ᠨᠡᠶ᠋ᠢᠭᠡᠮ᠎ᠤᠨ ᠬᠥᠷᠥᠩᠭᠡ ᠮᠥᠩᠭᠦ ᠣᠷᠣᠯᠴᠠᠭᠰᠠᠨ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠲᠥᠷᠥᠯ ᠵᠦᠢ᠍ᠯ᠎ᠤᠨ ᠬᠥᠮᠥᠷᠭᠡ ᠵᠢ ᠪᠠᠶ᠋ᠢᠭᠤᠯᠵᠤ᠂ ᠶᠡᠷᠦᠩᠬᠡᠢ ᠢᠲᠡᠭᠡᠮᠵᠢ ᠣᠯᠭᠤᠬᠤ᠂ ᠲᠤᠰᠬᠠᠶ ᠵᠦᠢ᠍ᠯ ᠵᠶ᠋ᠠᠷ ᠪᠡᠯᠡ ᠲᠣᠬᠢᠷᠠᠭᠤᠯᠬᠤ᠂ ᠪᠡᠯᠡ ᠮᠥᠩᠭᠦ ᠳ᠋ᠦᠩᠨᠡᠨ ᠪᠣᠳᠣᠬᠤ ᠵᠢ ᠨᠢᠭᠡ ᠴᠣᠭᠴᠠᠵᠢᠭᠤᠯᠤᠭᠰᠠᠨ ᠲᠤᠰᠬᠠᠶ ᠵᠦᠢ᠍ᠯ᠎ᠲᠦ ᠮᠥᠩᠭᠦᠨ ᠭᠦᠢ᠍ᠯᠭᠡᠭᠡᠨ᠎ᠤ ᠦᠢ᠍ᠯᠡᠴᠢᠯᠡᠭᠡ ᠵᠢᠨ ᠲᠥᠰᠦᠯ᠎ᠢ ᠲᠣᠭᠲᠠᠭ᠋ᠠᠨ᠎ᠠ ᠁ ᠥᠨᠥ ᠵᠢᠯ ᠰᠢᠯᠢ ᠵᠢᠨ ᠭᠤᠤᠯ ᠠᠶ᠋ᠢᠮᠠᠭ ᠮᠥᠩᠭᠦᠨ ᠭᠦᠢ᠍ᠯᠭᠡᠭᠡᠨ᠎ᠤ ᠲᠥᠷᠥ ᠵᠢᠨ ᠪᠣᠳᠣᠯᠭ᠎ᠠ ᠪᠠ ᠮᠥᠩᠭᠦᠨ ᠭᠦᠢ᠍ᠯᠭᠡᠭᠡᠨ᠎ᠤ ᠪᠠᠭ᠋ᠠᠵᠢ ᠵᠢ ᠰᠠᠶ᠋ᠢᠲᠤᠷ ᠬᠡᠷᠡᠭᠯᠡᠨ᠂ ᠬᠤᠯᠠᠨ ᠰᠢᠷᠭ᠎ᠠ ᠲᠠᠭ᠎ᠠ ᠵᠢᠨ ᠡᠯᠡᠰᠦ ᠵᠢ ᠰᠥᠨᠥᠭᠡᠬᠦ ᠳᠠᠶ᠋ᠢᠯᠠᠯᠳᠤᠭ᠋ᠠᠨ᠎ᠢ ᠰᠠᠶ᠋ᠢᠲᠤᠷ ᠬᠢᠬᠦ᠎ᠳᠤ ᠬᠦᠴᠦᠨ ᠨᠡᠮᠡᠷᠢᠯᠡᠵᠦ ᠪᠤᠢ᠃
ᠲᠥᠷᠥᠭᠦᠬᠡᠨ᠂ ᠠᠵᠤ ᠦᠢ᠍ᠯᠡᠳᠪᠦᠷᠢ ᠬᠤᠳᠠᠯᠳᠤᠭ᠋ᠠᠨ᠎ᠤ ᠪᠠᠩᠬᠢ ᠵᠢᠨ ᠰᠢᠯᠢ ᠵᠢᠨ ᠭᠤᠣᠯ ᠠᠶ᠋ᠢᠮᠠᠭᠲᠠᠬᠢ ᠬᠤᠪᠢᠶᠠᠷᠢ ᠪᠠᠩᠬᠢ᠎ᠨᠢ ᠰᠢᠯᠢ ᠵᠢᠨ ᠭᠤᠣᠯ ᠠᠢ᠍ᠮᠠᠭ᠎ᠤᠨ ᠬᠤᠯᠠᠨ ᠰᠢᠷᠭ᠎ᠠ ᠲᠠᠭ᠎ᠠ ᠵᠢᠨ ᠡᠯᠡᠰᠦ ᠵᠢ ᠵᠠᠰᠠᠬᠤ᠎ᠳᠤ ᠮᠥᠩᠭᠦᠨ ᠭᠦᠢ᠍ᠯᠭᠡᠭᠡ᠎ᠪᠠᠷ ᠬᠦᠴᠦᠨ ᠣᠯᠭᠤᠬᠤ ᠬᠠᠮᠲᠤᠷᠠᠯᠴᠠᠭ᠋ᠠᠨ᠎ᠤ ᠵᠥᠪᠯᠡᠯᠴᠡᠭᠡᠷ ᠳᠣᠬᠢᠷᠠᠯᠴᠠᠬᠤ ᠶᠣᠰᠣᠯᠠᠯ ᠶᠠᠪᠤᠭᠳᠠᠭᠤᠯᠵᠠᠢ᠂ ᠲᠤᠰ ᠤᠳᠠᠭ᠋ᠠᠨ᠎ᠤ ᠬᠠᠮᠲᠤᠷᠠᠯᠴᠠᠭ᠋ᠠᠨ ᠵᠶ᠋ᠠᠷ ᠬᠤᠯᠠᠨ ᠰᠢᠷᠭ᠎ᠠ ᠳᠠᠭ᠎ᠠ ᠵᠢᠨ ᠡᠯᠡᠰᠦ ᠵᠢ ᠵᠠᠰᠠᠬᠤ ᠡᠯ᠎ᠡ ᠲᠥᠷᠥᠯ᠎ᠤᠨ ᠭᠤᠣᠯ ᠴᠣᠭᠴᠠ᠎ᠳᠤ ᠮᠥᠩᠭᠦᠨ ᠭᠦᠢ᠍ᠯᠭᠡᠭᠡᠨ᠎ᠤ ᠯᠠᠪᠳᠠᠭᠤᠨ ᠪᠠᠲᠤᠲᠠᠢ ᠳᠡᠮᠵᠢᠯᠭᠡ ᠬᠠᠩᠭ᠋ᠠᠵᠤ᠂ ᠬᠤᠯᠠᠨ ᠰᠢᠷᠭ᠎ᠠ ᠲᠠᠭ᠎ᠠ ᠵᠢᠨ ᠡᠯᠡᠰᠦ ᠵᠢ ᠰᠥᠨᠥᠭᠡᠬᠦ ᠲᠠᠶ᠋ᠢᠯᠠᠯᠳᠤᠭ᠋ᠠᠨᠳᠤ ᠮᠥᠩᠭᠦᠨ ᠭᠦᠢ᠍ᠯᠭᠡᠭᠡᠨ ᠵᠶ᠋ᠠᠷ ᠬᠦᠴᠦᠨ ᠣᠯᠭᠤᠬᠤ ᠪᠣᠯᠣᠨ᠎ᠠ᠃
ᠠᠵᠤ ᠦᠢ᠍ᠯᠡᠳᠪᠦᠷᠢ ᠬᠤᠳᠠᠯᠳᠤᠭ᠋ᠠᠨ᠎ᠤ ᠪᠠᠩᠬᠢ ᠵᠢᠨ ᠰᠢᠯᠢ ᠵᠢᠨ ᠭᠤᠤᠯ ᠠᠶ᠋ᠢᠮᠠᠭᠲᠠᠬᠢ ᠬᠤᠪᠢᠶᠠᠷᠢ ᠪᠠᠩᠬᠢ ᠵᠢᠨ ᠳᠠᠷᠤᠭ᠎ᠠ ᠶᠣᠣ ᠶᠢᠩ ᠬᠡᠯᠡᠬᠦ᠎ᠳᠤ᠎ᠪᠠᠨ᠂ ᠢᠷᠡᠭᠡᠳᠦᠶ᠎ᠳᠤ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠵᠢ ᠨᠢᠭᠡ ᠴᠣᠭᠴᠠᠵᠢᠭᠤᠯᠤᠭᠰᠠᠨ ᠬᠤᠯᠪᠤᠭᠳᠠᠯ ᠪᠥᠬᠦᠶ ᠠᠵᠤ ᠠᠬᠤᠶ᠋ᠢᠯᠠᠯ᠎ᠳᠤ ᠪᠥᠬᠦ ᠲᠠᠯ᠎ᠠ ᠵᠢᠨ ᠮᠥᠩᠭᠦᠨ ᠭᠦᠢ᠍ᠯᠭᠡᠭᠡᠨ᠎ᠤ ᠳᠡᠮᠵᠢᠯᠭᠡ ᠬᠠᠩᠭ᠋ᠠᠵᠤ᠂ ᠬᠤᠯᠠᠨ ᠰᠢᠷᠭ᠎ᠠ ᠳᠠᠭ᠎ᠠ ᠵᠢᠨ ᠡᠯᠡᠰᠦ ᠵᠢ ᠰᠥᠨᠥᠭᠡᠬᠦ ᠳᠠᠶ᠋ᠢᠯᠠᠯᠳᠤᠭ᠋ᠠᠨ᠎ᠤ ᠢᠯᠠᠯᠲᠠ ᠤᠯᠬᠤ᠎ᠳᠤ ᠪᠠᠩᠬᠢ ᠵᠢᠨ ᠦᠢ᠍ᠯᠡᠰ᠎ᠤᠨ ᠬᠦᠴᠦᠨ ᠴᠢᠳᠠᠯ ᠵᠶ᠋ᠠᠨ ᠡᠷᠭᠦᠨ᠎ᠡ ᠭᠡᠯᠡ᠃
ᠰᠢᠯᠢ ᠵᠢᠨ ᠭᠤᠤᠯ ᠠᠶ᠋ᠢᠮᠠᠭ ᠲᠥᠷᠥᠯ ᠵᠦᠢ᠍ᠯ᠎ᠤᠨ ᠡᠬᠢᠨ᠎ᠤ ᠬᠤᠭᠤᠴᠠᠭ᠋ᠠᠨ᠎ᠤ ᠵᠢᠭᠡᠯᠡᠯᠭᠡ᠂ ᠲᠥᠷᠥᠯ ᠵᠦᠢ᠍ᠯ᠎ᠤᠨ ᠵᠢᠭᠡᠯᠡᠯᠭᠡ ᠵᠡᠷᠭᠡ᠎ᠪᠠᠷ ᠭᠠᠷᠳᠠᠴᠠ ᠪᠣᠯᠭ᠋ᠠᠨ᠂ ᠬᠤᠯᠠᠨ ᠰᠢᠷᠭ᠎ᠠ ᠲᠠᠭ᠎ᠠ ᠵᠢᠨ ᠡᠯᠡᠰᠦ ᠵᠢ ᠵᠠᠰᠠᠬᠤ 2.17 ᠳ᠋ᠦᠩᠰᠢᠭᠤᠷ ᠲᠥᠭᠦᠷᠢᠭ᠎ᠤᠨ ᠵᠢᠭᠡᠯᠡᠯᠭᠡ ᠲᠠᠷᠬᠠᠭ᠋ᠠᠪᠠ᠃ ᠡᠭᠦᠨ᠎ᠤ ᠬᠠᠮᠲᠤ᠂ 《ᠤᠶᠤᠨᠲᠤ ᠮᠠᠯ ᠠᠵᠤ ᠠᠬᠤᠶ ᠵᠢᠨ ᠵᠢᠭᠡᠯᠡᠯᠭᠡ》 《ᠲᠦᠢ᠍ᠯ᠎ᠤᠨ ᠬᠤᠷᠳᠤᠴᠠᠲᠤ ᠵᠢᠭᠡᠯᠡᠯᠭᠡ》 ᠵᠡᠷᠭᠡ ᠵᠢᠭᠡᠯᠡᠯᠭᠡ ᠵᠢᠨ ᠰᠢᠨ᠎ᠡ ᠦᠢ᠍ᠯᠡᠳᠬᠦᠨᠤᠳᠢ ᠡᠭᠦᠳᠦᠨ ᠭᠠᠷᠭ᠋ᠠᠭ᠋ᠠᠳ ᠬᠤᠯᠠᠨ ᠰᠢᠷᠭ᠎ᠠ ᠲᠠᠭ᠎ᠠ ᠵᠢᠨ ᠡᠯᠡᠰᠦᠨ᠎ᠤ ᠬᠡᠪᠡᠯᠢ᠎ᠳᠠᠬᠢ ᠵᠢᠴᠢ ᠡᠷᠬᠢᠨ ᠲᠣᠭᠤᠷᠢᠨ᠎ᠤ 3455 ᠡᠷᠦᠬᠡ ᠵᠢᠨ ᠮᠠᠯᠴᠢᠨ ᠲᠠᠷᠢᠶᠠᠴᠢᠨ᠎ᠳᠤ 6.79 ᠳ᠋ᠦᠩᠰᠢᠭᠤᠷ ᠲᠥᠭᠦᠷᠢᠭ᠎ᠤᠨ ᠢᠲᠡᠭᠡᠮᠵᠢᠲᠦ ᠵᠢᠭᠡᠯᠡᠯᠭᠡ ᠬᠠᠩᠭ᠋ᠠᠵᠤ᠂ 1692.42 ᠲᠦᠮᠡᠨ ᠮᠥ᠍ ᠣᠶ ᠮᠣᠳᠣ ᠵᠢ ᠲᠦᠭᠰᠢᠭᠦᠷᠢ᠎ᠠᠴᠠ ᠰᠡᠷᠭᠡᠶ᠋ᠢᠯᠡᠬᠦ᠎ᠳᠤᠨᠢ 164.07 ᠳ᠋ᠦᠩᠰᠢᠭᠤᠷ ᠲᠦᠭᠦᠷᠢᠭ᠎ᠤᠨ ᠪᠠᠲᠤᠯᠠᠭ᠎ᠠ ᠬᠠᠩᠭ᠋ᠠᠪᠠ᠃