ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
ᠡᠯᠡᠰᠦ ᠨᠠᠭᠤᠷ᠎ᠤᠨ ᠭᠠᠶ᠋ᠢᠬᠠᠮᠰᠢᠭ᠎ᠢ ᠪᠦᠳᠦᠭᠡᠭᠰᠡᠨ ᠦᠵᠡᠮᠵᠢᠳᠦ ᠤᠷᠤᠨ
ᠨᠡᠶ᠋ᠢᠲᠡᠯᠡᠭᠰᠡᠨ ᠴᠠᠭ᠄ 2024-08-07


  
    ᠲᠤᠬᠠᠢ ᠵᠢᠨ ᠭᠠᠵᠠᠷ᠎ᠤᠨ ᠴᠠᠭ ᠵᠶ᠋ᠠᠷ 7 ᠰᠠᠷ᠎ᠠ ᠵᠢᠨ 26᠎ᠤ ᠡᠳᠦᠷ ᠡᠨᠡᠳᠭᠡᠭ᠎ᠤᠨ ᠨᠡᠶ᠋ᠢᠰᠯᠡᠯ ᠰᠢᠨ᠎ᠡ ᠳ᠋ᠧᠯᠢ᠎ᠳᠤ ᠶᠠᠪᠤᠭᠳᠠᠭᠰᠠᠨ 46 ᠳ᠋ᠤᠭ᠋ᠠᠷ ᠬᠤᠭᠤᠴᠠᠭ᠋ᠠᠨ᠎ᠤ ᠣᠯᠠᠨ ᠤᠯᠤᠰ᠎ᠤᠨ ᠬᠤᠯᠪᠣᠭ᠋ᠠᠲᠤ ᠪᠠᠶ᠋ᠢᠭᠤᠯᠭ᠎ᠠ ᠵᠢᠨ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠰᠣᠶᠣᠯ᠎ᠤᠨ ᠵᠣᠬᠢᠶᠠᠨ ᠪᠠᠶ᠋ᠢᠭᠤᠯᠤᠯᠲᠠ ᠵᠢᠨ ᠳᠡᠯᠡᠬᠡᠢ ᠵᠢᠨ ᠥᠪ᠎ᠤᠨ ᠵᠦᠪᠯᠡᠯ᠎ᠤᠨ ᠬᠤᠷᠠᠯ ᠳᠡᠭᠡᠷ᠎ᠡ ᠠᠯᠠᠱ᠌ᠠ ᠵᠢᠨ ᠪᠠᠳᠠᠢ ᠵᠢᠨ ᠵᠢᠷᠠᠨ ᠡᠯᠡᠰᠦ — ᠡᠯᠡᠰᠦᠨ ᠴᠤᠬᠢᠶ᠎ᠠ ᠨᠠᠭᠤᠷ ᠪᠦᠷᠢᠳᠦ᠎ᠨᠦᠭᠦᠳ᠎ᠢ 《ᠳᠡᠯᠡᠬᠡᠢ ᠵᠢᠨ ᠥᠪ᠎ᠤᠨ ᠨᠡᠷᠡᠰ᠎ᠤᠨ ᠲᠡᠮᠳᠡᠭᠯᠡᠯ》᠎ᠳᠤ ᠠᠮᠵᠢᠯᠲᠠ᠎ᠲᠠᠢ ᠪᠦᠷᠢᠳᠭᠡᠬᠦᠯᠪᠡ᠃ ᠪᠠᠳᠠᠢ ᠵᠢᠨ ᠵᠢᠷᠠᠨ ᠡᠯᠡᠰᠦ ᠳᠤᠮᠳᠠᠳᠤ ᠤᠯᠤᠰ᠎ᠤᠨ ᠪᠠᠷᠠᠭᠤᠨ ᠬᠤᠶ᠋ᠢᠲᠤ ᠵᠢᠨ ᠭᠠᠩ ᠬᠠᠭᠤᠷᠠᠢ ᠰᠡᠷᠢᠭᠦᠨ ᠪᠦᠰᠡ ᠵᠢᠨ ᠴᠦᠯᠯᠡᠷᠬᠡᠭ ᠣᠷᠣᠨ᠎ᠤ ᠠᠯᠠᠱ᠌ᠠ ᠵᠢᠨ ᠥᠨᠳᠦᠷᠯᠢᠭ᠎ᠲᠤ ᠪᠠᠶ᠋ᠢᠷᠢᠯᠠᠵᠤ᠂ ᠳᠤᠮᠳᠠᠳᠤ ᠤᠯᠤᠰ᠎ᠤᠨ ᠭᠤᠷᠪᠠᠳᠤᠭ᠋ᠠᠷ ᠶᠡᠭᠡ ᠡᠯᠡᠰᠦ ᠪᠠ ᠬᠤᠶᠠᠳᠤᠭ᠋ᠠᠷ ᠶᠡᠭᠡ ᠨᠡᠭᠦᠳᠡᠯ ᠡᠯᠡᠰᠦ ᠪᠤᠯᠤᠨ᠎ᠠ᠃ ᠦᠷᠭᠦᠯᠵᠢᠯᠡᠭᠰᠡᠨ ᠥᠨᠳᠥᠷ ᠶᠡᠭᠡ ᠡᠯᠡᠰᠦᠨ ᠴᠤᠬᠢᠶ᠎ᠠ ᠪᠠ ᠡᠯᠡᠰᠦᠨ ᠳᠣᠪᠣᠴᠠᠭ᠎ᠤᠨ ᠬᠤᠭᠤᠷᠣᠨᠳᠣᠬᠢ ᠮᠠᠰᠢ ᠣᠯᠠᠨ ᠨᠠᠭᠤᠷ ᠪᠦᠷᠢᠳᠦ᠎ᠪᠠᠷ ᠵᠶ᠋ᠠᠨ ᠠᠯᠳᠠᠷᠰᠢᠨ᠂ ᠡᠯᠡᠰᠦᠨ ᠦᠵᠡᠮᠵᠢ᠎ᠨᠢ ᠲᠠᠰᠤᠷᠠᠯᠲᠠ ᠦᠭᠡᠢ ᠬᠤᠪᠢᠰᠴᠦ ᠪᠠᠶ᠋ᠢᠭ᠎ᠠ ᠭᠠᠵᠠᠷ ᠰᠢᠨᠵᠢᠯᠡᠭᠡ ᠪᠠ ᠭᠠᠵᠠᠷ᠎ᠤᠨ ᠲᠥᠷᠬᠦ ᠵᠢᠨ ᠣᠨᠴᠠᠯᠢᠭ᠎ᠢ ᠬᠠᠷᠠᠭᠤᠯᠵᠤ᠂ ᠬᠥᠮᠥᠰ᠎ᠢ ᠭᠠᠶ᠋ᠢᠬᠠᠰᠢ ᠠᠯᠳᠠᠭᠤᠯᠤᠮ᠎ᠠ ᠪᠠᠶ᠋ᠢᠳᠠᠭ ᠵᠶ᠋ᠠᠷ ᠪᠥᠬᠦ ᠳᠡᠯᠡᠬᠡᠢ᠎ᠳᠤ ᠠᠳᠠᠯᠢᠳᠬᠠᠵᠦ ᠪᠣᠯᠤᠮᠠᠷ ᠡᠯᠡᠰᠦᠨ ᠴᠥᠯ ᠴᠥᠭᠡᠨ ᠪᠠᠶ᠋ᠢᠳᠠᠭ᠃ ᠪᠠᠳᠠᠢ ᠵᠢᠨ ᠵᠢᠷᠠᠨ ᠡᠯᠡᠰᠦ ᠵᠢᠨ ᠴᠢᠬᠤᠯᠠ ᠪᠡᠯᠭᠡ ᠲᠡᠮᠳᠡᠭ᠎ᠨᠢ ᠳᠡᠯᠡᠬᠡᠢ ᠵᠢᠨ ᠬᠠᠮᠤᠭ᠎ᠤᠨ ᠥᠨᠳᠥᠷ ᠲᠣᠭᠲᠠᠮᠠᠯ ᠡᠯᠡᠰᠦᠨ ᠴᠤᠬᠢᠶ᠎ᠠ ᠵᠢᠨ ᠬᠠᠷᠢᠴᠠᠩᠭᠤᠢ ᠥᠨᠳᠥᠷ᠎ᠤᠨ ᠬᠡᠮᠵᠢᠶ᠎ᠡ᠎ᠨᠢ 460 ᠮᠸᠲᠷ᠎ᠲᠤ ᠬᠦᠷᠴᠦ ᠪᠠᠶ᠋ᠢᠬᠤ ᠪᠦᠬᠡᠳ ᠪᠠᠰᠠ ᠬᠠᠮᠤᠭ᠎ᠤᠨ ᠨᠢᠭᠲᠠ ᠳᠦᠪᠯᠡᠷᠡᠭᠰᠡᠨ ᠨᠠᠭᠤᠷ ᠴᠥᠭᠦᠷᠥᠮ᠂ ᠬᠠᠮᠤᠭ᠎ᠤᠨ ᠶᠡᠭᠡ ᠳᠠᠭᠤᠲᠤ ᠡᠯᠡᠰᠦᠨ ᠣᠷᠣᠨ ᠵᠢᠴᠢ ᠰᠠᠯᠬᠢᠨ᠎ᠳᠤ ᠡᠯᠡᠭᠳᠡᠭᠰᠡᠨ ᠣᠯᠠᠨ ᠶᠠᠩᠵᠤ ᠵᠢᠨ ᠭᠠᠵᠠᠷ᠎ᠤᠨ ᠲᠥᠷᠬᠦ ᠵᠢ ᠪᠠᠭᠲᠠᠭ᠋ᠠᠵᠤ ᠪᠠᠶ᠋ᠢᠳᠠᠭ᠃ ᠡᠶ᠋ᠢᠮᠦᠷᠬᠦᠦ ᠥᠪᠡᠷᠮᠢᠴᠡ ᠣᠨᠴᠠᠯᠢᠭ᠎ᠲᠠᠢ ᠦᠵᠡᠮᠵᠢ᠎ᠨᠢ ᠪᠠᠳᠠᠢ ᠵᠢᠨ ᠵᠢᠷᠠᠨ ᠡᠯᠡᠰᠦᠨ᠎ᠤ ᠶᠡᠷᠦ ᠪᠤᠰᠤ ᠵᠢᠨ ᠪᠠᠶ᠋ᠢᠭ᠋ᠠᠯᠢ ᠵᠢᠨ ᠭᠤᠸ᠎ᠠ ᠵᠦᠢ ᠵᠢᠨ ᠦᠨ᠎ᠡ ᠥᠷᠲᠡᠭ᠎ᠢ ᠳᠡᠯᠭᠡᠨ ᠦᠵᠡᠬᠦᠯᠵᠦ᠂ ᠳᠡᠯᠡᠬᠡᠢ ᠵᠢᠨ ᠪᠥᠮᠪᠥᠷᠴᠡᠭ ᠳᠡᠭᠡᠷᠡᠬᠢ ᠴᠢᠬᠤᠯᠠ ᠪᠦᠬᠡᠳ ᠨᠡᠶ᠋ᠢᠲᠡᠯᠢᠭ ᠪᠤᠯᠬᠤ ᠦᠷᠭᠦᠯᠵᠢᠯᠡᠭᠰᠡᠨ ᠰᠠᠯᠬᠢ ᠡᠯᠡᠰᠦᠨ᠎ᠤ ᠭᠠᠵᠠᠷ᠎ᠤᠨ ᠲᠥᠷᠬᠦ ᠵᠢᠨ ᠬᠤᠪᠢᠰᠤᠯᠳᠠ ᠵᠢᠨ ᠶᠠᠪᠤᠴᠠ ᠵᠢ ᠬᠠᠷᠠᠭᠤᠯᠬᠤ ᠵᠢᠨ ᠬᠠᠮᠲᠤ ᠪᠠᠰᠠ ᠡᠯᠪᠡᠭ ᠪᠠᠶᠠᠯᠢᠭ ᠠᠮᠢᠳᠤ ᠪᠣᠳᠠᠰ᠎ᠤᠨ ᠣᠷᠣᠰᠢᠨ ᠠᠮᠢᠳᠤᠷᠠᠬᠤ ᠭᠠᠵᠠᠷ ᠪᠠᠶ᠋ᠢᠭ᠎ᠠ ᠶᠤᠮ᠃ 46 ᠳ᠋ᠤᠭ᠋ᠠᠷ ᠬᠤᠭᠤᠴᠠᠭ᠋ᠠᠨ᠎ᠤ ᠳᠡᠯᠡᠬᠡᠢ ᠵᠢᠨ ᠥᠪ᠎ᠤᠨ ᠶᠡᠭᠡ ᠬᠤᠷᠠᠯ᠎ᠤᠨ ᠳᠤᠮᠳᠠᠳᠤ ᠤᠯᠤᠰ᠎ᠤᠨ ᠲᠥᠯᠥᠭᠡᠯᠡᠭᠴᠢᠳ᠎ᠤᠨ ᠪᠦᠯᠬᠦᠮ᠎ᠤᠨ ᠪᠦᠷᠢᠯᠳᠦᠭᠦᠨ᠂ ᠳᠤᠮᠳᠠᠳᠤ ᠤᠯᠤᠰ᠎ᠤᠨ ᠠᠯᠳᠠᠷᠲᠤ ᠦᠵᠡᠮᠵᠢ ᠵᠢᠨ ᠣᠷᠣᠨ᠎ᠤ ᠨᠡᠶ᠋ᠢᠭᠡᠮᠯᠢᠭ᠎ᠤᠨ ᠥᠪ ᠬᠥᠷᠥᠩᠭᠡ ᠵᠢᠨ ᠭᠠᠳᠠᠭ᠋ᠠᠳᠤ ᠬᠠᠷᠢᠯᠴᠠᠭ᠎ᠠ ᠵᠢᠨ ᠬᠡᠯᠲᠡᠰ᠎ᠤᠨ ᠡᠷᠬᠢᠯᠡᠭᠴᠢ ᠶᠠᠩ ᠽᠢ ᠶᠠᠨ᠂ 《ᠪᠠᠳᠠᠢ ᠵᠢᠨ ᠵᠢᠷᠠᠨ ᠡᠯᠡᠰᠦ — ᠡᠯᠡᠰᠦᠨ ᠴᠤᠬᠢᠶ᠎ᠠ ᠨᠠᠭᠤᠷ ᠪᠦᠷᠢᠳᠦ᠎ᠨᠦᠭᠦᠳ》 ᠥᠪᠡᠷᠮᠢᠴᠡ᠂ ᠬᠤᠪᠣᠷ᠂ ᠭᠠᠶ᠋ᠢᠬᠠᠮᠰᠢᠭ᠎ᠲᠠᠢ ᠥᠨᠳᠥᠷ ᠶᠡᠭᠡ ᠡᠯᠡᠰᠦᠨ ᠴᠤᠬᠢᠶ᠎ᠠ ᠵᠢᠴᠢ ᠲᠤᠭ᠎ᠠ ᠲᠣᠮᠰᠢ ᠦᠭᠡᠢ ᠣᠯᠠᠨ ᠥᠩᠭᠡ ᠢᠯᠭ᠋ᠠᠷᠠᠭᠰᠠᠨ ᠨᠠᠭᠤᠷ ᠪᠦᠷᠢᠳᠦ ᠪᠣᠯ ᠰᠡᠷᠢᠭᠦᠨ ᠪᠦᠰᠡ ᠪᠠ ᠬᠡᠲᠦ ᠭᠠᠩ ᠬᠠᠭᠤᠷᠠᠢ ᠠᠭᠤᠷ ᠠᠮᠢᠰᠬᠤᠯ᠎ᠤᠨ ᠳᠣᠣᠷ᠎ᠠ ᠡᠯᠡᠰᠦ ᠮᠠᠩᠬᠠᠨ᠎ᠤ ᠦᠵᠡᠮᠵᠢ ᠪᠠ ᠭᠠᠵᠠᠷ᠎ᠤᠨ ᠲᠥᠷᠬᠦ ᠦᠷᠭᠦᠯᠵᠢᠯᠡᠨ ᠤᠯᠠᠷᠢᠨ ᠬᠤᠪᠢᠰᠤᠭᠰᠠᠨ᠎ᠤ ᠥᠯᠢᠭᠡᠷ ᠵᠢᠱ᠌ᠢᠶ᠎ᠡ ᠮᠥᠨ᠂ ᠪᠥᠬᠦ ᠳᠡᠯᠡᠬᠡᠢ ᠵᠢᠨ ᠬᠡᠪᠴᠢᠶᠡᠨ᠎ᠳᠤ ᠬᠤᠪᠣᠷ ᠲᠣᠬᠢᠶᠠᠯᠳᠤᠬᠤ ᠪᠠᠶ᠋ᠢᠭ᠋ᠠᠯᠢ ᠵᠢᠨ ᠭᠤᠶᠣ ᠰᠠᠶ᠋ᠢᠬᠠᠨ ᠡᠯᠡᠰᠦᠨ᠎ᠤ ᠦᠵᠡᠮᠵᠢ ᠵᠢᠨ ᠨᠢᠭᠡ ᠪᠣᠯᠣᠨ᠎ᠠ᠃ ᠣᠯᠠᠨ ᠤᠯᠤᠰ᠎ᠤᠨ ᠬᠤᠯᠪᠣᠭ᠋ᠠᠲᠤ ᠪᠠᠶ᠋ᠢᠭᠤᠯᠭ᠎ᠠ ᠵᠢᠨ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠰᠣᠶᠣᠯ᠎ᠤᠨ ᠵᠣᠬᠢᠶᠠᠨ ᠪᠠᠶ᠋ᠢᠭᠤᠯᠤᠯᠲᠠ ᠵᠢᠨ ᠦᠵᠡᠬᠦ᠎ᠪᠠᠷ᠂ 《ᠪᠠᠳᠠᠢ ᠵᠢᠨ ᠵᠢᠷᠠᠨ ᠡᠯᠡᠰᠦ — ᠡᠯᠡᠰᠦᠨ ᠴᠤᠬᠢᠶ᠎ᠠ ᠨᠠᠭᠤᠷ ᠪᠦᠷᠢᠳᠦ᠎ᠨᠦᠭᠦᠳ》᠎ᠨᠢ ᠳᠡᠯᠡᠬᠡᠢ ᠵᠢᠨ ᠪᠠᠶ᠋ᠢᠭ᠋ᠠᠯᠢ ᠵᠢᠨ ᠥᠪ᠎ᠤᠨ ᠥᠷᠲᠡᠭ᠎ᠤᠨ ᠪᠠᠷᠢᠮᠵᠢᠶ᠎ᠠ (vii) ᠵᠢ ᠬᠠᠩᠭ᠋ᠠᠵᠤ ᠪᠠᠶ᠋ᠢᠨ᠎ᠠ᠄ ᠳᠠᠷᠤᠢ ᠭᠠᠶ᠋ᠢᠬᠠᠮᠰᠢᠭᠲᠤ ᠰᠠᠶ᠋ᠢᠬᠠᠨ ᠪᠠᠶ᠋ᠢᠭ᠋ᠠᠯᠢ ᠵᠢᠨ ᠦᠵᠡᠭᠳᠡᠯ ᠪᠤᠶᠤ ᠬᠤᠪᠣᠷ ᠲᠣᠬᠢᠶᠠᠯᠳᠤᠬᠤ ᠪᠠᠶ᠋ᠢᠭ᠋ᠠᠯᠢ ᠵᠢᠨ ᠭᠤᠶᠤᠮᠰᠤᠭ ᠪᠠ ᠭᠤᠸ᠎ᠠ ᠵᠦᠢ ᠵᠢᠨ ᠦᠨ᠎ᠡ ᠥᠷᠲᠡᠭ᠎ᠲᠠᠢ ᠭᠠᠵᠠᠷ ᠣᠷᠣᠨ ᠪᠤᠯᠤᠨ᠎ᠠ; ᠪᠠᠶ᠋ᠢᠭ᠋ᠠᠯᠢ ᠵᠢᠨ ᠥᠪ᠎ᠤᠨ ᠪᠠᠷᠢᠮᠵᠢᠶ᠎ᠠ (viii)᠄ ᠡᠨᠡ ᠪᠣᠯ ᠳᠡᠯᠡᠬᠡᠢ ᠵᠢᠨ ᠪᠥᠮᠪᠥᠷᠴᠡᠭ᠎ᠤᠨ ᠬᠤᠪᠢᠰᠤᠯᠲᠠ ᠵᠢᠨ ᠲᠡᠦᠬᠡᠨ᠎ᠳᠠᠬᠢ ᠴᠢᠬᠤᠯᠠ ᠱᠠᠲᠤ ᠦᠶ᠎ᠡ ᠵᠢᠨ ᠲᠣᠪᠤᠶ᠋ᠢᠮ᠎ᠠ ᠵᠢᠱ᠌ᠢᠶ᠎ᠡ ᠪᠣᠯᠣᠨ᠎ᠠ᠂ ᠡᠭᠦᠨ᠎ᠳᠤ ᠠᠮᠢ ᠨᠠᠰᠤᠨ᠎ᠤ ᠲᠡᠮᠳᠡᠭᠯᠡᠯ ᠪᠠ ᠭᠠᠵᠠᠷ᠎ᠤᠨ ᠲᠥᠷᠬᠦ ᠵᠢᠨ ᠬᠤᠪᠢᠰᠤᠯᠲᠠ ᠵᠢᠨ ᠳᠤᠮᠳᠠᠬᠢ ᠴᠢᠬᠤᠯᠠ ᠭᠠᠵᠠᠷ ᠰᠢᠨᠵᠢᠯᠡᠭᠡᠨ᠎ᠤ ᠶᠠᠪᠤᠴᠠ ᠪᠤᠶᠤ ᠢᠯᠡᠷᠬᠡᠢ ᠭᠠᠵᠠᠷ ᠰᠢᠨᠵᠢᠯᠡᠭᠡ ᠵᠢᠴᠢ ᠭᠠᠵᠠᠷ᠎ᠤᠨ ᠲᠥᠷᠬᠦ ᠵᠢᠨ ᠣᠨᠴᠠᠯᠢᠭ ᠪᠠᠭᠲᠠᠨ᠎ᠠ ᠬᠡᠪᠡ᠃

    《ᠪᠠᠳᠠᠢ ᠵᠢᠨ ᠵᠢᠷᠠᠨ ᠡᠯᠡᠰᠦ — ᠡᠯᠡᠰᠦᠨ ᠴᠤᠬᠢᠶ᠎ᠠ ᠨᠠᠭᠤᠷ ᠪᠦᠷᠢᠳᠦ᠎ᠨᠦᠭᠦᠳ》᠎ᠢ 2020 ᠣᠨ᠎ᠳᠤ ᠳᠡᠯᠡᠬᠡᠢ ᠵᠢᠨ ᠥᠪ ᠵᠶ᠋ᠠᠷ ᠵᠢᠩᠬᠢᠨᠢ᠎ᠪᠠᠷ ᠭᠤᠶᠤᠴᠢᠯᠠᠨ ᠮᠡᠳᠡᠬᠦᠯᠵᠡᠢ᠃ ᠶᠠᠩ ᠽᠢ ᠶᠠᠨ ᠢᠯᠡᠷᠬᠡᠶ᠋ᠢᠯᠡᠬᠦ᠎ᠳᠡᠭᠡᠨ᠂ 《ᠪᠠᠳᠠᠢ ᠵᠢᠨ ᠵᠢᠷᠠᠨ ᠡᠯᠡᠰᠦ — ᠡᠯᠡᠰᠦᠨ ᠴᠤᠬᠢᠶ᠎ᠠ ᠨᠠᠭᠤᠷ ᠪᠦᠷᠢᠳᠦ᠎ᠨᠦᠭᠦᠳ》᠎ᠢ ᠳᠡᠯᠡᠬᠡᠢ ᠵᠢᠨ ᠥᠪ ᠵᠶ᠋ᠠᠷ ᠮᠡᠳᠡᠭᠦᠯᠦᠭᠡᠳ ᠠᠮᠵᠢᠯᠲᠠ ᠣᠯᠣᠭᠰᠠᠨ ᠶᠠᠪᠤᠳᠠᠯ᠎ᠨᠢ ᠡᠯᠡᠰᠦ ᠮᠠᠩᠬ᠎ᠠ ᠡᠯᠡᠰᠦᠨ ᠴᠤᠬᠢᠶ᠎ᠠ ᠵᠢᠨ ᠪᠣᠶ ᠪᠤᠯᠤᠭᠰᠠᠨ᠎ᠢ ᠤᠯᠠᠮ ᠨᠢᠭᠡ ᠠᠯᠬᠤᠮ ᠰᠤᠳᠤᠯᠬᠤ᠂ ᠡᠯᠡᠰᠦᠨ᠎ᠤ ᠳᠤᠮᠳᠠᠬᠢ ᠨᠠᠭᠤᠷ ᠪᠦᠷᠢᠳᠦ ᠵᠢ ᠬᠠᠮᠠᠭ᠋ᠠᠯᠠᠬᠤ᠎ᠳᠤ ᠰᠠᠭᠤᠷᠢ ᠲᠠᠯᠪᠢᠵᠤ ᠥᠭᠭᠦᠭᠰᠡᠨ ᠪᠥᠭᠡᠳ ᠮᠠᠨ᠎ᠤ ᠤᠯᠤᠰ᠎ᠤᠨ ᠳᠡᠯᠡᠬᠡᠢ ᠵᠢᠨ ᠪᠠᠶ᠋ᠢᠭ᠋ᠠᠯᠢ ᠵᠢᠨ ᠥᠪ᠎ᠲᠤ ᠡᠯᠡᠰᠦ ᠮᠠᠩᠬᠠᠨ᠎ᠤ ᠲᠥᠷᠥᠯ ᠬᠡᠯᠪᠡᠷᠢ ᠪᠠᠶ᠋ᠢᠬᠤ ᠦᠭᠡᠢ ᠬᠤᠭᠤᠰᠤᠨ᠎ᠢ ᠨᠥᠬᠦᠪᠦᠷᠢᠯᠡᠭᠰᠡᠨ ᠪᠣᠯᠬᠤᠷ ᠮᠠᠰᠢ ᠶᠡᠭᠡ ᠠᠴᠢ ᠬᠤᠯᠪᠣᠭᠳᠠᠯ᠎ᠲᠠᠢ ᠶᠤᠮ᠃ ᠡᠭᠦᠨ᠎ᠤ ᠬᠠᠮᠲᠤ᠂ ᠪᠥᠬᠦ ᠳᠡᠯᠡᠬᠡᠢ ᠵᠢᠨ ᠬᠡᠪᠴᠢᠶᠡᠨ᠎ᠳᠤ ᠮᠠᠨ᠎ᠤ ᠤᠯᠤᠰ᠎ᠤᠨ ᠨᠠᠭᠤᠷ ᠪᠦᠷᠢᠳᠦ ᠪᠠ ᠡᠯᠡᠰᠦ ᠮᠠᠩᠬᠠᠨ᠎ᠤ ᠣᠨᠴᠠᠯᠢᠭ ᠪᠦᠬᠦᠢ ᠪᠠᠶ᠋ᠢᠭ᠋ᠠᠯᠢ ᠵᠢᠨ ᠥᠪ᠎ᠤᠨ ᠲᠠᠯ᠎ᠠ᠎ᠪᠠᠷ᠎ᠬᠢ ᠴᠣᠷᠢ ᠵᠢᠨ ᠭᠠᠭᠴᠠ ᠦᠨ᠎ᠡ ᠥᠷᠲᠡᠭ᠎ᠢ ᠳᠡᠯᠭᠡᠨ ᠦᠵᠡᠭᠦᠯᠵᠦ᠂ ᠲᠡᠭᠦᠨ᠎ᠤ ᠲᠣᠪᠤᠶ᠋ᠢᠮ᠎ᠠ ᠲᠦᠭᠡᠮᠡᠯ ᠦᠨ᠎ᠡ ᠥᠷᠲᠡᠭ ᠪᠣᠯ ᠪᠥᠬᠦ ᠬᠥᠮᠥᠨ ᠲᠥᠷᠥᠯᠬᠢᠲᠡᠨ᠎ᠤ ᠬᠠᠮᠲᠤ ᠵᠢᠨ ᠬᠠᠶ᠋ᠢᠷᠠᠯᠠᠨ ᠬᠠᠮᠠᠭ᠋ᠠᠯᠠᠬᠤ ᠦᠨᠡᠲᠦ ᠡᠷᠳᠡᠨᠢ ᠮᠥᠨ ᠬᠡᠵᠡᠢ᠃
    

ᠢᠷᠡᠯᠲᠡ᠄ ᠠᠯᠠᠱ᠌ᠠ ᠵᠢᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠠᠤᠬᠠᠨ ᠬᠤᠰᠢᠭᠤᠨ᠎ᠤ ᠮᠣᠳᠤᠨ ᠠᠶ᠋ᠢᠯ ᠰᠢᠶᠠᠩ᠎ᠤᠨ 《ᠣᠢ ᠵᠢᠨ ᠬᠤᠷᠮᠣᠶ》 ᠵᠢᠨ ᠪᠣᠰᠤᠭ᠎ᠠ ᠴᠣᠭᠴᠠᠲᠤ ᠠᠵᠤ ᠠᠬᠤᠶ ᠵᠢ ᠬᠥᠭᠵᠢᠭᠦᠯᠵᠦ ᠲᠠᠷᠢᠶᠠᠴᠢᠳ᠎ᠢ ᠬᠠᠪᠰᠤᠷᠤᠨ ᠣᠷᠣᠯᠭ᠎ᠠ ᠵᠢ ᠨᠡᠮᠡᠭᠳᠡᠭᠦᠯᠪᠡ
