ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
ᠤᠮᠠᠷᠠᠲᠤ ᠵᠢᠨ ᠡᠯᠡᠰᠦ ᠵᠢ ᠰᠡᠷᠭᠡᠶ᠋ᠢᠯᠡᠬᠦ ᠪᠦᠰᠡ (ᠪᠠᠶᠠᠨᠨᠠᠭᠤᠷ ᠬᠤᠲᠠ) ᠵᠢᠨ ᠲᠡᠤᠬᠡᠨ᠎ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠶ ᠵᠢᠨ ᠠᠮᠢ ᠠᠬᠤᠶ ᠵᠢ ᠵᠠᠰᠠᠨ ᠰᠡᠷᠭᠦᠭᠡᠬᠦ ᠵᠢᠱ᠌ᠢᠶ᠎ᠡ ᠦᠵᠡᠭᠦᠯᠬᠦ ᠢᠨᠵᠧᠨᠧᠷᠢᠩ᠎ᠳᠤ ᠲᠥᠪ᠎ᠤᠨ ᠡᠳ᠋᠎ᠤᠨ ᠵᠠᠰᠠᠭ᠎ᠤᠨ ᠪᠡᠯᠡ ᠮᠥᠩᠭᠦ ᠵᠢ 3 ᠳ᠋ᠦᠩᠰᠢᠭᠤᠷ ᠲᠥᠭᠦᠷᠢᠭ ᠣᠯᠬᠤ᠎ᠪᠠᠷ ᠴᠢᠷᠮᠠᠶ᠋ᠢᠨ᠎ᠠ
ᠨᠡᠶ᠋ᠢᠲᠡᠯᠡᠭᠰᠡᠨ ᠴᠠᠭ᠄ 2024-06-17


  
    ᠣᠶ᠋ᠢᠷ᠎ᠠ᠎ᠳᠤ᠂ ᠡᠳ᠋᠎ᠤᠨ ᠵᠠᠰᠠᠭ᠎ᠤᠨ ᠶᠠᠮᠤᠨ᠎ᠤ ᠪᠠᠶ᠋ᠢᠭ᠋ᠠᠯᠢ ᠵᠢᠨ ᠡᠬᠢ ᠪᠠᠶᠠᠯᠢᠭ ᠪᠠ ᠠᠮᠢ ᠠᠬᠤᠶ ᠣᠷᠴᠢᠨ ᠲᠣᠭᠤᠷᠢᠨ᠎ᠤ ᠵᠤᠷᠭ᠋ᠠᠨ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠤᠯᠤᠰ᠎ᠤᠨ ᠭᠠᠵᠠᠷ ᠰᠢᠷᠣᠶ ᠵᠢᠨ ᠣᠷᠣᠨ ᠵᠠᠶ ᠵᠢᠨ ᠠᠮᠢ ᠠᠬᠤᠶ ᠵᠢ ᠰᠡᠷᠭᠦᠭᠡᠬᠦ ᠵᠤᠷᠭ᠋ᠠᠨ᠎ᠤ ᠲᠥᠷᠥᠯ ᠵᠦᠢ᠍ᠯ᠎ᠤᠨ ᠨᠡᠷᠡᠰ᠎ᠢ ᠨᠡᠶ᠋ᠢᠲᠡᠯᠡᠵᠦ᠂ ᠪᠠᠶᠠᠨᠨᠠᠭᠤᠷ ᠬᠤᠲᠠ ᠵᠢᠨ ᠵᠣᠬᠢᠶᠠᠨ ᠪᠠᠶ᠋ᠢᠭᠤᠯᠵᠤ ᠮᠡᠳᠡᠭᠦᠯᠦᠭᠰᠡᠨ ᠤᠮᠠᠷᠠᠲᠤ ᠵᠢᠨ ᠡᠯᠡᠰᠦ ᠵᠢ ᠰᠡᠷᠭᠡᠶ᠋ᠢᠯᠡᠬᠦ ᠪᠦᠰᠡ (ᠪᠠᠶᠠᠨᠨᠠᠭᠤᠷ ᠬᠤᠲᠠ) ᠵᠢᠨ ᠲᠡᠤᠬᠡᠨ᠎ᠠᠴᠠ ᠦᠯᠡᠳᠡᠭᠳᠡᠵᠦ ᠢᠷᠡᠭᠰᠡᠨ ᠬᠠᠶᠠᠭᠳᠠᠮᠠᠯ ᠠᠭᠤᠷᠬᠠᠶ ᠵᠢᠨ ᠠᠮᠢ ᠠᠬᠤᠶ ᠵᠢ ᠰᠡᠷᠭᠦᠭᠡᠬᠦ ᠵᠢᠱ᠌ᠢᠶ᠎ᠡ ᠦᠵᠡᠭᠦᠯᠬᠦ ᠢᠨᠵᠧᠨᠧᠷᠢᠩ᠎ᠤᠨ ᠨᠡᠷᠡᠰ᠎ᠲᠤ ᠣᠷᠣᠵᠤ᠂ ᠲᠥᠪ᠎ᠤᠨ ᠡᠳ᠋᠎ᠤᠨ ᠵᠠᠰᠠᠭ᠎ᠤᠨ 3 ᠳ᠋ᠦᠩᠰᠢᠭᠤᠷ ᠲᠥᠭᠦᠷᠢᠭ᠎ᠤᠨ ᠪᠠᠯᠠ ᠮᠥᠩᠭᠦ ᠵᠢ ᠤᠯᠬᠤ᠎ᠪᠠᠷ ᠴᠢᠷᠮᠠᠶ᠋ᠢᠪᠠ᠃
