ᠴᠠᠭ᠋ᠠᠨ ᠪᠠᠯᠭ᠋ᠠᠰᠤ ᠪᠡᠯᠴᠢᠭᠡᠷᠯᠡᠭᠦᠯᠬᠦ ᠵᠢ ᠵᠣᠭᠰᠤᠭ᠋ᠠᠬᠤ᠂ ᠪᠡᠯᠴᠢᠭᠡᠷᠯᠡᠭᠦᠯᠬᠦ ᠵᠢ ᠴᠠᠭ᠋ᠠᠵᠠᠯᠠᠬᠤ᠂ ᠮᠠᠯ ᠪᠡᠯᠴᠢᠭᠡᠷ᠎ᠢ ᠲᠡᠩᠴᠡᠭᠦᠷᠢ᠎ᠲᠠᠢ ᠪᠠᠢ᠌ᠯᠭ᠋ᠠᠬᠤ ᠠᠵᠢᠯ᠎ᠢ ᠠᠬᠢᠭᠤᠯᠬᠤ ᠬᠤᠷᠠᠯ ᠬᠤᠷᠠᠯᠳᠤᠭᠤᠯᠪᠠ᠃

ᠨᠤᠲᠤᠭ ᠪᠡᠯᠴᠢᠭᠡᠷ᠎ᠤᠨ ᠡᠬᠢ ᠪᠠᠶᠠᠯᠢᠭ᠎ᠢ ᠰᠢᠨᠵᠢᠯᠡᠬᠦ ᠤᠬᠠᠭ᠋ᠠᠨᠴᠢ᠎ᠪᠠᠷ ᠵᠦᠢ ᠵᠣᠬᠢᠰᠲᠠᠢ ᠠᠰᠢᠭᠯᠠᠵᠤ᠂ ᠡᠪᠡᠰᠦ ᠪᠡᠯᠴᠢᠭᠡᠷ᠎ᠤᠨ ᠤᠷᠭᠤᠯᠲᠠ ᠵᠢᠨ ᠵᠠᠩᠭᠢᠯᠠᠭ᠎ᠠ ᠵᠢᠨ ᠦᠶ᠎ᠡ᠎ᠳᠤ ᠮᠠᠯ ᠤᠨᠤᠭ᠎ᠠ᠎ᠳᠤ ᠬᠡᠳᠤ ᠢᠳᠡᠭᠳᠡᠬᠦ᠎ᠠᠴᠠ ᠪᠦᠲᠦᠮᠵᠢᠲᠡᠢ ᠵᠠᠢ᠌ᠯᠠᠰᠬᠢᠵᠦ᠂ ᠠᠮᠢ ᠠᠬᠤᠢ ᠵᠢᠨ ᠪᠦᠲᠦᠭᠡᠨ ᠪᠠᠢ᠌ᠭᠤᠯᠤᠯᠲᠠ ᠵᠢᠨ ᠦᠷ᠎ᠡ ᠪᠦᠲᠦᠮᠵᠢ ᠵᠢ ᠪᠡᠬᠢᠵᠢᠭᠦᠯᠬᠦ ᠵᠢᠨ ᠲᠥᠯᠥᠭᠡ᠂ 5 ᠰᠠᠷ᠎ᠠ ᠵᠢᠨ 29 ᠤ ᠡᠳᠦᠷ᠂ ᠴᠠᠭ᠋ᠠᠨ ᠪᠠᠯᠭ᠋ᠠᠰᠤᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠠᠴᠠ ᠪᠡᠯᠴᠢᠭᠡᠷᠯᠡᠭᠦᠯᠬᠦ ᠵᠢ ᠵᠣᠭᠰᠤᠭ᠋ᠠᠬᠤ᠂ ᠪᠡᠯᠴᠢᠭᠡᠷᠯᠡᠭᠦᠯᠬᠦ ᠵᠢ ᠴᠠᠭ᠋ᠠᠵᠠᠯᠠᠬᠤ᠂ ᠮᠠᠯ ᠪᠡᠯᠴᠢᠭᠡᠷ᠎ᠢ ᠲᠡᠩᠴᠡᠭᠦᠷᠢᠲᠡᠢ ᠪᠠᠢ᠌ᠯᠭ᠋ᠠᠬᠤ ᠠᠵᠢᠯ᠎ᠢ ᠠᠬᠢᠭᠤᠯᠬᠤ ᠬᠤᠷᠠᠯ ᠬᠤᠷᠠᠯᠳᠤᠭᠤᠯᠪᠠ᠃

ᠬᠤᠷᠠᠯ ᠳᠡᠭᠡᠷ᠎ᠡ᠂ ᠴᠠᠭ᠋ᠠᠨ ᠪᠠᠯᠭ᠋ᠠᠰᠤᠨ᠎ᠤ ᠬᠤᠪᠢᠳᠠᠨ ᠬᠠᠮᠢᠶᠠᠷᠴᠤ ᠪᠠᠢ᠌ᠭ᠎ᠠ ᠤᠳᠤᠷᠢᠳᠤᠯᠭ᠎ᠠ ᠮᠠᠯ ᠪᠡᠯᠴᠢᠭᠡᠷ᠎ᠢ ᠲᠡᠩᠴᠡᠭᠦᠷᠢ᠎ᠲᠠᠢ ᠪᠠᠢ᠌ᠯᠭ᠋ᠠᠬᠤ ᠪᠠ ᠪᠡᠯᠴᠢᠭᠡᠷᠯᠡᠭᠦᠯᠬᠦ ᠵᠢ ᠵᠣᠭᠰᠤᠭ᠋ᠠᠬᠤ ᠠᠵᠢᠯ᠎ᠢ ᠪᠠᠢ᠌ᠷᠢᠯᠠᠭᠤᠯᠪᠠ᠄ ᠨᠢᠭᠡ᠎ᠳᠤ᠂ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠤᠯᠤᠰ ᠲᠥᠷᠥ ᠵᠢᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠤᠨ᠎ᠠ᠃ ᠡᠯ᠎ᠡ ᠭᠠᠴᠠᠭ᠎ᠠ᠂ ᠨᠡᠢ᠌ᠭᠡᠮ ᠲᠣᠭᠣᠷᠢᠭ᠂ ᠦᠢ᠍ᠯᠡᠳᠪᠦᠷᠢᠯᠡᠯ᠎ᠤᠨ ᠪᠠᠷᠢᠭ᠋ᠠᠳᠠᠨᠤᠭᠤᠳ ᠤᠯᠤᠰ ᠲᠥᠷᠥ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠡᠨᠡᠬᠦ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ᠂ ᠠᠵᠢᠯ᠎ᠤᠨ ᠡᠷᠴᠢᠮ ᠵᠶ᠋ᠡᠨ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠰᠤᠷᠪᠤᠯᠵᠢᠯᠠᠬᠤ ᠤᠬᠠᠭᠤᠯᠭ᠎ᠠ ᠵᠢ ᠪᠠᠢ᠌ᠩᠭᠤᠵᠢᠭᠤᠯᠤᠨ ᠥᠷᠨᠢᠭᠦᠯᠵᠦ᠂ ᠭᠠᠴᠠᠭ᠎ᠠ ᠵᠢᠨ 《ᠬᠣᠶᠠᠷ ᠵᠥᠪᠯᠡᠯ》᠎ᠨᠢ ᠡᠩ ᠲᠡᠷᠢᠭᠦᠨ᠎ᠳᠤ ᠪᠡᠯᠴᠢᠭᠡᠷᠯᠡᠭᠦᠯᠬᠦ ᠵᠢ ᠴᠠᠭ᠋ᠠᠵᠠᠯᠠᠬᠤ ᠪᠠ ᠪᠡᠯᠴᠢᠭᠡᠷᠯᠡᠭᠦᠯᠬᠦ ᠵᠢ ᠵᠣᠭᠰᠤᠭ᠋ᠠᠬᠤ ᠳᠦᠷᠢᠮ᠎ᠢ ᠲᠦᠷᠦᠭᠦᠯᠡᠨ ᠬᠡᠷᠡᠭᠵᠢᠭᠦᠯᠵᠦ᠂ ᠵᠢᠱ᠌ᠢᠶ᠎ᠡ ᠦᠵᠡᠭᠦᠯᠦᠨ ᠳᠠᠢ᠌ᠴᠢᠯᠠᠬᠤ ᠦᠢ᠍ᠯᠡᠳᠦᠯ᠎ᠢ ᠪᠠᠳᠠᠷᠠᠭᠤᠯᠬᠤ ᠬᠡᠷᠡᠭᠲᠡᠢ᠃ ᠬᠣᠶᠠᠷ᠎ᠲᠤ ᠦᠷᠭᠦᠯᠵᠢᠯᠡᠨ ᠤᠬᠠᠭᠤᠯᠵᠤ ᠬᠥᠲᠥᠯᠥᠨ ᠵᠢᠯᠤᠭᠣᠳᠴᠤ᠂ ᠰᠠᠢ᠌ᠨ ᠰᠠᠢ᠌ᠬᠠᠨ ᠠᠭᠤᠷ ᠠᠮᠢᠰᠬᠤᠯ᠎ᠢ ᠪᠤᠢ ᠪᠣᠯᠭ᠋ᠠᠨ᠎ᠠ᠃ ᠤᠬᠠᠭᠤᠯᠭ᠎ᠠ ᠵᠢᠨ ᠠᠷᠭ᠎ᠠ ᠵᠠᠮ ᠵᠶ᠋ᠠᠨ ᠥᠷᠭᠡᠳᠬᠡᠵᠦ᠂ ᠤᠬᠠᠭᠤᠯᠭ᠎ᠠ ᠵᠢᠨ ᠬᠡᠯᠪᠡᠷᠢ᠎ᠪᠠᠨ ᠪᠠᠶᠠᠯᠢᠭᠵᠢᠭᠤᠯᠤᠨ᠂ ᠤᠬᠠᠭᠤᠯᠭ᠎ᠠ ᠬᠥᠮᠦᠵᠢᠯ᠎ᠢ ᠪᠥᠬᠥ ᠲᠠᠯ᠎ᠠ᠎ᠪᠠᠷ ᠴᠢᠩᠭ᠋ᠠᠳᠬᠠᠵᠤ᠂ ᠥᠷᠭᠡᠨ ᠣᠯᠠᠨ ᠮᠠᠯᠴᠢᠨ ᠲᠦᠮᠡᠨ᠎ᠢ ᠬᠥᠲᠥᠯᠥᠨ ᠵᠢᠯᠤᠭᠣᠳᠴᠤ ᠪᠠᠢ᠌ᠭ᠋ᠠᠳ ᠮᠠᠯ ᠪᠡᠯᠴᠢᠭᠡᠷ᠎ᠢ ᠲᠡᠩᠴᠡᠭᠦᠷᠢ᠎ᠲᠠᠢ ᠪᠠᠢ᠌ᠯᠭ᠋ᠠᠬᠤ ᠪᠠ ᠪᠡᠯᠴᠢᠭᠡᠷᠯᠡᠭᠦᠯᠬᠦ ᠵᠢ ᠵᠣᠭᠰᠣᠭ᠋ᠠᠵᠤ ᠪᠡᠯᠴᠢᠭᠡᠷᠯᠡᠭᠦᠯᠬᠦ ᠵᠢ ᠵᠣᠭᠰᠤᠭ᠋ᠠᠬᠤ᠎ᠨᠢ ᠨᠤᠲᠤᠭ ᠪᠡᠯᠴᠢᠭᠡᠷ᠎ᠤᠨ ᠠᠮᠢ ᠠᠬᠤᠢ ᠵᠢ ᠬᠠᠮᠠᠭ᠋ᠠᠯᠠᠬᠤ ᠪᠠ ᠮᠠᠯ ᠠᠵᠤ ᠠᠬᠤᠢ ᠵᠢ ᠬᠥᠭᠵᠢᠭᠦᠯᠬᠦ᠎ᠳᠤ ᠴᠢᠬᠤᠯᠠ ᠠᠴᠢ ᠬᠣᠯᠪᠣᠭᠳᠠᠯ᠎ᠲᠠᠢ ᠭᠡᠳᠡᠭ᠎ᠢ ᠭᠦᠢ᠍ᠴᠡᠳ ᠲᠠᠨᠢᠭᠤᠯᠵᠤ᠂ ᠬᠠᠮᠢᠶ᠎ᠠ ᠪᠦᠬᠦᠢ ᠡᠭᠦᠷᠭᠡ᠎ᠪᠠᠨ ᠤᠬᠠᠮᠰᠠᠷ᠎ᠠᠴᠠ᠎ᠪᠠᠨ ᠭᠦᠢ᠍ᠴᠡᠳᠬᠡᠵᠦ᠂ ᠪᠥᠬᠥ ᠵᠢᠯ᠎ᠤᠨ ᠪᠡᠯᠴᠢᠭᠡᠷᠯᠡᠭᠦᠯᠬᠦ ᠵᠢ ᠴᠠᠭ᠋ᠠᠵᠠᠯᠠᠬᠤ᠂ ᠮᠠᠯ ᠪᠡᠯᠴᠢᠭᠡᠷ᠎ᠢ ᠲᠡᠩᠴᠡᠭᠦᠷᠢ᠎ᠲᠠᠢ ᠪᠠᠢ᠌ᠯᠭ᠋ᠠᠬᠤ ᠠᠵᠢᠯ᠎ᠢ ᠡᠮᠬᠢ ᠵᠢᠷᠤᠮ᠎ᠲᠠᠢ ᠪᠦᠲᠦᠮᠵᠢᠲᠡᠶ ᠥᠷᠨᠢᠭᠦᠯᠬᠦ᠎ᠳᠤ ᠪᠠᠲᠤ ᠰᠠᠭᠤᠷᠢ ᠵᠢ ᠲᠠᠯᠪᠢᠬᠤ ᠬᠡᠷᠡᠭᠲᠡᠢ᠃ ᠭᠤᠷᠪᠠ᠎ᠳᠤ᠂ ᠰᠠᠬᠢᠯᠭ᠎ᠠ ᠪᠠᠲᠤ ᠬᠠᠤᠯᠢ ᠴᠠᠭ᠋ᠠᠵᠠ ᠵᠢ ᠴᠢᠩᠭ᠎ᠠ ᠬᠡᠷᠡᠭᠵᠢᠭᠦᠯᠵᠦ᠂ ᠬᠢᠨᠠᠯᠲᠠ ᠬᠠᠮᠢᠶᠠᠷᠤᠯᠲᠠ ᠵᠢᠨ ᠪᠣᠳᠠᠲᠤ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃ ᠶᠡᠷᠦᠩᠬᠡᠢ᠌ᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠎ᠨᠢ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠴᠢᠳᠠᠪᠤᠷᠢ᠎ᠪᠠᠨ ᠳᠡᠭᠡᠭᠰᠢᠯᠡᠭᠦᠯᠵᠦ᠂ ᠬᠠᠤᠯᠢ ᠬᠡᠷᠡᠭᠵᠢᠭᠦᠯᠬᠦ ᠡᠭᠦᠷᠭᠡ ᠴᠢᠳᠠᠪᠤᠷᠢ᠎ᠪᠠᠨ ᠭᠦᠢ᠍ᠴᠡᠳ ᠪᠠᠳᠠᠷᠠᠭᠤᠯᠤᠨ᠂ ᠪᠡᠯᠴᠢᠭᠡᠷᠯᠡᠭᠦᠯᠬᠦ ᠵᠢ ᠵᠣᠭᠰᠤᠭ᠋ᠠᠬᠤ᠂ ᠪᠡᠯᠴᠢᠭᠡᠷᠯᠡᠭᠦᠯᠬᠦ ᠵᠢ ᠴᠠᠭ᠋ᠠᠵᠠᠯᠠᠬᠤ᠂ ᠮᠠᠯ ᠪᠡᠯᠴᠢᠭᠡᠷ᠎ᠢ ᠲᠡᠩᠴᠡᠭᠦᠷᠢ᠎ᠲᠠᠢ ᠪᠠᠢ᠌ᠯᠭ᠋ᠠᠬᠤ ᠠᠵᠢᠯ᠎ᠤᠨ ᠲᠣᠭᠣᠷᠢᠨ ᠪᠠᠢ᠌ᠴᠠᠭ᠋ᠠᠬᠤ ᠡᠭᠡᠯᠵᠢ ᠵᠢ ᠰᠠᠢ᠌ᠲᠤᠷ ᠬᠢᠵᠦ᠂ ᠲᠣᠭᠣᠷᠢᠨ ᠪᠠᠢ᠌ᠴᠠᠭ᠋ᠠᠬᠤ ᠵᠢ ᠪᠠᠢ᠌ᠩᠭᠤᠵᠢᠭᠤᠯᠤᠨ ᠥᠷᠨᠢᠭᠦᠯᠵᠦ᠂ ᠲᠣᠭᠣᠷᠢᠨ ᠪᠠᠢ᠌ᠴᠠᠭ᠋ᠠᠬᠤ ᠤᠳᠠᠭ᠎ᠠ ᠪᠠ ᠬᠠᠤᠯᠢ ᠬᠡᠷᠡᠭᠵᠢᠭᠦᠯᠬᠦ ᠡᠷᠴᠢᠮ ᠵᠶ᠋ᠡᠨ ᠴᠢᠩᠭ᠋ᠠᠷᠠᠭᠤᠯᠤᠨ᠂ ᠰᠦᠷᠳᠡᠭᠦᠯᠬᠦ ᠪᠠ ᠰᠡᠷᠡᠮᠵᠢᠯᠡᠭᠦᠯᠬᠦ ᠦᠢ᠍ᠯᠡᠳᠦᠯ᠎ᠢ ᠪᠠᠳᠠᠷᠠᠭᠤᠯᠵᠤ᠂ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠬᠡᠷᠡᠭᠵᠢᠭᠦᠯᠦᠯᠲᠡ ᠵᠢᠨ ᠪᠣᠳᠠᠲᠤ ᠦᠷ᠎ᠡ ᠪᠦᠲᠦᠮᠵᠢ ᠣᠯᠬᠤ ᠵᠢ ᠦᠨᠡᠨᠬᠦ ᠪᠠᠲᠤᠯᠠᠬᠤ ᠬᠡᠷᠡᠭᠲᠡᠢ᠃ ᠡᠯ᠎ᠡ ᠭᠠᠴᠠᠭ᠎ᠠ᠂ ᠨᠡᠢ᠌ᠭᠡᠮ ᠲᠣᠭᠣᠷᠢᠭ᠂ ᠦᠢ᠍ᠯᠡᠳᠪᠦᠷᠢᠯᠡᠯ᠎ᠤᠨ ᠪᠠᠷᠢᠭ᠋ᠠᠳᠠ᠎ᠨᠢ ᠶᠡᠷᠦᠩᠬᠡᠢ᠌ᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ᠎ᠲᠠᠢ ᠬᠠᠮᠵᠢᠯᠴᠠᠨ ᠲᠣᠭᠲᠠᠭ᠋ᠠᠯ᠎ᠠᠴᠠ ᠵᠥᠷᠢᠴᠡᠨ ᠮᠠᠯᠵᠢᠭᠰᠠᠨ ᠦᠢᠯᠡ ᠠᠵᠢᠯᠯᠠᠭ᠎ᠠ᠎ᠲᠠᠢ ᠮᠠᠯᠴᠢᠳ᠎ᠢ ᠢᠳᠬᠠᠨ ᠰᠠᠨᠠᠭᠤᠯᠵᠤ ᠬᠥᠲᠥᠯᠥᠨ ᠵᠢᠯᠤᠭᠣᠳᠴᠤ᠂ ᠪᠡᠯᠴᠢᠭᠡᠷᠯᠡᠭᠦᠯᠬᠦ ᠵᠢ ᠴᠠᠭ᠋ᠠᠵᠠᠯᠠᠬᠤ ᠣᠷᠣᠨ᠎ᠳᠤ ᠪᠡᠯᠴᠢᠭᠡᠷᠯᠡᠭᠦᠯᠬᠦ ᠦᠭᠡᠢ᠂ ᠮᠠᠯ ᠪᠡᠯᠴᠢᠭᠡᠷ᠎ᠢ ᠲᠡᠩᠴᠡᠭᠦᠷᠢ᠎ᠲᠠᠢ ᠪᠠᠢ᠌ᠯᠭ᠋ᠠᠬᠤ ᠣᠷᠣᠨ᠎ᠳᠤ ᠳᠠᠭ᠋ᠠᠭ᠋ᠠᠴᠠ᠎ᠠᠴᠠ ᠬᠡᠲᠦᠷᠡᠭᠦᠯᠬᠦ ᠦᠭᠡᠢ ᠪᠠᠢ᠌ᠬᠤ ᠵᠢ ᠦᠨᠡᠨᠬᠦ ᠪᠠᠲᠤᠯᠠᠵᠤ᠂ ᠨᠤᠲᠤᠭ ᠪᠡᠯᠴᠢᠭᠡᠷ᠎ᠤᠨ ᠬᠠᠮᠠᠭ᠋ᠠᠯᠠᠯᠲᠠ ᠪᠦᠲᠦᠭᠡᠨ ᠪᠠᠢ᠌ᠭᠤᠯᠤᠯᠲᠠ ᠵᠢᠨ ᠦᠷ᠎ᠡ ᠪᠦᠲᠦᠭᠡᠯ᠎ᠢ ᠦᠨᠡᠨᠬᠦ ᠪᠠᠲᠤᠳᠬᠠᠬᠤ ᠬᠡᠷᠡᠭᠲᠡᠢ᠃