ᠰᠢᠯᠢ ᠵᠢᠨ ᠭᠤᠤᠯ ᠠᠶ᠋ᠢᠮᠠᠭ᠎ᠨᠢ ᠬᠤᠯᠠᠨ ᠰᠢᠷᠭ᠎ᠠ ᠲᠠᠭ᠎ᠠ ᠵᠢᠨ ᠡᠯᠡᠰᠦ ᠵᠢ ᠰᠥᠨᠥᠭᠡᠬᠦ ᠲᠠᠶ᠋ᠢᠯᠠᠯᠳᠤᠭ᠋ᠠᠨ᠎ᠢ ᠮᠦᠩᠬᠦᠨ ᠬᠦᠢ᠍ᠯᠭᠡᠭᠡᠨ ᠵᠶ᠋ᠠᠷ ᠳᠡᠮᠵᠢᠪᠡ
《ᠨᠡᠭᠦᠷᠡᠰᠦᠳᠦ᠋ᠷᠦᠭᠴᠢ》᠎ᠪᠠᠷ 《ᠵᠢᠭᠡᠯᠡᠯᠭᠡ》 ᠰᠣᠯᠢᠵᠤ ᠪᠣᠬᠢᠷᠲᠤᠯ ᠦᠭᠡᠢ ᠵᠢ ᠮᠣᠯᠤᠷ ᠡᠷᠳᠡᠨᠢ ᠪᠣᠯᠭ᠋ᠠᠶ᠎ᠠ ᠪᠤᠭᠤᠲᠤ ᠬᠤᠲᠠ ᠨᠡᠭᠦᠷᠡᠰᠦᠲᠥ᠋ᠷᠥᠭᠴᠢ ᠵᠢᠨ ᠬᠤᠷᠠᠮᠠᠯ᠎ᠤᠨ ᠮᠥᠩᠭᠦᠨ ᠭᠦᠢ᠍ᠯᠭᠡᠭᠡᠨ᠎ᠤ ᠰᠢᠨ᠎ᠡ ᠵᠠᠭᠪᠤᠷ᠎ᠢ ᠢᠳᠡᠪᠬᠢᠲᠡᠶ ᠰᠦᠪᠡᠭᠴᠢᠯᠡᠨ ᠬᠥᠭᠵᠢᠭᠦᠯᠪᠡ
ᠠᠯᠠᠱ᠌ᠠ ᠠᠶ᠋ᠢᠮᠠᠭ᠎ᠤᠨ ᠭᠤᠤᠯᠳᠠᠯᠭ᠋ᠠᠲᠦ ᠤᠷᠤᠨ ᠪᠦᠰᠠ ᠵᠢᠨ ᠣᠶ ᠰᠢᠭᠤᠶ ᠨᠤᠲᠤᠭ ᠪᠡᠯᠴᠢᠭᠡᠷ᠎ᠤᠨ ᠲᠦᠢ᠍ᠮᠡᠷ᠎ᠢ ᠰᠡᠷᠭᠡᠶ᠋ᠢᠯᠡᠬᠦ ᠵᠠᠮ ᠨᠡᠪᠳᠡᠷᠡᠯ᠎ᠠ
ᠪᠠᠶᠠᠨᠨᠠᠭᠤᠷ ᠬᠤᠲᠠ ᠵᠢᠨ᠎ᠬᠢᠨ ᠲᠤᠬᠠᠶ ᠵᠢᠨ ᠭᠠᠵᠠᠷ᠎ᠠᠴᠠ᠎ᠪᠠᠨ ᠮᠠᠲ᠋ᠧᠷᠢᠶᠠᠯ ᠠᠪᠴᠤ ᠪᠤᠭᠤᠳᠠᠶ ᠵᠢᠨ ᠰᠦᠷᠡᠯ ᠵᠶ᠋ᠠᠷ ᠡᠯᠡᠰᠦ ᠵᠢ ᠳᠠᠷᠤᠵᠤ ᠥᠪᠡᠷ᠎ᠤᠨ ᠥᠷᠲᠡᠭ ᠵᠶ᠋ᠠᠨ ᠠᠷᠪᠢᠯᠠᠨ ᠦᠷ᠎ᠡ ᠠᠰᠢᠭ᠎ᠢ᠎ᠨᠢ ᠨᠡᠮᠡᠭᠳᠡᠭᠦᠯᠬᠦ ᠰᠢᠨ᠎ᠡ ᠬᠡᠪ ᠵᠠᠭᠪᠤᠷ᠎ᠢ ᠰᠦᠪᠡᠭᠴᠢᠯᠡᠨ ᠭᠠᠷᠭ᠋ᠠᠪᠠ
 
             蒙ICP备05000248号