ᠤᠯᠠᠭ᠋ᠠᠨᠬᠠᠳᠠ ᠬᠤᠲᠠ ᠡᠨᠡ ᠵᠢᠯ ᠤᠯᠤᠰᠤᠨ ᠭᠤᠣᠯᠳᠠᠯᠭᠠᠲᠠᠢ ᠠᠮᠢ ᠠᠬᠤᠢ ᠵᠢᠨ ᠪᠦᠲᠦᠭᠡᠨ ᠪᠠᠶ᠋ᠢᠭᠤᠯᠤᠯᠲᠠ ᠵᠢᠨ ᠢᠨᠵᠧᠨᠧᠷᠢᠩᠢ ᠦᠷᠭᠦᠯᠵᠢᠯᠡᠨ ᠭᠦᠨᠵᠡᠭᠡᠢ ᠬᠡᠷᠡᠭᠵᠢᠭᠦᠯᠵᠦ᠂ ᠶᠡᠭᠡ ᠬᠡᠪᠴᠢᠶᠡᠨᠤ ᠤᠯᠤᠰᠤᠨ ᠨᠤᠲᠤᠭ ᠳᠡᠪᠢᠰᠬᠡᠷᠢ ᠨᠣᠭᠤᠭ᠋ᠠᠷᠠᠭᠤᠯᠬᠤ ᠪᠠ ᠡᠯᠡᠰᠦ ᠵᠢ ᠰᠡᠷᠭᠡᠶ᠋ᠢᠯᠡᠨ ᠵᠠᠰᠠᠬᠤ ᠠᠵᠢᠯᠢ ᠰᠢᠨᠵᠢᠯᠡᠬᠦ ᠤᠬᠠᠭ᠋ᠠᠨᠴᠢᠪᠠᠷ ᠦᠷᠨᠢᠭᠦᠯᠵᠦ ᠪᠤᠢ᠃ ᠣᠲᠣ ᠪᠣᠯᠲᠠᠯᠠ᠂ ᠪᠥᠬᠦ ᠬᠤᠲᠠᠳᠤ ᠨᠢᠭᠡᠨᠲᠡ 27.72 ᠲᠦᠮᠡᠨ ᠮᠦ᠍ ᠡᠯᠡᠰᠦ ᠵᠢ ᠰᠡᠷᠭᠡᠶ᠋ᠢᠯᠡᠨ ᠵᠠᠰᠠᠪᠠ᠂ ᠡᠭᠦᠨᠳᠤ 12.74 ᠲᠦᠮᠡᠨ ᠮᠦ᠍ ᠵᠢ ᠬᠥᠮᠥᠨᠤ ᠬᠦᠴᠦᠪᠠᠷ ᠣᠶ᠋ᠢᠵᠢᠭᠤᠯᠵᠤ᠂ 1.5 ᠲᠦᠮᠡᠨ ᠮᠦ᠍ ᠠᠭᠤᠯᠠ (ᠡᠯᠡᠰᠦ) ᠵᠢ ᠪᠢᠲᠡᠭᠦᠮᠵᠢᠯᠡᠵᠦ ᠣᠶ᠋ᠢᠵᠢᠭᠤᠯᠤᠨ᠂ 5.44 ᠲᠦᠮᠡᠨ ᠮᠦ᠍ ᠮᠠᠭᠤᠳᠠᠭᠰᠠᠨ ᠣᠶ ᠵᠢ ᠵᠠᠰᠠᠨ ᠰᠡᠷᠭᠦᠭᠡᠵᠦ᠂ 0.91 ᠲᠦᠮᠡᠨ ᠮᠦ᠍ ᠬᠠᠰᠢᠶᠠᠯᠠᠨ ᠪᠢᠲᠡᠭᠦᠮᠵᠢᠯᠡᠵᠦ ᠣᠶ᠋ᠢᠵᠢᠭᠤᠯᠤᠨ᠂ 4.72 ᠲᠦᠮᠡᠨ ᠮᠦ᠍ ᠡᠯᠡᠰᠦ ᠵᠢ ᠢᠨᠵᠧᠨᠧᠷᠢᠩ ᠵᠶ᠋ᠠᠷ ᠲᠣᠭᠲᠠᠪᠤᠷᠢᠵᠢᠭᠤᠯᠵᠤ᠂ 2.41 ᠲᠦᠮᠡᠨ ᠮᠦ᠍ ᠡᠯᠡᠰᠦ ᠵᠢ ᠭᠡᠷᠡᠯᠴᠢ ᠴᠡᠨᠡᠭ ᠵᠶ᠋ᠠᠷ ᠵᠠᠰᠠᠪᠠ᠃
ᠳᠤᠷᠠᠳᠤᠭᠤᠰᠢᠲᠠᠢᠨᠢ᠂ ᠡᠨᠡ ᠵᠢᠯ ᠤᠯᠠᠭ᠋ᠠᠨᠬᠠᠳᠠ ᠬᠤᠲᠠ ᠴᠦᠯᠵᠢᠯᠲᠡ ᠵᠢ ᠰᠡᠷᠭᠡᠶ᠋ᠢᠯᠡᠨ ᠵᠠᠰᠠᠬᠤ ᠪᠠ ᠰᠢᠨᠡ ᠡᠨᠧᠷᠭᠢ ᠵᠢᠨ ᠪᠦᠲᠦᠭᠡᠨ ᠪᠠᠶ᠋ᠢᠭᠤᠯᠤᠯᠲᠠ ᠵᠢᠨ ᠬᠤᠣᠰ ᠴᠢᠭᠯᠡᠯ ᠵᠶ᠋ᠠᠷ ᠬᠦᠴᠦᠯᠡᠬᠦ ᠵᠢ ᠠᠬᠢᠭᠤᠯᠵᠤ᠂ ᠪᠥᠬᠦ ᠬᠤᠲᠠᠪᠠᠷ ᠵᠶ᠋ᠠᠨ ᠵᠢᠯᠳᠤ ᠭᠡᠷᠡᠯᠴᠢ ᠴᠡᠨᠡᠭ ᠵᠶ᠋ᠠᠷ ᠡᠯᠡᠰᠦ ᠵᠢ ᠵᠠᠰᠠᠬᠤ ᠢᠨᠵᠧᠨᠧᠷᠢᠩᠢ 120 ᠲᠦᠮᠡᠨ ᠺᠢᠯᠣᠸᠠᠲ ᠪᠦᠲᠦᠭᠡᠨ ᠪᠠᠶ᠋ᠢᠭᠤᠯᠵᠤ᠂ 20 ᠲᠦᠮᠡᠨ ᠮᠦ᠍ ᠡᠯᠡᠰᠦᠷᠬᠡᠭ ᠭᠠᠵᠠᠷᠢ ᠵᠠᠰᠠᠬᠤᠪᠠᠷ ᠲᠥᠯᠥᠪᠯᠡᠵᠦ ᠪᠠᠶ᠋ᠢᠨᠠ᠃ 2025 ᠣᠨ ᠪᠣᠯᠬᠤᠳᠤ᠂ ᠰᠢᠨᠡ ᠡᠨᠧᠷᠭᠢ ᠪᠣᠯᠣᠨ ᠡᠯᠡᠰᠦ ᠵᠢ ᠵᠠᠰᠠᠬᠤ ᠢᠨᠵᠧᠨᠧᠷᠢᠩ ᠵᠡᠷᠭᠡᠪᠠᠷ ᠳᠠᠭᠤᠰᠴᠤ ᠦᠷᠡ ᠪᠦᠲᠦᠮᠵᠢ ᠣᠯᠵᠤ᠂ ᠬᠤᠶᠠᠷ ᠶᠡᠭᠡ ᠡᠯᠡᠰᠦᠷᠬᠡᠭ ᠭᠠᠵᠠᠷᠤᠨ ᠰᠥᠨᠥᠭᠡᠯᠲᠡ ᠵᠢᠨ ᠢᠯᠠᠯᠲᠠ ᠵᠢ ᠣᠯᠬᠤᠳᠤ ᠬᠦᠴᠦ ᠨᠡᠮᠡᠷᠢᠯᠡᠨᠡ᠃