ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
ᠬᠠᠩᠬᠢᠨ ᠬᠤᠰᠢᠭᠤᠨ᠎ᠤ ᠤᠯᠠᠷᠢᠯ᠎ᠤᠨ ᠴᠢᠨᠠᠷᠲᠠᠢ ᠰᠡᠯᠭᠦᠨ ᠮᠠᠯᠵᠢᠬᠤ ᠠᠵᠢᠯ ᠳᠠᠭᠤᠰᠪᠠ
ᠨᠡᠶ᠋ᠢᠲᠡᠯᠡᠭᠰᠡᠨ ᠴᠠᠭ᠄ 2024-07-16


 
    ᠡᠨᠡ ᠵᠢᠯ᠂ ᠬᠠᠩᠭᠢᠨ ᠬᠤᠰᠢᠭᠤ 1219.69 ᠲᠦᠮᠡᠨ ᠮᠦ᠍ ᠨᠤᠲᠤᠭ ᠪᠡᠯᠴᠢᠭᠡᠷ᠎ᠲᠤ ᠤᠯᠠᠷᠢᠯ᠎ᠤᠨ ᠴᠢᠨᠠᠷᠲᠠᠢ ᠰᠡᠯᠭᠦᠨ ᠮᠠᠯᠵᠢᠵᠤ᠂ 47 ᠮᠠᠯᠵᠢᠬᠤ ᠭᠠᠴᠠᠭ᠎ᠠ ᠵᠢᠨ 25900 ᠭᠠᠷᠤᠢ ᠡᠷᠦᠬᠡ᠎ᠳᠤ ᠠᠰᠢᠭ ᠬᠦᠷᠲᠡᠭᠡᠪᠡ᠃ ᠰᠡᠯᠭᠦᠨ ᠮᠠᠯᠵᠢᠵᠤ ᠪᠡᠯᠴᠢᠭᠡᠷ᠎ᠢ ᠰᠡᠷᠭᠦᠭᠡᠬᠦ ᠠᠵᠢᠯ᠎ᠤᠨ ᠦᠷ᠎ᠡ ᠪᠦᠲᠦᠮᠵᠢ ᠵᠢ ᠪᠠᠲᠤᠯᠠᠬᠤ ᠵᠢᠨ ᠲᠥᠯᠥᠭᠡ ᠬᠠᠩᠬᠢᠨ ᠬᠤᠰᠢᠭᠤ᠂ ᠬᠠᠩᠬᠢᠨ ᠬᠤᠰᠢᠭᠤ ᠤᠬᠠᠭᠤᠯᠤᠨ ᠳᠠᠶ᠋ᠢᠴᠢᠯᠠᠬᠤ ᠠᠵᠢᠯ᠎ᠤᠨ ᠡᠷᠴᠢᠮ ᠵᠶ᠋ᠠᠨ ᠴᠢᠩᠭ᠋ᠠᠷᠠᠭᠤᠯᠵᠤ᠂ ᠵᠠᠷᠯᠠᠯ ᠨᠡᠶ᠋ᠢᠲᠡᠯᠡᠬᠦ᠂ ᠤᠬᠠᠭᠤᠯᠭ᠎ᠠ ᠵᠢᠨ ᠬᠠᠭᠤᠳᠠᠰᠤ ᠲᠠᠷᠬᠠᠭ᠋ᠠᠬᠤ᠂ ᠠᠰᠠᠭᠤᠨ ᠯᠠᠪᠯᠠᠬᠤ ᠳᠠᠪᠴᠠᠩ ᠭᠠᠷᠭ᠋ᠠᠬᠤ ᠵᠡᠷᠭᠡ ᠠᠷᠭ᠎ᠠ ᠬᠡᠯᠪᠡᠷᠢ᠎ᠪᠠᠷ ᠰᠡᠯᠭᠦᠨ ᠮᠠᠯᠵᠢᠬᠤ᠂ ᠮᠠᠯ ᠪᠡᠯᠴᠢᠭᠡᠷ᠎ᠤᠨ ᠲᠡᠩᠴᠡᠭᠦᠷᠢ ᠵᠢ ᠪᠠᠲᠤᠯᠠᠬᠤ ᠲᠤᠬᠠᠢ ᠤᠬᠠᠭᠤᠯᠭ᠎ᠠ ᠬᠦᠮᠦᠵᠢᠯ ᠬᠢᠪᠡ᠃ ᠡᠭᠦᠨ᠎ᠤ ᠬᠠᠮᠲᠤ᠂ ᠣᠢ ᠰᠢᠭᠤᠢ ᠵᠢᠨ ᠳᠠᠷᠤᠭ᠎ᠠ ᠵᠢᠨ ᠳᠥᠷᠢᠮ ᠵᠶ᠋ᠠᠷ ᠭᠠᠷᠳᠠᠴᠠ ᠪᠣᠯᠭ᠋ᠠᠵᠤ᠂ ᠪᠦᠬᠦ ᠬᠤᠰᠢᠭᠤᠨ᠎ᠤ 480 ᠨᠡᠷ᠎ᠡ ᠠᠮᠢ ᠠᠬᠤᠢ ᠵᠢᠨ ᠤᠢ ᠬᠠᠮᠠᠭ᠋ᠠᠯᠠᠭᠴᠢ᠂ 65 ᠨᠡᠷ᠎ᠡ ᠨᠤᠲᠤᠭ ᠪᠡᠯᠴᠢᠭᠡᠷ᠎ᠢ ᠬᠠᠮᠢᠶᠠᠷᠤᠨ ᠬᠠᠮᠠᠭ᠋ᠠᠯᠠᠭᠴᠢ ᠲᠣᠣᠷᠴᠢᠯᠠᠭᠰᠠᠨ ᠲᠣᠭᠤᠷᠢᠨ ᠬᠠᠮᠠᠭ᠋ᠠᠯᠠᠬᠤ ᠬᠠᠮᠢᠶᠠᠷᠤᠯᠲᠠ ᠵᠢᠨ ᠲᠤᠭᠲᠠᠴᠠ᠎ᠳᠤ ᠤᠷᠤᠭᠤᠯᠵᠤ᠂ ᠬᠡᠰᠡᠭ ᠬᠤᠪᠢᠶᠠᠨ ᠳᠠᠭ᠋ᠠᠭ᠋ᠠᠴᠢᠯᠠᠨ ᠬᠠᠮᠢᠶᠠᠷᠴᠦ᠂ ᠲᠤᠭᠤᠷᠢᠨ ᠪᠠᠶ᠋ᠢᠴᠠᠭ᠋ᠠᠯᠲᠠ ᠬᠢᠬᠦ᠂ ᠮᠠᠯ ᠪᠡᠯᠴᠢᠭᠡᠷ᠎ᠤᠨ ᠲᠡᠩᠴᠡᠭᠦᠷᠢᠰᠢᠯ᠎ᠤᠨ ᠪᠠᠶ᠋ᠢᠳᠠᠯ᠎ᠳᠤ ᠬᠢᠨᠠᠯᠲᠠ ᠲᠠᠯᠪᠢᠬᠤ ᠵᠡᠷᠭᠡ ᠠᠵᠢᠯ᠎ᠢ ᠪᠠᠶ᠋ᠢᠩᠭᠤᠵᠢᠭᠤᠯᠵᠤ᠂ ᠪᠦᠬᠦ ᠬᠤᠰᠢᠭᠤᠨ᠎ᠤ ᠤᠯᠠᠷᠢᠯ᠎ᠤᠨ ᠴᠢᠨᠠᠷᠲᠠᠢ ᠰᠡᠯᠭᠦᠨ ᠮᠠᠯᠵᠢᠬᠤ ᠠᠵᠢᠯ᠎ᠤᠨ ᠤᠷᠤᠭᠰᠢᠲᠠᠢ ᠪᠡᠶᠡᠯᠡᠭᠳᠡᠬᠦ ᠵᠢ ᠪᠠᠲᠤᠯᠠᠪᠠ᠃

