠮᠦᠷ᠎ᠢ ᠥᠷᠭᠡᠳᠬᠡᠵᠦ᠂ ᠵᠢᠮᠢᠰ ᠢᠳᠡᠰᠢᠨ ᠨᠣᠭᠤᠭ᠎ᠠ ᠵᠢᠨ ᠠᠵᠤ ᠦᠢ᠍ᠯᠡᠰ᠎ᠢ ᠲᠠᠰᠤᠷᠠᠯᠲᠠ ᠦᠭᠡᠢ ᠪᠤᠵᠠᠭ᠋ᠠᠶ᠋ᠢᠷᠠᠭᠤᠯᠤᠨ᠂ ᠲᠠᠷᠢᠶᠠᠯᠠᠩ ᠪᠠ ᠵᠤᠭ᠋ᠠᠴᠠᠯ᠎ᠤᠨ ᠠᠭᠤᠰᠤᠯᠴᠠᠨ ᠬᠥᠭᠵᠢᠬᠦ ᠵᠢ ᠠᠬᠢᠭᠤᠯᠤᠨ᠎ᠠ᠃
   

6385300688605871127664159.bmp



ᠢᠷᠡᠯᠲᠡ᠄ ᠵᠡᠭᠦᠠᠭ᠋ᠠᠷ ᠬᠤᠰᠢᠭᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠮᠤᠩᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠤᠮᠠᠷᠠᠲᠤ ᠵᠢᠨ ᠡᠯᠡᠰᠦ ᠵᠢ ᠰᠡᠷᠭᠡᠶ᠋ᠢᠯᠡᠬᠦ ᠪᠦᠰᠡ (ᠪᠠᠶᠠᠨᠨᠠᠭᠤᠷ ᠬᠤᠲᠠ) ᠵᠢᠨ ᠲᠡᠤᠬᠡᠨ᠎ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠶ ᠵᠢᠨ ᠠᠮᠢ ᠠᠬᠤᠶ ᠵᠢ ᠵᠠᠰᠠᠨ ᠰᠡᠷᠭᠦᠭᠡᠬᠦ ᠵᠢᠱ᠌ᠢᠶ᠎ᠡ ᠦᠵᠡᠭᠦᠯᠬᠦ ᠢᠨᠵᠧᠨᠧᠷᠢᠩ᠎ᠳᠤ ᠲᠥᠪ᠎ᠤᠨ ᠡᠳ᠋᠎ᠤᠨ ᠵᠠᠰᠠᠭ᠎ᠤᠨ ᠪᠡᠯᠡ ᠮᠥᠩᠭᠦ ᠵᠢ 3 ᠳ᠋ᠦᠩᠰᠢᠭᠤᠷ ᠲᠥᠭᠦᠷᠢᠭ ᠣᠯᠬᠤ᠎ᠪᠠᠷ ᠴᠢᠷᠮᠠᠶ᠋ᠢᠨ᠎ᠠ
ᠠᠷᠤ ᠬᠤᠷᠴᠢᠨ ᠬᠤᠰᠢᠭᠤ ᠪᠡᠯᠴᠢᠭᠡᠷ ᠵᠶ᠋ᠠᠷ ᠮᠠᠯ᠎ᠤᠨ ᠲᠤᠭ᠎ᠠ ᠵᠢ ᠲᠣᠭᠲᠠᠭ᠋ᠠᠵᠤ᠂ ᠪᠠᠶ᠋ᠢᠭ᠋ᠠᠯᠢ ᠵᠢᠨ ᠨᠤᠲᠤᠭ ᠪᠡᠯᠴᠢᠭᠡᠷ᠎ᠤᠨ ᠳᠠᠷᠤᠭ᠋ᠠᠰᠤ ᠵᠢ ᠬᠦᠩᠭᠡᠯᠡᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠤᠮᠠᠷᠠᠲᠤ ᠵᠢᠨ ᠭᠤᠷᠪᠠᠨ ᠤᠷᠤᠨ》᠎ᠤ ᠢᠨᠵᠧᠨᠧᠷᠢᠩ᠎ᠤᠨ ᠳᠡᠭᠡᠳᠦ ᠵᠡᠷᠭᠡ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠳᠠᠪᠤᠷᠢᠲᠠᠨ᠎ᠤ ᠪᠣᠯᠪᠠᠰᠤᠷᠠᠭᠤᠯᠤᠯ ᠲᠡᠭᠦᠰ ᠠᠮᠵᠢᠯᠲᠠ᠎ᠲᠠᠢ ᠲᠡᠭᠦᠰᠪᠡ
 
             蒙ICP备05000248号