     ᠣᠶ᠋ᠢᠯᠠᠭ᠋ᠠᠭᠰᠠᠨ ᠵᠶ᠋ᠠᠷ᠂ ᠲᠣᠰ ᠵᠢᠱ᠌ᠢᠶ᠎ᠡ ᠦᠵᠡᠭᠦᠯᠬᠦ ᠢᠨᠵᠧᠨᠧᠷᠢᠩ᠎ᠨᠢ ᠤᠮᠠᠷᠠᠲᠤ ᠵᠢᠨ ᠡᠯᠡᠰᠦ ᠵᠢ ᠰᠡᠷᠭᠡᠶ᠋ᠢᠯᠡᠬᠦ ᠪᠦᠰᠡ ᠵᠢᠨ ᠭᠤᠤᠯ ᠣᠷᠣᠨ᠎ᠳᠤ ᠪᠠᠶ᠋ᠢᠷᠢᠯᠠᠵᠤ᠂ ᠪᠥᠬᠦ ᠤᠯᠤᠰ᠎ᠤᠨ ᠴᠦᠯᠯᠡᠷᠭᠡᠭᠵᠢᠯ᠎ᠢ ᠶᠡᠷᠦᠩᠬᠡᠶ᠋ᠢᠯᠡᠨ ᠰᠡᠷᠭᠡᠶ᠋ᠢᠯᠡᠨ ᠵᠠᠰᠠᠬᠤ ᠬᠠᠲᠤᠨ ᠭᠤᠤᠯ᠎ᠤᠨ 《ᠤᠭ᠋ᠠᠯᠵᠠ ᠲᠤᠬᠤᠢ》 ᠵᠢᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠤ ᠭᠤᠤᠯ ᠲᠡᠶ᠋ᠢᠨ᠎ᠤ ᠲᠠᠯᠠᠪᠤᠷ ᠮᠥᠨ᠂ ᠤᠷᠠᠳ᠎ᠤᠨ ᠡᠮᠦᠨᠡᠲᠦ ᠬᠤᠰᠢᠭᠤ᠂ ᠤᠷᠠᠳ᠎ᠤᠨ ᠳᠤᠮᠳᠠᠳᠤ ᠬᠤᠰᠢᠭᠤᠨ᠎ᠤ 79 ᠵᠢᠷᠤᠭ ᠲᠣᠯᠪᠤ᠎ᠲᠠᠢ ᠬᠤᠯᠪᠣᠭᠳᠠᠵᠤ᠂ ᠵᠢᠷᠤᠭ᠎ᠤᠨ ᠲᠣᠯᠪᠤ ᠵᠢᠨ ᠲᠠᠯᠠᠪᠠᠶ᠎ᠨᠢ ᠨᠡᠶ᠋ᠢᠲᠡ 14.56 ᠲᠡᠭᠰᠢ ᠳᠥᠷᠪᠡᠯᠵᠢᠨ ᠺᠢᠯᠣᠮᠧᠳ᠋ᠷ (ᠡᠭᠦᠨ᠎ᠳᠤ ᠲᠥᠪ᠎ᠤᠨ ᠡᠳ᠋᠎ᠤᠨ ᠵᠠᠰᠠᠭ᠎ᠤᠨ ᠪᠠᠯᠠ ᠮᠥᠩᠭᠦ 3 ᠳ᠋ᠦᠩᠰᠢᠭᠤᠷ ᠲᠥᠭᠦᠷᠢᠭ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠢᠵᠢ ᠪᠥᠷᠢᠳᠦᠭᠦᠯᠬᠦ ᠪᠠᠯᠠ ᠮᠥᠩᠭᠦ 0.5 ᠳ᠋ᠦᠩᠰᠢᠭᠤᠷ ᠲᠥᠭᠦᠷᠢᠭ᠂ ᠣᠷᠣᠨ ᠨᠤᠲᠤᠭ᠎ᠤᠨ ᠡᠳ᠋᠎ᠤᠨ ᠵᠠᠰᠠᠭ᠎ᠤᠨ ᠢᠵᠢ ᠪᠥᠷᠢᠳᠦᠭᠦᠯᠬᠦ ᠪᠠᠯᠠ ᠮᠥᠩᠭᠦ 1. 