  

 

ᠢᠷᠡᠯᠲᠡ᠄ ᠤᠷᠳᠤᠰ ᠬᠤᠲᠠ ᠵᠢᠨ ᠬᠠᠮ ᠵᠠᠭᠤᠴᠢᠯᠠᠭᠤᠷ᠎ᠤᠨ ᠲᠦᠪ
          
ᠬᠠᠮᠢᠶ᠎ᠡ ᠪᠦᠬᠦᠢ ᠰᠣᠨᠢᠨ
ᠡᠵᠡᠨ᠎ᠡ ᠬᠤᠰᠢᠭᠤᠨ᠎ᠤ ᠤᠯᠤᠰ᠎ᠤᠨ ᠥᠮᠴᠢᠯᠡᠯᠲᠦ ᠣᠶ ᠰᠢᠭᠤᠢ ᠵᠢᠨ ᠲᠠᠯᠠᠪᠠᠶ᠎ᠳᠤ ᠲᠣᠣᠷᠠᠢ ᠵᠢᠨ ᠦᠷ᠎ᠡ ᠲᠡᠭᠦᠬᠦ ᠵᠢᠴᠢ ᠬᠠᠳᠠᠭ᠋ᠠᠯᠠᠬᠤ ᠠᠵᠢᠯ᠎ᠢ ᠥᠷᠨᠢᠭᠦᠯᠪᠡ
ᠪᠢᠴᠢᠭᠡᠴᠢ ᠪᠠᠯᠭ᠋ᠠᠰᠤ ᠠᠶᠤᠯᠭᠦᠢ ᠦᠢ᠍ᠯᠡᠳᠪᠦᠷᠢᠯᠡᠯ ᠪᠠ ᠭᠠᠯ ᠤᠨᠲᠠᠷᠠᠭ᠋ᠠᠬᠤ ᠠᠮᠤᠷ ᠲᠦᠪᠰᠢᠨ᠎ᠤ ᠪᠠᠶ᠋ᠢᠴᠠᠭ᠋ᠠᠯᠲᠠ ᠵᠢ ᠯᠠᠪᠳᠠᠭᠤᠨ ᠪᠠᠲᠤᠲᠠᠢ ᠥᠷᠨᠢᠭᠦᠯᠪᠡ
ᠪᠠᠶᠠᠨᠨᠠᠭᠤᠷ ᠬᠤᠲᠠ ᠵᠢᠨ ᠬᠤᠶᠠᠷ ᠵᠦᠢ᠍ᠯ᠎ᠤᠨ ᠦᠷ᠎ᠡ ᠪᠦᠲᠦᠭᠡᠯ 《ᠤᠮᠠᠷᠠᠲᠤ ᠵᠢᠨ ᠭᠤᠷᠪᠠᠨ ᠣᠷᠣᠨ》᠎ᠤ ᠭᠠᠵᠠᠷ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠭᠤᠤᠯᠳᠠᠯᠭ᠎ᠠ᠎ᠲᠠᠢ ᠳᠡᠯᠭᠡᠷᠡᠭᠦᠯᠦᠭᠰᠡᠨ ᠨᠡᠷᠡᠰ᠎ᠲᠤ ᠰᠣᠩᠭᠤᠭᠳᠠᠪᠠ
ᠭᠡᠭᠡᠨ ᠭᠣᠣᠯ ᠬᠤᠳᠠ ᠵᠢᠨ ᠤᠢ ᠰᠢᠭᠤᠢ ᠡᠪᠡᠰᠦ ᠪᠡᠯᠴᠢᠭᠡᠷ᠎ᠤᠨ ᠲᠤᠪᠴᠢᠶ᠎ᠠ ᠤᠢ ᠰᠢᠭᠤᠢ ᠡᠪᠡᠰᠦ ᠪᠡᠯᠴᠢᠭᠡᠷ᠎ᠤᠨ ᠵᠢᠴᠢ ᠨᠤᠭᠤ ᠭᠠᠵᠠᠷ᠎ᠤᠨ ᠡᠬᠢ ᠪᠠᠶᠠᠯᠢᠭ᠎ᠤᠨ ᠨᠡᠶ᠋ᠢᠳᠡᠮ ᠪᠠᠶ᠋ᠢᠴᠠᠭ᠋ᠠᠯᠲᠠ ᠵᠢ ᠥᠷᠨᠢᠭᠦᠯᠵᠡᠢ
ᠥᠪᠥᠷ ᠮᠣᠩᠭᠣᠯ᠎ᠤᠨ ᠠᠤᠬᠠᠨ ᠬᠣᠰᠢᠭᠤ᠄ ᠤᠢ ᠰᠢᠭᠤᠢ ᠵᠢᠨ ᠳᠠᠷᠤᠭ᠎ᠠ ᠵᠢᠨ ᠳᠦᠷᠢᠮ᠎ᠤᠨ ᠠᠵᠢᠯ᠎ᠢ ᠰᠠᠢ᠌ᠲᠤᠷ ᠬᠢᠵᠦ ᠪᠤᠢ
 
             蒙ICP备05000248号