8 ᠰᠠᠷ᠎ᠠ ᠵᠢᠨ 1᠎ᠤ ᠡᠳᠦᠷ᠂ ᠪᠡᠭᠡᠵᠢᠩ ᠬᠤᠲᠠ ᠵᠢᠨ ᠤᠯᠤᠰ ᠲᠥᠷᠥ ᠵᠢᠨ ᠵᠥᠪᠯᠡᠯᠭᠡᠨ᠎ᠤ ᠲᠠᠷᠢᠶᠠᠯᠠᠩ ᠪᠠ ᠬᠥᠳᠡᠭᠡ ᠲᠣᠰᠬᠤᠨ᠎ᠤ ᠵᠥᠪᠯᠡᠯ ᠪᠡᠭᠡᠵᠢᠩ ᠬᠤᠲᠠ ᠵᠢᠨ ᠲᠠᠷᠢᠶᠠᠯᠠᠩ ᠣᠶ ᠰᠢᠭᠤᠶ ᠵᠢᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠬᠠᠮᠲᠤᠷᠠᠭᠰᠠᠨ ᠰᠢᠨᠵᠢᠯᠡᠨ ᠪᠠᠶ᠋ᠢᠴᠠᠭ᠋ᠠᠬᠤ ᠳᠤᠭᠤᠶ᠋ᠢᠯᠠᠩ ᠮᠠᠨ᠎ᠤ ᠬᠤᠲᠠ᠎ᠳᠤ ᠢᠷᠡᠵᠦ ᠰᠢᠨᠵᠢᠯᠡᠨ ᠪᠠᠶ᠋ᠢᠴᠠᠭ᠋ᠠᠭᠰᠠᠨ ᠪᠥᠭᠡᠳ ᠭᠡᠷ᠎ᠡ ᠲᠣᠭᠲᠠᠬᠤ ᠶᠠᠷᠢᠯᠴᠠᠬᠤ ᠬᠤᠷᠠᠯ ᠬᠢᠪᠠ᠃ ᠪᠡᠭᠡᠵᠢᠩ ᠬᠤᠲᠠ ᠵᠢᠨ ᠤᠯᠤᠰ ᠲᠥᠷᠥ ᠵᠢᠨ ᠵᠥᠪᠯᠡᠯᠭᠡᠨ᠎ᠤ ᠲᠠᠷᠢᠶᠠᠯᠠᠩ ᠪᠠ ᠬᠥᠳᠡᠭᠡ ᠲᠣᠰᠬᠤᠨ᠎ᠤ ᠵᠥᠪᠯᠡᠯ᠎ᠤᠨ ᠡᠷᠬᠢᠯᠡᠭᠴᠢ ᠯᠢ ᠴᠧᠩ ᠬᠦᠶ᠂ ᠳᠡᠳ᠋ ᠡᠷᠬᠢᠯᠡᠭᠴᠢ ᠯᠢ ᠢᠦᠶ ᠯᠢ᠂ ᠪᠡᠭᠡᠵᠢᠩ ᠬᠤᠲᠠ ᠵᠢᠨ ᠲᠠᠷᠢᠶᠠᠯᠠᠩ ᠣᠶ ᠰᠢᠭᠤᠶ ᠵᠢᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠳᠡᠳ᠋ ᠱᠦᠵᠢ᠂ ᠬᠤᠷᠢᠶᠠᠨ ᠳᠠᠷᠤᠭ᠎ᠠ ᠶᠠᠨ ᠵᠢᠶ ᠶᠧ; ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠪᠠᠶ᠋ᠢᠩᠭᠤ ᠵᠢᠨ ᠭᠡᠰᠢᠭᠦᠨ ᠵᠠᠶ ᠰᠢᠦ᠂ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ ᠵᠢᠨ ᠵᠥᠪᠯᠡᠯᠭᠡᠨ᠎ᠤ ᠠᠯᠪᠠᠨ ᠲᠢᠩᠬᠢᠮ᠎ᠤᠨ ᠨᠢᠭᠡᠳᠦᠭᠡᠷ ᠳᠡᠰ᠎ᠤᠨ ᠲᠣᠭᠤᠷᠢᠨ ᠪᠠᠶ᠋ᠢᠴᠠᠭ᠋ᠠᠭᠴᠢ ᠯᠢ ᠰᠢᠶᠠᠩ ᠾᠧ᠂ ᠬᠤᠲᠠ ᠵᠢᠨ ᠨᠠᠮ᠎ᠤᠨ ᠬᠤᠷᠢᠶᠠᠨ᠎ᠤ ᠱᠦᠵᠢ ᠰᠦᠶ ᠸᠧᠶ ᠵᠢᠶᠦ᠋ᠨ᠂ ᠬᠤᠲᠠ ᠵᠢᠨ ᠤᠯᠤᠰ ᠲᠥᠷᠥ ᠵᠢᠨ ᠵᠥᠪᠯᠡᠯᠭᠡᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠡᠷᠢᠭᠦᠯᠡᠭᠴᠢ ᠶᠤᠸᠠᠢ ᠶᠠᠨ ᠮᠧᠶ᠂ ᠬᠤᠲᠠ ᠵᠢᠨ ᠤᠳᠤᠷᠢᠳᠤᠯᠭ᠎ᠠ ᠰᠦᠶ ᠵᠢᠶᠠᠨ ᠬᠤᠸᠠ᠂ ᠸᠠᠩ ᠵᠧᠨ ᠬᠠᠶ᠂ ᠸᠠᠩ ᡁᠢ ᠶᠦᠩ ᠭᠠᠷᠤᠨ ᠥᠰᠥᠭ ᠵᠢᠷᠤᠬᠤ ᠶᠠᠷᠢᠯᠴᠠᠬᠤ ᠬᠤᠷᠠᠯ᠎ᠳᠤ ᠣᠷᠣᠯᠴᠠᠭᠰᠠᠨ ᠪᠤᠶᠤ ᠰᠢᠨᠵᠢᠯᠡᠨ ᠪᠠᠶ᠋ᠢᠴᠠᠭ᠋ᠠᠬᠤ᠎ᠳᠤ ᠣᠷᠣᠯᠴᠠᠪᠠ᠃ ᠰᠦᠢ ᠸᠧᠢ ᠵᠢᠶᠦ᠋ᠨ ᠰᠢᠨᠵᠢᠯᠡᠨ ᠪᠠᠶ᠋ᠢᠴᠠᠭ᠋ᠠᠬᠤ ᠳᠤᠭᠤᠶ᠋ᠢᠯᠠᠩ᠎ᠤᠨ ᠬᠦᠷᠴᠦ ᠢᠷᠡᠭᠰᠡᠨ᠎ᠢ ᠪᠠᠶᠠᠷᠯᠠᠨ ᠤᠭᠲᠤᠵᠤ᠂ ᠪᠡᠭᠡᠵᠢᠩ ᠬᠤᠳᠠ ᠵᠢᠨ ᠤᠯᠤᠰ ᠲᠦᠷᠦ ᠵᠢᠨ ᠵᠥᠪᠯᠡᠯᠭᠡᠨ᠂ ᠪᠡᠭᠡᠵᠢᠩ ᠬᠤᠳᠠ ᠵᠢᠨ ᠲᠠᠷᠢᠶᠠᠯᠠᠩ ᠤᠢ ᠰᠢᠭᠤᠢ ᠵᠢᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠤᠯᠠᠭ᠋ᠠᠨᠴᠠᠪ᠎ᠲᠤ ᠦᠵᠡᠭᠦᠯᠦᠭᠰᠡᠨ ᠬᠦᠴᠦᠲᠡᠢ ᠳᠡᠮᠵᠢᠯᠭᠡ᠎ᠳᠤ ᠲᠠᠯᠠᠷᠬᠠᠵᠤ ᠪᠠᠶ᠋ᠢᠬᠤ᠎ᠪᠠᠨ ᠢᠯᠡᠳᠬᠡᠪᠡ᠃ ᠲᠡᠷᠡ᠂ ᠣᠶ᠋ᠢᠷ᠎ᠠ ᠵᠢᠨ ᠵᠢᠯ᠎ᠳᠤ᠂ ᠤᠯᠠᠭ᠋ᠠᠨᠴᠠᠪ ᠬᠤᠲᠠ ᠪᠡᠭᠡᠵᠢᠩ ᠥᠪᠥᠷ ᠮᠣᠩᠭᠤᠯ᠎ᠤᠨ ᠬᠠᠮᠵᠢᠯᠴᠠᠭ᠋ᠠᠨ᠎ᠤ ᠵᠢᠷᠭᠤᠭ᠋ᠠᠨ 《ᠳᠠᠬᠢᠨ ᠵᠶ᠋ᠠᠷ ᠨᠡᠮᠡᠭᠳᠡᠭᠦᠯᠬᠦ ᠲᠥᠯᠥᠪᠯᠡᠭᠡ》 ᠵᠢ ᠰᠠᠶ᠋ᠢᠲᠤᠷ ᠨᠠᠶ᠋ᠢᠳᠠᠪᠤᠷᠢᠵᠢᠭᠤᠯᠬᠤ ᠵᠢᠨ ᠲᠣᠭᠤᠷᠢᠨ᠎ᠳᠤ᠂ 《ᠭᠤᠷᠪᠠᠨ ᠪᠣᠬᠢᠷᠳᠣᠯ ᠦᠭᠡᠢ ᠵᠢ ᠪᠡᠭᠡᠵᠢᠩ᠎ᠳᠤ ᠣᠷᠣᠭᠤᠯᠬᠤ》 《ᠭᠤᠷᠪᠠᠨ ᠪᠠᠯᠠ ᠮᠥᠩᠭᠦ ᠵᠢ ᠤᠯᠠᠭ᠋ᠠᠨᠴᠠᠪ᠎ᠲᠤ ᠬᠦᠷᠭᠡᠬᠦ》 ᠠᠵᠢᠯᠯᠠᠭ᠎ᠠ ᠵᠢ ᠶᠡᠬᠡᠪᠡᠷ ᠬᠡᠷᠡᠭᠵᠢᠭᠦᠯᠵᠦ᠂ ᠳᠠᠪᠠᠭᠤᠯᠢᠭ ᠵᠶ᠋ᠠᠨ ᠬᠠᠷᠢᠯᠴᠠᠨ ᠨᠥᠬᠦᠪᠥᠷᠢᠯᠡᠬᠦ᠂ ᠣᠯᠠᠨ ᠲᠠᠯ᠎ᠠ᠎ᠪᠠᠷ ᠬᠠᠮᠲᠤ᠎ᠪᠠᠷ ᠠᠰᠢᠭ ᠭᠥᠷᠳᠡᠬᠦ ᠵᠢ ᠪᠡᠶᠡᠯᠡᠭᠦᠯᠪᠡ᠃ ᠪᠡᠭᠡᠵᠢᠩ ᠬᠤᠲᠠ ᠵᠢᠨ ᠤᠯᠤᠰ ᠲᠥᠷᠥ ᠵᠢᠨ ᠵᠥᠪᠯᠡᠯᠭᠡᠨ᠎ᠤ ᠲᠠᠷᠢᠶᠠᠯᠠᠩ ᠪᠠ ᠬᠥᠳᠡᠭᠡ ᠲᠣᠰᠬᠤᠨ᠎ᠤ ᠵᠥᠪᠯᠡᠯ᠂ ᠪᠡᠭᠡᠵᠢᠩ ᠬᠤᠲᠠ ᠵᠢᠨ ᠲᠠᠷᠢᠶᠠᠯᠠᠩ ᠣᠶ ᠰᠢᠭᠤᠶ ᠵᠢᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ᠎ᠬᠢᠨ ᠲᠣᠰ ᠪᠡᠶ᠎ᠡ ᠵᠢᠨ ᠳᠠᠪᠠᠭᠤᠯᠢᠭ ᠵᠶ᠋ᠠᠨ ᠦᠷᠭᠦᠯᠵᠢᠯᠡᠨ ᠪᠠᠳᠠᠷᠠᠭᠤᠯᠵᠤ᠂ ᠤᠯᠠᠭ᠋ᠠᠨᠴᠠᠪᠯᠤᠭᠠ ᠵᠢᠨ ᠨᠡᠶ᠋ᠢᠭᠡᠮᠴᠢᠯᠡᠭᠰᠡᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠢ᠍ᠯᠡᠴᠢᠯᠡᠭᠡ᠂ ᠲᠠᠷᠢᠶᠠᠯᠠᠩ ᠮᠠᠯ ᠠᠵᠤ ᠠᠬᠤᠶ ᠵᠢᠨ ᠠᠵᠤ ᠦᠢ᠍ᠯᠡᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ 《ᠪᠦᠰᠡᠯᠡᠯᠲᠡ ᠵᠢ ᠰᠢᠪᠲᠤᠯᠬᠤ》᠂ ᠠᠵᠤ ᠦᠢ᠍ᠯᠡᠰ᠎ᠤᠨ ᠬᠡᠯᠬᠢᠶ᠎ᠡ ᠵᠢ ᠨᠡᠪᠴᠢᠭᠦᠯᠬᠦ ᠵᠡᠷᠭᠡ ᠲᠠᠯ᠎ᠠ ᠵᠢᠨ ᠬᠠᠮᠲᠤᠷᠠᠯᠴᠠᠭ᠎ᠠ᠎ᠪᠠᠨ ᠭᠦᠨᠵᠡᠭᠡᠶ᠋ᠢᠷᠡᠭᠦᠯᠵᠦ᠂ ᠤᠯᠠᠭ᠋ᠠᠨᠴᠠᠪ᠎ᠤᠨ ᠲᠠᠷᠢᠶᠠᠯᠠᠩ ᠮᠠᠯ ᠠᠵᠤ ᠠᠬᠤᠶ ᠵᠢᠨ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ᠎ᠳᠤ ᠬᠦᠴᠦᠨ ᠨᠡᠮᠡᠷᠢᠯᠡᠬᠦ ᠵᠢ ᠬᠦᠰᠡᠵᠦ ᠪᠠᠶ᠋ᠢᠨ᠎ᠠ ᠭᠡᠵᠦ ᠬᠡᠯᠡᠪᠡ᠃ ᠶᠠᠨ ᠵᠢᠢ ᠶᠧ ᠪᠡᠭᠡᠵᠢᠩ ᠬᠤᠲᠠ ᠵᠢᠨ ᠲᠠᠷᠢᠶᠠᠯᠠᠩ ᠣᠶ ᠰᠢᠭᠤᠶ ᠵᠢᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠪᠠᠶ᠋ᠢᠳᠠᠯ᠎ᠢ ᠲᠣᠪᠴᠢ ᠲᠠᠨᠢᠯᠴᠠᠭᠤᠯᠪᠠ᠃ ᠲᠡᠷᠡ᠂ ᠤᠯᠠᠭ᠋ᠠᠨᠴᠠᠪ ᠪᠣᠯ ᠥᠪᠥᠷ ᠮᠣᠩᠭᠤᠯ᠎ᠤᠨ ᠪᠡᠭᠡᠵᠢᠩ᠎ᠠᠴᠠ ᠬᠠᠮᠤᠭ ᠣᠶ᠋ᠢᠷᠠᠬᠠᠨ ᠬᠤᠳᠠ ᠪᠠᠶ᠋ᠢᠵᠤ᠂ ᠡᠯᠪᠡᠭ ᠪᠠᠶᠠᠯᠢᠭ ᠲᠠᠷᠢᠶᠠᠯᠠᠩ᠎ᠤᠨ ᠡᠬᠢ ᠪᠠᠶᠠᠯᠢᠭ᠂ ᠭᠤᠶ᠋ᠢᠳᠠ ᠰᠠᠶ᠋ᠢᠬᠠᠨ ᠠᠮᠢ ᠠᠬᠤᠢ ᠵᠢᠨ ᠣᠷᠴᠢᠨ ᠲᠣᠭᠤᠷᠢᠨ᠎ᠲᠠᠢ ᠪᠠᠶ᠋ᠢᠵᠤ᠂ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ ᠭᠠᠵᠠᠷ ᠪᠣᠯᠤᠨ᠎ᠠ᠃ ᠪᠡᠭᠡᠵᠢᠩ ᠬᠤᠲᠠ ᠵᠢᠨ ᠲᠠᠷᠢᠶᠠᠯᠠᠩ ᠣᠶ ᠰᠢᠭᠤᠶ ᠵᠢᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ᠎ᠬᠢᠨ ᠲᠣᠰ ᠤᠳᠠᠭ᠋ᠠᠨ᠎ᠤ ᠭᠡᠷ᠎ᠡ ᠲᠣᠭᠲᠠᠬᠤ᠎ᠪᠠᠷ ᠡᠬᠢᠯᠡᠯᠲᠡ ᠪᠣᠯᠭ᠋ᠠᠵᠤ᠂ ᠳᠠᠪᠠᠭᠤᠯᠢᠭ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠦᠴᠦᠨ ᠵᠶ᠋ᠠᠨ ᠤᠯᠠᠮ ᠨᠢᠭᠡ ᠠᠯᠬᠤᠮ ᠡᠮᠬᠢᠯᠡᠨ ᠨᠡᠶ᠋ᠢᠯᠡᠭᠦᠯᠵᠦ᠂ ᠤᠯᠠᠭ᠋ᠠᠨᠴᠠᠪ᠎ᠤᠨ ᠠᠵᠤ ᠦᠢ᠍ᠯᠡᠰ᠎ᠤᠨ ᠪᠣᠳᠠᠲᠠᠶ ᠬᠡᠷᠡᠭᠴᠡᠭᠡ ᠱᠠᠭ᠋ᠠᠷᠳᠠᠯᠭ᠎ᠠ᠎ᠲᠠᠢ ᠤᠶᠠᠯᠳᠤᠭᠤᠯᠤᠨ᠂ ᠬᠤᠲᠠ ᠬᠦᠷᠢᠶᠡᠯᠡᠩ᠎ᠤᠨ ᠬᠠᠮᠲᠤᠷᠠᠯᠴᠠᠭ᠎ᠠ ᠵᠢ ᠭᠦᠨᠵᠡᠭᠡᠶ ᠪᠥᠭᠡᠳ ᠪᠣᠳᠠᠲᠠᠶ᠎ᠪᠠᠷ ᠰᠠᠶ᠋ᠢᠲᠤᠷ ᠬᠢᠵᠦ᠂ ᠤᠯᠠᠭ᠋ᠠᠨᠴᠠᠪ᠎ᠤᠨ ᠲᠠᠷᠢᠶᠠᠯᠠᠩ᠎ᠤᠨ ᠣᠳᠣᠬᠢᠴᠢᠯᠠᠯᠲᠠ ᠵᠢᠨ ᠬᠥᠭᠵᠢᠯᠲᠡ᠎ᠳᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠨ᠎ᠠ ᠭᠡᠵᠦ ᠢᠯᠡᠷᠬᠡᠶ᠋ᠢᠯᠡᠪᠡ᠃ ᠶᠠᠷᠢᠯᠴᠠᠬᠤ ᠬᠤᠷᠠᠯ ᠳᠡᠭᠡᠷ᠎ᠡ᠂ ᠬᠤᠲᠠ ᠵᠢᠨ ᠵᠠᠰᠠᠭ᠎ᠤᠨ ᠣᠷᠳᠣᠨ ᠪᠡᠭᠡᠵᠢᠩ ᠬᠤᠲᠠ ᠵᠢᠨ ᠲᠠᠷᠢᠶᠠᠯᠠᠩ ᠣᠶ ᠰᠢᠭᠤᠶ ᠵᠢᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠲᠠᠢ ᠬᠠᠮᠲᠤᠷᠠᠯᠴᠠᠭ᠋ᠠᠨ᠎ᠤ ᠵᠥᠪᠯᠡᠯᠴᠡᠭᠡᠷ ᠲᠣᠭᠲᠠᠵᠤ᠂ ᠬᠤᠶᠠᠷ ᠲᠠᠯ᠎ᠠ᠎ᠪᠠᠷ ᠵᠶ᠋ᠠᠨ ᠳᠠᠪᠠᠭᠤᠯᠢᠭ ᠤᠨᠴᠠᠯᠢᠬᠳᠤ ᠠᠵᠤ ᠦᠢ᠍ᠯᠡᠰ᠎ᠤᠨ ᠬᠡᠯᠬᠢᠶ᠎ᠡ ᠵᠢ ᠪᠣᠶ ᠪᠣᠯᠭ᠋ᠠᠬᠤ᠂ ᠲᠠᠷᠢᠶᠠᠯᠠᠩ ᠮᠠᠯ ᠠᠵᠤ ᠠᠬᠤᠶ ᠵᠢᠨ ᠣᠳᠣᠬᠢᠴᠢᠯᠠᠯᠲᠠ ᠵᠢᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠬᠤ ᠵᠡᠷᠭᠡ ᠲᠠᠯ᠎ᠠ᠎ᠪᠠᠷ ᠬᠠᠮᠲᠤᠷᠠᠯᠴᠠᠭ᠎ᠠ᠎ᠪᠠᠨ ᠴᠢᠩᠭ᠋ᠠᠳᠬᠠᠬᠤ ᠪᠣᠯᠤᠨ᠎ᠠ᠃ ᠬᠤᠷᠠᠯ᠎ᠠᠴᠠ ᠡᠮᠦᠨ᠎ᠡ᠂ ᠰᠢᠨᠵᠢᠯᠡᠨ ᠪᠠᠶ᠋ᠢᠴᠠᠭ᠋ᠠᠬᠤ ᠳᠤᠭᠤᠶ᠋ᠢᠯᠠᠩ᠎ᠤᠨ᠎ᠬᠢᠨ ᠮᠤᠨᠢ ᠠᠭᠤᠯᠠ ᠵᠢᠨ ᠶᠢᠦ ᠮᠠᠢ ᠺᠣᠮᠫᠠᠨᠢ᠂ ᠱᠦ᠍ ᠳ᠋ᠦ᠋ ᠢᠦᠢ ᠨᠦᠩ ᠦᠷ᠎ᠡ ᠵᠢᠨ ᠦᠢ᠍ᠯᠡᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠺᠣᠮᠫᠠᠨᠢ ᠪᠣᠯᠤᠨ ᠬᠤᠩ ᠹᠦ᠋ ᠤᠳᠤ ᠦᠶ᠎ᠡ ᠵᠢᠨ ᠲᠠᠷᠢᠶᠠᠯᠠᠩ᠎ᠤᠨ ᠠᠵᠤ ᠦᠢ᠍ᠯᠡᠰ᠎ᠤᠨ ᠬᠦᠷᠢᠶᠡᠯᠡᠩ᠎ᠳᠤ ᠰᠢᠨᠵᠢᠯᠡᠨ ᠪᠠᠶ᠋ᠢᠴᠠᠭ᠋ᠠᠪᠠ᠃
ᠣᠷᠴᠢᠭᠤᠯᠤᠭᠴᠢ᠄ ᠭᠤᠸ᠎ᠠ ᠬᠢᠨᠠᠭᠴᠢ᠄ ᠠᠷᠢᠭᠤᠨ