ᠣᠶ᠋ᠢᠷ᠎ᠠ᠎ᠳᠤ᠂ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠤᠷᠭ᠋ᠠᠨ 100 ᠵᠦᠢ᠍ᠯ᠎ᠤᠨ 《ᠤᠮᠠᠷᠠᠲᠤ ᠵᠢᠨ ᠭᠤᠷᠪᠠᠨ ᠣᠷᠣᠨ》᠎ᠤ ᠭᠠᠵᠠᠷ ᠣᠷᠣᠨ᠎ᠳᠤ ᠣᠶ ᠰᠢᠭᠤᠶ ᠨᠤᠲᠤᠭ ᠪᠡᠯᠴᠢᠭᠡᠷ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠭᠤᠤᠯᠳᠠᠯᠭ᠎ᠠ᠎ᠲᠠᠢ ᠳᠡᠯᠭᠡᠷᠡᠭᠦᠯᠵᠦ᠂ ᠬᠤᠲᠠ ᠵᠢᠨ ᠡᠯᠡᠰᠦ ᠮᠠᠩᠬ᠎ᠠ ᠵᠢ ᠶᠡᠷᠦᠩᠬᠡᠶ᠋ᠢᠯᠡᠨ ᠵᠠᠰᠠᠬᠤ ᠲᠥᠪ᠎ᠤᠨ 《ᠪᠠᠶ᠋ᠢᠭ᠋ᠠᠯᠢᠯᠢᠭ ᠮᠣᠳᠣᠨ᠎ᠤ ᠲᠥᠷᠥᠯ᠎ᠢ ᠬᠥᠮᠦᠨ᠎ᠤ ᠬᠦᠴᠦ᠎ᠪᠠᠷ ᠪᠤᠶ᠋ᠢᠵᠢᠭᠤᠯᠬᠤ ᠬᠢᠭᠡᠳ ᠠᠵᠤ ᠦᠶ᠋ᠢᠯᠡᠰᠵᠢᠭᠦᠯᠬᠦ ᠮᠡᠷᠭᠡᠵᠢᠯ》 ᠪᠠ 《ᠥᠪᠥᠷ ᠮᠣᠩᠭᠤᠯ᠎ᠤᠨ ᠪᠠᠶᠠᠨᠨᠠᠭᠤᠷ ᠬᠤᠲᠠ ᠵᠢᠨ ᠬᠤᠵᠢᠷᠯᠢᠭ ᠭᠠᠵᠠᠷ᠎ᠢ ᠣᠶ᠋ᠢᠵᠢᠭᠤᠯᠬᠤ ᠮᠡᠷᠭᠡᠵᠢᠯ》᠎ᠤᠨ ᠬᠤᠶᠠᠷ ᠵᠦᠢ᠍ᠯ᠎ᠤᠨ ᠦᠷ᠎ᠡ ᠪᠦᠲᠦᠭᠡᠯ ᠰᠣᠩᠭᠤᠭᠳᠠᠪᠠ᠃
ᠣᠶ᠋ᠢᠯᠠᠭ᠋ᠠᠭᠰᠠᠨ ᠵᠶ᠋ᠠᠷ᠂ 《ᠴᠦᠯᠯᠡᠷᠭᠡᠭ ᠭᠠᠵᠠᠷ᠎ᠤᠨ ᠪᠠᠶ᠋ᠢᠭ᠋ᠠᠯᠢᠯᠢᠬ ᠮᠣᠳᠣᠨ᠎ᠤ ᠲᠥᠷᠥᠯ᠎ᠢ ᠬᠥᠮᠦᠨ᠎ᠤ ᠬᠦᠴᠦ᠎ᠪᠠᠷ ᠪᠤᠶ᠋ᠢᠵᠢᠭᠤᠯᠬᠤ ᠪᠠ ᠠᠵᠤ ᠦᠢ᠍ᠯᠡᠰᠵᠢᠭᠦᠯᠬᠦ ᠮᠡᠷᠭᠡᠵᠢᠯ》᠎ᠨᠢ ᠡᠵᠡᠷᠬᠡᠭ ᠨᠣᠳᠤᠭ᠂ ᠡᠯᠡᠰᠦᠨ ᠴᠦᠯ᠎ᠤᠨ ᠬᠥᠬᠡ᠂ ᠢᠰᠬᠦᠯᠡᠩ ᠴᠢᠪᠠᠭ᠎ᠠ᠂ ᠮᠣᠩᠭᠤᠯ ᠭᠦᠢ᠍ᠯᠡᠰᠦᠨ ᠲᠤᠭᠤᠷ᠎ᠲᠤ ᠴᠢᠭᠯᠡᠭᠦᠯᠦᠨ ᠠᠳᠠᠯᠢ ᠪᠤᠰᠤ ᠣᠷᠬᠢᠬᠤ ᠨᠥᠬᠦᠴᠡᠯ ᠳᠣᠤᠷ᠎ᠠ ᠤᠰᠤᠯᠠᠯᠲᠠ ᠬᠢᠬᠦ ᠪᠠ ᠤᠰᠤᠯᠠᠬᠤ ᠤᠳᠠᠭ᠎ᠠ ᠵᠢᠨ ᠲᠤᠷᠰᠢᠯᠲᠠ ᠬᠢᠵᠦ᠂ ᠠᠭᠤᠯᠠᠷᠬᠠᠭ ᠭᠠᠵᠠᠷ᠎ᠤᠨ ᠣᠶ᠋ᠢᠵᠢᠭᠤᠯᠤᠯᠲᠠ ᠵᠢᠨ ᠤᠰᠤᠯᠠᠯᠲᠠ ᠵᠢᠨ ᠣᠶ ᠰᠢᠭᠤᠶ᠎ᠠᠴᠠ ᠪᠣᠷᠣᠭ᠋ᠠᠨ ᠵᠶ᠋ᠠᠷ ᠣᠶ ᠰᠢᠭᠤᠶ ᠵᠢ ᠲᠡᠵᠢᠭᠡᠬᠦ ᠳᠠᠰᠢ ᠬᠤᠪᠢᠷᠠᠭᠤᠯᠬᠤ ᠪᠣᠯᠤᠯᠴᠠᠭ᠎ᠠ ᠵᠢ ᠬᠠᠶ᠋ᠢᠨ ᠰᠦᠪᠡᠭᠴᠢᠯᠡᠭᠰᠡᠨ ᠪᠠᠶ᠋ᠢᠨ᠎ᠠ᠃ ᠦᠷ᠎ᠡ ᠪᠦᠲᠦᠭᠡᠯ᠎ᠢ ᠨᠢᠭᠡᠨᠲᠡ ᠲᠥᠪ᠎ᠤᠨ ᠡᠳ᠋᠎ᠤᠨ ᠵᠠᠰᠠᠭ᠎ᠤᠨ ᠤᠢ ᠰᠢᠭᠤᠢ ᠪᠠ ᠨᠤᠲᠤᠭ ᠪᠡᠯᠴᠢᠭᠡᠷ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠢ ᠳᠡᠯᠭᠡᠷᠡᠭᠦᠯᠬᠦ 5 ᠲᠥᠷᠥᠯ ᠵᠦᠢ᠍ᠯ᠎ᠳᠤ ᠬᠡᠷᠡᠭᠯᠡᠪᠡ᠃ 《ᠥᠪᠥᠷ ᠮᠣᠩᠭᠤᠯ᠎ᠤᠨ ᠪᠠᠶᠠᠨᠨᠠᠭᠤᠷ ᠬᠤᠲᠠ ᠵᠢᠨ ᠬᠤᠵᠢᠷᠯᠢᠭ ᠭᠠᠵᠠᠷ᠎ᠢ ᠣᠢ᠍ᠵᠢᠭᠤᠯᠬᠤ ᠮᠡᠷᠭᠡᠵᠢᠯ》᠎ᠨᠢ ᠬᠤᠵᠢᠷᠯᠢᠭ ᠭᠠᠵᠠᠷ᠎ᠢ ᠰᠣᠩᠭᠤᠬᠤ ᠪᠠ ᠢᠨᠵᠧᠨᠧᠷᠢᠩ᠎ᠤᠨ ᠠᠷᠭ᠎ᠠ ᠬᠡᠮᠵᠢᠶ᠎ᠡ ᠵᠢᠨ ᠬᠡᠷᠡᠭᠯᠡᠭᠡᠨ᠎ᠤ ᠮᠡᠷᠭᠡᠵᠢᠯ᠎ᠳᠤ ᠴᠢᠭᠯᠡᠭᠦᠯᠦᠨ ᠰᠢᠰᠲ᠋ᠧᠮ᠎ᠲᠠᠢ ᠬᠠᠷᠢᠴᠠᠭᠤᠯᠤᠨ ᠵᠠᠳᠠᠯᠤᠯᠲᠠ ᠬᠢᠵᠦ᠂ ᠲᠣᠬᠢᠷᠠᠮᠵᠢᠲᠠᠢ ᠣᠢ᠍ᠵᠢᠭᠤᠯᠬᠤ ᠮᠣᠳᠣᠨ᠎ᠤ ᠲᠥᠷᠥᠯ᠎ᠢ ᠰᠣᠩᠭᠤᠨ ᠭᠠᠷᠭ᠋ᠠᠵᠤ᠂ ᠠᠳᠠᠯᠢ ᠪᠤᠰᠤ ᠭᠠᠵᠠᠷ ᠣᠷᠣᠨ᠎ᠤ ᠨᠥᠬᠦᠴᠡᠯ ᠳᠣᠣᠷ᠎ᠠ ᠠᠳᠠᠯᠢ ᠪᠤᠰᠤ ᠵᠠᠰᠠᠬᠤ ᠠᠷᠭ᠎ᠠ ᠬᠡᠮᠵᠢᠶ᠎ᠡ ᠠᠪᠴᠤ᠂ ᠣᠢ᠍ᠵᠢᠭᠤᠯᠬᠤ ᠨᠣᠷᠮ᠎ᠠ ᠵᠢ ᠪᠦᠲᠦᠮᠵᠢᠲᠡᠢ ᠳᠡᠭᠡᠭᠰᠢᠯᠡᠭᠦᠯᠦᠨ᠎ᠡ᠃ ᠦᠷ᠎ᠡ ᠪᠦᠲᠦᠭᠡᠯ᠎ᠢ ᠨᠢᠭᠡᠨᠲᠡ ᠤᠯᠤᠰ᠎ᠤᠨ ᠲᠠᠰ᠎ᠤᠨ ᠣᠴᠢ ᠲᠥᠯᠥᠪᠯᠡᠭᠡ ᠵᠢᠨ ᠲᠥᠷᠥᠯ ᠵᠦᠢ᠍ᠯ᠂ ᠲᠥᠪ᠎ᠤᠨ ᠡᠳ᠋᠎ᠤᠨ ᠵᠠᠰᠠᠭ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠰᠢᠨᠵᠢᠯᠡᠬᠦ ᠤᠬᠠᠭ᠋ᠠᠨ ᠮᠡᠷᠭᠡᠵᠢᠯ ᠳᠡᠯᠭᠡᠷᠡᠭᠦᠯᠬᠦ ᠵᠢᠱ᠌ᠢᠶ᠎ᠡ ᠦᠵᠡᠭᠦᠯᠬᠦ ᠲᠥᠷᠥᠯ ᠵᠦᠢ᠍ᠯ᠂ ᠪᠠᠶᠠᠨᠨᠠᠭᠤᠷ ᠬᠤᠲᠠ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠯᠥᠪᠯᠡᠭᠡ ᠵᠢᠨ ᠲᠥᠷᠥᠯ ᠵᠦᠢ᠍ᠯ᠂ ᠡᠯᠡᠰᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠢᠨᠵᠧᠨᠧᠷᠢᠩ᠎ᠳᠤ ᠬᠡᠷᠡᠭᠯᠡᠪᠡ᠃ 《ᠤᠮᠠᠷᠠᠲᠤ ᠵᠢᠨ ᠭᠤᠷᠪᠠᠨ ᠣᠷᠣᠨ》 ᠵᠢᠨ ᠭᠠᠵᠠᠷ ᠣᠷᠣᠨ᠎ᠳᠤ ᠣᠶ ᠰᠢᠭᠤᠶ ᠡᠪᠡᠰᠦ ᠪᠡᠯᠴᠢᠭᠡᠷ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠨᠡᠷᠡᠰ᠎ᠢ ᠭᠤᠤᠯᠳᠠᠯᠭ᠎ᠠ᠎ᠲᠠᠢ ᠳᠡᠯᠭᠡᠷᠡᠭᠦᠯᠵᠦ᠂ ᠡᠨᠡ ᠬᠤᠶᠠᠷ ᠵᠦᠢ᠍ᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠬᠤᠪᠢᠷᠠᠭᠤᠯᠤᠨ ᠬᠡᠷᠡᠭᠯᠡᠬᠦ ᠵᠢ ᠬᠦᠴᠦᠲᠡᠶ ᠠᠬᠢᠭᠤᠯᠵᠤ᠂ ᠲᠣᠰ ᠭᠠᠵᠠᠷ ᠣᠷᠣᠨ ᠪᠤᠶᠤ ᠠᠳᠠᠯᠢ ᠲᠥᠷᠥᠯ᠎ᠤᠨ ᠭᠠᠵᠠᠷ ᠣᠷᠣᠨ᠎ᠤ ᠴᠦᠯᠯᠡᠷᠭᠡᠭᠵᠢᠯ᠎ᠢ ᠰᠡᠷᠭᠡᠶ᠋ᠢᠯᠡᠨ ᠵᠠᠰᠠᠬᠤ ᠪᠠ ᠬᠤᠵᠢᠷᠯᠢᠭ ᠭᠠᠵᠠᠷ᠎ᠢ ᠵᠠᠰᠠᠬᠤ ᠠᠵᠢᠯ᠎ᠢ ᠠᠬᠢᠭᠤᠯᠬᠤ ᠪᠣᠯᠤᠨ᠎ᠠ᠃