92 ᠳ᠋ᠦᠩᠰᠢᠭᠤᠷ ᠲᠥᠭᠦᠷᠢᠭ) ᠪᠣᠯᠤᠨ᠎ᠠ᠃ ᠮᠠᠨ᠎ᠤ ᠬᠤᠲᠠ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠬᠠᠮᠢᠶᠠᠷᠤᠯᠲᠠ ᠵᠢᠨ ᠲᠣᠭᠲᠠᠴᠠ᠎ᠪᠠᠨ ᠲᠡᠭᠦᠯᠳᠡᠷᠵᠢᠭᠦᠯᠦᠨ᠂ ᠮᠡᠷᠭᠡᠵᠢᠯ᠎ᠤᠨ ᠪᠠᠲᠤᠯᠠᠭ᠎ᠠ᠎ᠪᠠᠨ ᠴᠢᠩᠭ᠋ᠠᠳᠬᠠᠵᠤ᠂ ᠴᠠᠭ ᠬᠤᠭᠤᠴᠠᠭ᠋ᠠᠨ᠎ᠤ ᠵᠠᠩᠭᠢᠯᠠᠭ᠎ᠠ ᠵᠢᠨ ᠴᠡᠭ᠎ᠢ ᠴᠢᠩᠭ᠎ᠠ ᠠᠩᠬᠠᠷᠴᠤ᠂ ᠡᠭᠦᠷᠭᠡ᠎ᠪᠠᠨ ᠨᠠᠷᠢᠯᠢᠬ᠍ᠵᠢᠭᠤᠯᠤᠨ ᠵᠠᠳᠠᠯᠵᠤ᠂ ᠠᠵᠢᠯ᠎ᠤᠨ ᠬᠤᠭᠤᠴᠠᠭ᠎ᠠ᠎ᠪᠠᠨ ᠲᠣᠩᠭᠤᠷᠠᠭᠤᠯᠤᠨ ᠪᠠᠶ᠋ᠢᠷᠢᠯᠠᠭᠤᠯᠵᠤ᠂ ᠵᠢᠷᠤᠭ ᠡᠯᠭᠦᠨ ᠠᠵᠢᠯᠯᠠᠵᠤ᠂ ᠵᠢᠱ᠌ᠢᠶ᠎ᠡ ᠦᠵᠡᠭᠦᠯᠬᠦ ᠢᠨᠵᠧᠨᠧᠷᠢᠩ᠎ᠤᠨ ᠴᠢᠨᠠᠷ ᠰᠠᠶ᠋ᠢᠲᠠᠶ ᠥᠨᠳᠥᠷ ᠪᠦᠲᠦᠮᠵᠢᠲᠡᠶ᠎ᠪᠠᠷ ᠠᠬᠢᠭᠤᠯᠬᠤ ᠵᠢ ᠦᠨᠡᠨ ᠬᠦ᠌ ᠪᠠᠲᠤᠯᠠᠨ᠎ᠠ ᠭᠡᠵᠡᠢ᠃
   

ᠢᠷᠡᠯᠲᠡ᠄ ᠪᠠᠶᠠᠨᠨᠠᠭᠤᠷ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠵᠠᠰᠠᠭ᠎ᠤᠨ ᠶᠠᠪᠤᠳᠠᠯ᠎ᠤᠨ ᠮᠣᠩᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠠᠷᠤ ᠬᠤᠷᠴᠢᠨ ᠬᠤᠰᠢᠭᠤ ᠪᠡᠯᠴᠢᠭᠡᠷ ᠵᠶ᠋ᠠᠷ ᠮᠠᠯ᠎ᠤᠨ ᠲᠤᠭ᠎ᠠ ᠵᠢ ᠲᠣᠭᠲᠠᠭ᠋ᠠᠵᠤ᠂ ᠪᠠᠶ᠋ᠢᠭ᠋ᠠᠯᠢ ᠵᠢᠨ ᠨᠤᠲᠤᠭ ᠪᠡᠯᠴᠢᠭᠡᠷ᠎ᠤᠨ ᠳᠠᠷᠤᠭ᠋ᠠᠰᠤ ᠵᠢ ᠬᠦᠩᠭᠡᠯᠡᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《ᠤᠮᠠᠷᠠᠲᠤ ᠵᠢᠨ ᠭᠤᠷᠪᠠᠨ ᠤᠷᠤᠨ》᠎ᠤ ᠢᠨᠵᠧᠨᠧᠷᠢᠩ᠎ᠤᠨ ᠳᠡᠭᠡᠳᠦ ᠵᠡᠷᠭᠡ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠳᠠᠪᠤᠷᠢᠲᠠᠨ᠎ᠤ ᠪᠣᠯᠪᠠᠰᠤᠷᠠᠭᠤᠯᠤᠯ ᠲᠡᠭᠦᠰ ᠠᠮᠵᠢᠯᠲᠠ᠎ᠲᠠᠢ ᠲᠡᠭᠦᠰᠪᠡ
 
             蒙ICP备05000248号