ᠠᠷᠤ ᠬᠤᠷᠴᠢᠨ ᠬᠤᠰᠢᠭᠤ ᠠᠯᠠᠰᠢᠨ ᠬᠤᠨᠢ ᠲᠡᠵᠢᠭᠡᠨ ᠦᠷᠡᠵᠢᠭᠦᠯᠬᠦ ᠲᠤᠭ᠎ᠠ ᠬᠡᠮᠵᠢᠶ᠎ᠡ ᠵᠢ ᠪᠠᠭ᠋ᠠᠰᠬᠠᠬᠤ᠂ ᠦᠬᠡᠷ᠎ᠤᠨ ᠡᠭᠦᠯᠳᠡᠷ᠎ᠢ ᠰᠠᠶ᠋ᠢᠵᠢᠷᠠᠭᠤᠯᠬᠤ᠂ ᠮᠠᠯᠵᠢᠯ᠎ᠤᠨ ᠲᠠᠯᠠᠪᠠᠢ ᠬᠤᠪᠢᠶᠠᠬᠤ ᠠᠷᠭ᠎ᠠ ᠮᠠᠶᠢᠭ ᠵᠶ᠋ᠠᠷ ᠳᠠᠮᠵᠢᠭᠤᠯᠤᠨ ᠨᠤᠲᠤᠭ ᠪᠡᠯᠴᠢᠭᠡᠷ᠎ᠤᠨ ᠳᠠᠷᠤᠭ᠋ᠠᠰᠤ ᠵᠢ ᠬᠦᠩᠭᠡᠯᠡᠪᠡ᠂ ᠡᠭᠦᠨ᠎ᠳᠤ ᠬᠤᠶᠠᠷ ᠬᠡᠰᠡᠭ ᠭᠠᠵᠠᠷ ᠣᠷᠣᠨ᠎ᠳᠤ ᠪᠡᠯᠴᠢᠭᠡᠷ ᠬᠤᠪᠢᠶᠠᠨ ᠰᠡᠯᠭᠦᠨ ᠮᠠᠯᠵᠢᠵᠤ᠂ ᠨᠢᠭᠡ ᠬᠡᠰᠡᠭ᠎ᠢ᠎ᠨᠢ ᠬᠠᠳᠤᠯᠠᠩ᠎ᠤᠨ ᠭᠠᠵᠠᠷ ᠪᠣᠯᠭ᠋ᠠᠨ ᠨᠠᠮᠤᠷ᠎ᠤᠨ ᠤᠯᠠᠷᠢᠯ᠎ᠳᠤ ᠡᠪᠡᠰᠦ ᠬᠠᠳᠤᠵᠤ ᠬᠤᠷᠢᠶᠠᠨ ᠨᠥᠭᠡᠴᠡᠯᠡᠵᠦ᠂ ᠳᠠᠷᠠᠭ᠎ᠠ ᠵᠢᠯ᠎ᠨᠢ ᠪᠠᠰᠠ ᠪᠡᠯᠴᠢᠭᠡᠷ ᠵᠶ᠋ᠠᠨ ᠡᠭᠡᠯᠵᠢᠯᠡᠨ ᠰᠣᠯᠢᠨ ᠬᠡᠷᠡᠭᠯᠡᠵᠦ᠂ ᠮᠠᠯ ᠪᠡᠯᠴᠢᠭᠡᠷ᠎ᠤᠨ ᠲᠡᠩᠴᠡᠭᠦᠷᠢ ᠥᠬᠡᠶ᠂ ᠳᠠᠭ᠋ᠠᠭ᠋ᠠᠴᠠ᠎ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ᠎ᠢ ᠪᠦᠲᠦᠮᠵᠢᠲᠡᠶ ᠰᠢᠢ᠍ᠳᠪᠦᠷᠢᠯᠡᠵᠦ᠂ ᠲᠡᠵᠢᠭᠡᠨ ᠦᠷᠡᠵᠢᠭᠦᠯᠬᠦ ᠮᠠᠯ᠎ᠤᠨ ᠬᠡᠪᠴᠢᠶ᠎ᠡ ᠪᠠ ᠬᠠᠳᠤᠯᠠᠩ ᠪᠡᠯᠴᠢᠭᠡᠷ᠎ᠤᠨ ᠲᠠᠯᠠᠪᠠᠶ ᠵᠢ ᠦᠨᠳᠦᠰᠦᠨ᠎ᠳᠡᠭᠡᠨ ᠲᠡᠩᠴᠡᠭᠦᠷᠢᠲᠡᠶ ᠪᠠᠶ᠋ᠢᠯᠭ᠋ᠠᠬᠤ ᠵᠢ ᠪᠡᠶᠡᠯᠡᠭᠦᠯᠦᠨ᠎ᠡ᠃ ᠠᠷᠤ ᠬᠤᠷᠴᠢᠨ ᠬᠤᠰᠢᠭᠤ ᠪᠥᠬᠦ ᠬᠤᠰᠢᠭᠤᠨ᠎ᠤ ᠮᠠᠯ ᠪᠡᠯᠴᠢᠭᠡᠷ᠎ᠤᠨ ᠲᠡᠩᠴᠡᠭᠦᠷᠢ ᠵᠢ ᠨᠡᠭᠦᠳᠡᠯ ᠮᠠᠯᠵᠢᠯ᠎ᠤᠨ ᠣᠷᠣᠨ᠂ ᠬᠤᠶ᠋ᠢᠲᠤ ᠬᠡᠰᠡᠭ᠎ᠤᠨ ᠠᠮᠢ ᠠᠬᠤᠶ ᠵᠢᠨ ᠵᠠᠪᠰᠠᠷ᠎ᠤᠨ ᠣᠷᠣᠨ᠂ ᠳᠤᠮᠳᠠ ᠡᠮᠦᠨᠡᠲᠦ ᠬᠡᠰᠡᠭ᠎ᠤᠨ ᠲᠠᠷᠢᠶᠠᠯᠠᠩ ᠮᠠᠯ ᠠᠵᠤ ᠠᠬᠤᠶ ᠵᠢᠨ ᠰᠣᠯᠪᠢᠴᠠᠭᠰᠠᠨ ᠣᠷᠣᠨ ᠵᠡᠷᠭᠡ ᠭᠤᠷᠪᠠᠨ ᠶᠡᠭᠡ ᠣᠷᠣᠨ ᠪᠦᠰᠡ᠎ᠳᠤ ᠬᠤᠪᠢᠶᠠᠵᠤ᠂ ᠰᠢᠨᠵᠢᠯᠡᠬᠦ ᠤᠬᠠᠭ᠋ᠠᠨᠴᠢ᠎ᠪᠠᠷ ᠪᠡᠯᠴᠢᠭᠡᠷ᠎ᠤᠨ ᠳᠠᠭ᠋ᠠᠭ᠋ᠠᠴᠠ ᠵᠢ ᠬᠢᠨᠠᠨ ᠲᠣᠭᠲᠠᠭ᠋ᠠᠵᠤ᠂ 《ᠪᠡᠯᠴᠢᠭᠡᠷ ᠵᠶ᠋ᠠᠷ ᠮᠠᠯ ᠵᠶ᠋ᠠᠨ ᠲᠣᠭᠲᠠᠭ᠋ᠠᠬᠤ + ᠬᠠᠰᠢᠶᠠᠯᠠᠨ ᠲᠡᠵᠢᠭᠡᠬᠦ》 ᠵᠢ ᠨᠤᠲᠤᠭ ᠪᠡᠯᠴᠢᠭᠡᠷ᠎ᠤᠨ ᠳᠠᠭ᠋ᠠᠭ᠋ᠠᠴᠠ᠎ᠠᠴᠠ ᠬᠡᠲᠦᠷᠡᠭᠰᠡᠨ ᠮᠠᠯ᠎ᠢ ᠲᠠᠷᠬᠠᠭ᠋ᠠᠨ ᠭᠠᠷᠭ᠋ᠠᠬᠤ ᠭᠤᠤᠯ ᠠᠷᠭ᠎ᠠ ᠵᠠᠮ ᠪᠣᠯᠭ᠋ᠠᠵᠤ᠂ ᠡᠷᠦᠬᠡ ᠳᠠᠷᠠᠭ᠋ᠠᠯᠠᠨ ᠳᠠᠭ᠋ᠠᠭ᠋ᠠᠴᠠ᠎ᠠᠴᠠ ᠬᠡᠲᠦᠷᠡᠭᠰᠡᠨ ᠮᠠᠯ᠎ᠢ ᠬᠢᠨᠠᠨ ᠬᠠᠷᠭᠤᠭᠤᠯᠵᠤ᠂ ᠪᠠᠶ᠋ᠢᠭ᠋ᠠᠯᠢ ᠵᠢᠨ ᠨᠤᠲᠤᠭ ᠪᠡᠯᠴᠢᠭᠡᠷ᠎ᠤᠨ ᠮᠠᠯ ᠰᠦᠷᠦᠭ᠎ᠢ ᠴᠢᠩᠭ᠎ᠠ ᠬᠢᠵᠠᠭ᠋ᠠᠷᠯᠠᠨ᠂ ᠳᠠᠭ᠋ᠠᠭ᠋ᠠᠴᠠ᠎ᠠᠴᠠ ᠬᠡᠲᠦᠷᠡᠭᠰᠡᠨ ᠮᠠᠯ᠎ᠢ ᠬᠠᠰᠢᠶᠠᠯᠠᠨ ᠲᠡᠵᠢᠭᠡᠵᠦ ᠬᠤᠷᠣᠭ᠋ᠠᠯᠠᠨ ᠮᠠᠯᠯᠠᠬᠤ ᠵᠢ ᠬᠡᠷᠡᠭᠵᠢᠭᠦᠯᠵᠦ᠂ ᠮᠠᠯ ᠠᠵᠤ ᠠᠬᠤᠶ ᠵᠢᠨ ᠬᠥᠭᠵᠢᠯᠲᠡ ᠪᠠ ᠨᠤᠲᠤᠭ ᠪᠡᠯᠴᠢᠭᠡᠷ᠎ᠤᠨ ᠬᠠᠮᠠᠭ᠋ᠠᠯᠠᠯᠲᠠ ᠵᠢᠨ ᠬᠠᠮᠲᠤ᠎ᠪᠠᠷ ᠠᠰᠢᠭ ᠭᠥᠷᠳᠡᠬᠦ ᠵᠢ ᠪᠡᠶᠡᠯᠡᠭᠦᠯᠪᠡ᠃ ᠣᠶ᠋ᠢᠷ᠎ᠠ ᠵᠢᠨ ᠵᠢᠯ᠎ᠠᠴᠠ ᠨᠠᠭ᠋ᠠᠰᠢ᠂ ᠪᠥᠬᠦ ᠵᠢᠯ᠎ᠳᠤ ᠪᠡᠯᠴᠢᠭᠡᠷᠯᠡᠭᠦᠯᠬᠦ ᠵᠢ ᠴᠠᠭ᠋ᠠᠵᠠᠯᠠᠵᠤ ᠬᠠᠰᠢᠶᠠᠯᠠᠨ ᠲᠡᠵᠢᠭᠡᠬᠦ᠂ ᠬᠠᠰᠢᠶᠠᠯᠠᠨ ᠲᠡᠵᠢᠭᠡᠬᠦ ᠬᠠᠭ᠋ᠠᠰ ᠬᠠᠰᠢᠶᠠᠯᠠᠨ ᠲᠡᠵᠢᠭᠡᠬᠦ᠂ ᠬᠡᠷ ᠪᠦᠯᠢ ᠵᠢᠨ ᠮᠠᠯᠵᠢᠯ᠎ᠤᠨ ᠲᠠᠯᠠᠪᠠᠶ᠂ ᠬᠤᠷᠰᠢᠨ ᠬᠥᠭᠵᠢᠭᠦᠯᠬᠦ᠂ ᠨᠠᠶ᠋ᠢᠳᠠᠨ ᠲᠡᠵᠢᠭᠡᠯᠭᠡᠬᠦ ᠠᠰᠢᠭ ᠲᠤᠰᠠ ᠵᠢᠨ ᠬᠤᠯᠪᠣᠭ᠋ᠠᠯᠠᠯ᠂ ᠬᠦᠢ᠍ᠲᠡᠨ ᠤᠯᠠᠷᠢᠯ᠎ᠳᠤ ᠣᠨᠳᠣᠤ ᠭᠠᠵᠠᠷ᠎ᠲᠤ ᠣᠷᠣᠯᠠᠨ ᠲᠡᠵᠢᠭᠡᠬᠦ᠂ ᠮᠠᠯ ᠠᠵᠤ ᠠᠬᠤᠶ ᠵᠢᠨ ᠰᠣᠶᠣᠯ ᠵᠢᠭᠤᠯᠴᠢᠯᠠᠯ᠎ᠢ ᠠᠭᠤᠰᠤᠯᠴᠠᠭᠤᠯᠬᠤ ᠵᠡᠷᠭᠡ 7 ᠵᠦᠢ᠍ᠯ᠎ᠤᠨ ᠵᠠᠭᠪᠤᠷ᠎ᠢ ᠬᠠᠶ᠋ᠢᠨ ᠰᠦᠪᠡᠭᠴᠢᠯᠡᠵᠦ᠂ ᠨᠤᠲᠤᠭ ᠪᠡᠯᠴᠢᠭᠡᠷ᠎ᠤᠨ ᠠᠮᠢ ᠠᠬᠤᠶ ᠵᠢᠨ ᠳᠠᠭ᠋ᠠᠭ᠋ᠠᠴᠠ ᠵᠢᠨ ᠴᠢᠳᠠᠪᠤᠷᠢ ᠵᠢ ᠲᠠᠰᠤᠷᠠᠯᠲᠠ ᠥᠬᠡᠶ ᠳᠡᠭᠡᠭᠰᠢᠯᠡᠭᠦᠯᠪᠡ᠃