ᠣᠶ᠋ᠢᠷ᠎ᠠ ᠵᠢᠨ ᠵᠢᠯ᠎ᠠᠴᠠ᠂ ᠮᠣᠳᠣᠨ ᠠᠶ᠋ᠢᠯ ᠰᠢᠶᠠᠩ ᠠᠵᠢᠯ᠎ᠤᠨ ᠰᠡᠳᠬᠢᠴᠡ᠎ᠪᠠᠨ ᠲᠠᠰᠤᠷᠠᠯᠲᠠ ᠦᠭᠡᠢ ᠰᠢᠨᠡᠴᠢᠯᠡᠵᠦ᠂ ᠠᠵᠤ ᠠᠬᠤᠢ ᠵᠢᠨ ᠤᠢ ᠵᠢ ᠥᠭᠡᠷᠡᠴᠢᠯᠡᠬᠦ ᠶᠠᠪᠤᠴᠠ᠎ᠳᠤ ᠪᠦᠷᠢᠯᠳᠦᠭᠰᠡᠨ ᠰᠠᠶ᠋ᠢᠨ ᠰᠠᠶ᠋ᠢᠬᠠᠨ ᠤᠢ ᠵᠢᠨ ᠬᠤᠷᠮᠣᠢ ᠵᠢᠨ ᠣᠷᠣᠨ ᠵᠠᠢ ᠵᠢ ᠭᠦᠢ᠍ᠴᠡᠳ ᠠᠰᠢᠭᠯᠠᠵᠤ᠂ ᠤᠯᠠᠨ ᠡᠰᠢᠲᠦ ᠡᠵᠡᠩᠨᠡᠯᠲᠡ ᠵᠢᠨ ᠵᠠᠭᠪᠤᠷ᠎ᠢ ᠪᠠᠶ᠋ᠢᠭᠤᠯᠵᠤ᠂ 《ᠤᠢ ᠵᠢᠨ ᠬᠤᠷᠮᠣᠢ》 ᠵᠢᠨ ᠪᠣᠰᠤᠭ᠎ᠠ ᠴᠣᠭᠴᠠᠲᠤ ᠠᠵᠤ ᠠᠬᠤᠢ ᠵᠢ ᠶᠡᠬᠡᠪᠡᠷ ᠬᠥᠭᠵᠢᠭᠦᠯᠵᠦ᠂ ᠠᠵᠤ ᠠᠬᠤᠢ ᠵᠢᠨ ᠤᠢ ᠵᠢᠨ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠎ᠢ ᠨᠡᠮᠡᠭᠳᠡᠭᠦᠯᠬᠦ ᠵᠢ ᠲᠦᠷᠭᠡᠳᠬᠡᠵᠦ᠂ ᠤᠢ ᠰᠢᠭᠤᠢ ᠵᠢᠨ ᠠᠵᠤ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠵᠤ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠵᠡᠢ᠃ ᠳ᠋ᠦᠩ ᠸᠠᠨ ᠽᠢ ᠲᠣᠰᠬᠤᠨ᠎ᠤ ᠰᠠᠨ ᠱᠧᠩ ᠾᠧ ᠠᠶ᠋ᠢᠯ ᠲᠣᠰᠬᠤᠨ᠎ᠳᠤ ᠬᠦᠷᠬᠦ᠎ᠳᠤ᠂ ᠸᠠᠨ ᠪᠠᠢ ᠱᠤᠭᠤᠮ᠎ᠤᠨ ᠵᠠᠰᠠᠮᠠᠯ ᠵᠠᠮ᠎ᠨᠢ ᠵᠡᠭᠦᠨᠰᠢ 500 ᠮᠸᠲᠷ᠂ 660 ᠮᠦ᠍ ᠰᠡᠩᠳᠡᠩ ᠮᠣᠳᠤᠨ ᠲᠠᠷᠢᠮᠠᠯ᠎ᠤᠨ ᠰᠠᠭᠤᠷᠢᠨ ᠭᠠᠵᠠᠷ᠎ᠨᠢ ᠨᠢᠳᠦᠨ᠎ᠳᠤ ᠲᠣᠳᠣᠷᠠᠵᠤ᠂ ᠣᠢ ᠵᠢᠨ ᠬᠤᠷᠮᠣᠢ᠎ᠳᠤ 150 ᠮᠦ᠍ ᠬᠢᠲᠠᠳ ᠡᠮ᠎ᠤᠨ ᠮᠠᠲ᠋ᠧᠷᠢᠶᠠᠯ ᠳᠠᠷᠢᠵᠦ ᠪᠠᠶ᠋ᠢᠨ᠎ᠠ᠃
ᠣᠶ᠋ᠢᠯᠠᠭ᠋ᠠᠭᠰᠠᠨ ᠵᠶ᠋ᠠᠷ᠂ ᠰᠡᠩᠳᠡᠩ ᠮᠣᠳᠤᠨ ᠪᠣᠯ ᠮᠠᠨ᠎ᠤ ᠤᠯᠤᠰ᠎ᠲᠤ ᠣᠨᠴᠠ ᠪᠠᠶ᠋ᠢᠳᠠᠭ ᠰᠢᠯᠢᠳᠡᠭ ᠰᠠᠶ᠋ᠢᠨ ᠮᠣᠳᠣᠯᠢᠭ ᠲᠣᠰᠣᠨ ᠮᠠᠲ᠋ᠧᠷᠢᠶᠠᠯ᠎ᠤᠨ ᠮᠣᠳᠣᠨ᠎ᠤ ᠲᠥᠷᠥᠯ ᠪᠠᠶ᠋ᠢᠵᠤ᠂ ᠬᠥᠷᠥᠰᠥ ᠰᠢᠷᠣᠢ ᠵᠢ ᠬᠠᠮᠠᠭ᠋ᠠᠯᠠᠬᠤ᠂ ᠤᠰᠤᠨ᠎ᠤ ᠡᠬᠢ ᠰᠤᠷᠪᠤᠯᠵᠢ ᠵᠢ ᠬᠠᠳᠠᠭ᠋ᠠᠯᠠᠬᠤ᠂ ᠠᠭ᠋ᠠᠷ᠎ᠢ ᠴᠡᠪᠡᠷᠰᠢᠭᠦᠯᠬᠦ ᠵᠡᠷᠭᠡ ᠠᠮᠢ ᠠᠬᠤᠢ ᠵᠢᠨ ᠬᠠᠮᠠᠭ᠋ᠠᠯᠠᠯᠲᠠ ᠵᠢᠨ ᠰᠠᠶ᠋ᠢᠨ ᠴᠢᠳᠠᠮᠵᠢ᠎ᠲᠠᠢ ᠪᠠᠶ᠋ᠢᠵᠤ᠂ ᠨᠢᠭᠡᠨᠲᠡ ᠮᠠᠰᠢ ᠣᠯᠠᠨ ᠭᠠᠩ ᠬᠠᠭᠤᠷᠠᠢ ᠭᠠᠵᠠᠷ ᠣᠷᠣᠨ᠎ᠤ ᠠᠭᠯᠠᠭ ᠠᠭᠤᠯᠠ ᠵᠢ ᠨᠣᠭᠤᠭ᠋ᠠᠷᠠᠭᠤᠯᠬᠤ᠂ ᠮᠣᠳᠣ ᠲᠠᠷᠢᠵᠤ ᠣᠶ᠋ᠢᠵᠢᠭᠤᠯᠬᠤ ᠲᠡᠷᠢᠭᠦᠨ ᠰᠣᠩᠭᠤᠯᠲᠠ ᠵᠢᠨ ᠮᠣᠳᠣᠨ᠎ᠤ ᠲᠥᠷᠥᠯ ᠪᠣᠯᠤᠭᠰᠠᠨ ᠪᠠᠶ᠋ᠢᠨ᠎ᠠ᠃ ᠮᠣᠳᠣᠨ ᠠᠶ᠋ᠢᠯ ᠰᠢᠶᠠᠩ 《ᠲᠤᠬᠠᠶ ᠵᠢᠨ ᠭᠠᠵᠠᠷ ᠣᠷᠣᠨ᠎ᠤ ᠪᠠᠶ᠋ᠢᠳᠠᠯ᠎ᠳᠤᠨᠢ ᠲᠣᠬᠢᠷᠠᠭᠤᠯᠬᠤ᠂ ᠰᠢᠨᠵᠢᠯᠡᠬᠦ ᠤᠬᠠᠭ᠋ᠠᠨᠴᠢ᠎ᠪᠠᠷ ᠲᠥᠯᠥᠪᠵᠢᠭᠦᠯᠬᠦ᠂ ᠵᠦᠢ ᠵᠣᠬᠢᠰᠲᠠᠶ ᠪᠠᠶ᠋ᠢᠷᠢᠰᠢᠭᠤᠯᠬᠤ᠂ ᠣᠨᠴᠠᠯᠢᠭ᠎ᠢ ᠳᠣᠪᠤᠶ᠋ᠢᠯᠭ᠋ᠠᠬᠤ᠂ ᠪᠣᠳᠠᠲᠤ ᠦᠷ᠎ᠡ ᠪᠦᠲᠦᠮᠵᠢ ᠵᠢ ᠡᠷᠬᠢᠮᠯᠡᠬᠦ》 ᠵᠠᠷᠴᠢᠮ ᠶᠣᠰᠣᠭ᠋ᠠᠷ᠂ ᠣᠶ ᠵᠢᠨ ᠬᠤᠷᠮᠣᠶ ᠵᠢᠨ ᠬᠢᠲᠠᠳ ᠡᠪᠡᠰᠦᠨ ᠡᠮ᠎ᠤᠨ ᠮᠠᠲ᠋ᠧᠷᠢᠶᠠᠯ ᠳᠠᠷᠢᠬᠤ ᠠᠵᠤ ᠦᠢ᠍ᠯᠡᠰ᠎ᠢ ᠭᠤᠤᠯᠳᠠᠯᠭ᠎ᠠ᠎ᠲᠠᠢ ᠪᠤᠶ᠋ᠢᠵᠢᠭᠤᠯᠤᠨ ᠬᠥᠭᠵᠢᠭᠦᠯᠵᠦ᠂ 《ᠰᠡᠩᠳᠡᠩ ᠮᠣᠳᠣᠨ᠎ᠤ ᠳᠣᠤᠷᠠᠬᠢ ᠭᠠᠵᠠᠷ ᠰᠢᠷᠣᠶ ᠵᠢᠨ ᠡᠬᠢ ᠪᠠᠶᠠᠯᠢᠭ᠎ᠢ ᠭᠦᠢ᠍ᠴᠡᠳ ᠠᠰᠢᠭᠯᠠᠬᠤ᠎ᠪᠠᠷ ᠳᠠᠮᠵᠢᠭᠤᠯᠤᠨ᠂ ᠬᠢᠲᠠᠳ ᠡᠮ᠎ᠤᠨ ᠮᠠᠲ᠋ᠧᠷᠢᠶᠠᠯ᠎ᠤᠨ ᠲᠠᠷᠢᠮᠠᠯ᠎ᠤᠨ ᠲᠥᠷᠥᠯ ᠵᠦᠢ᠍ᠯ᠎ᠢ ᠨᠠᠷᠢᠨ ᠰᠣᠩᠭᠤᠵᠤ᠂ ᠬᠢᠲᠠᠳ ᠡᠮ᠎ᠤᠨ ᠮᠠᠲ᠋ᠧᠷᠢᠶᠠᠯ᠎ᠤᠨ ᠲᠠᠷᠢᠶᠠᠨ ᠭᠠᠵᠠᠷ᠎ᠤᠨ ᠬᠠᠮᠢᠶᠠᠷᠤᠯᠲᠠ ᠵᠢ ᠴᠢᠩᠭ᠋ᠠᠳᠬᠠᠨ᠂ ᠰᠢᠨᠵᠢᠯᠡᠬᠦ ᠤᠬᠠᠭ᠋ᠠᠨᠴᠢ᠎ᠪᠠᠷ ᠰᠠᠯᠠᠭ᠎ᠠ ᠬᠠᠶ᠋ᠢᠴᠢᠯᠠᠵᠤ ᠪᠣᠷᠳᠣᠭᠤᠷ ᠣᠷᠣᠭᠤᠯᠵᠤ᠂ ᠣᠶ᠋ᠢᠲᠤ ᠭᠠᠵᠠᠷ᠎ᠤᠨ ᠶᠡᠷᠦᠩᠬᠡᠶ᠋ᠢᠯᠡᠭᠰᠡᠨ ᠠᠰᠢᠭᠯᠠᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠦᠨ᠂ ᠡᠵᠡᠩᠨᠡᠯᠲᠡ ᠵᠢᠨ ᠦᠷ᠎ᠡ ᠠᠰᠢᠭ᠎ᠢ ᠳᠡᠭᠡᠭᠰᠢᠯᠡᠭᠦᠯᠬᠦ ᠵᠢ ᠪᠡᠶᠡᠯᠡᠭᠦᠯᠵᠦ᠂ ᠣᠶ ᠰᠢᠭᠤᠶ ᠵᠢᠨ ᠡᠬᠢ ᠪᠠᠶᠠᠯᠢᠭ᠎ᠤᠨ ᠬᠠᠮᠠᠭ᠋ᠠᠯᠠᠯᠲᠠ ᠬᠢᠭᠡᠳ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ 《ᠬᠤᠶᠠᠷ ᠲᠠᠯ᠎ᠠ ᠵᠢ ᠠᠳᠬᠤᠵᠤ᠂ ᠬᠤᠶᠠᠷ ᠲᠠᠯ᠎ᠠ ᠵᠢ ᠴᠢᠩᠭ᠎ᠠ ᠠᠳᠬᠤᠬᠤ》 ᠵᠢ ᠦᠨᠡᠨᠬᠦ ᠪᠡᠶᠡᠯᠡᠭᠦᠯᠦᠨ᠎ᠡ᠃ ᠳ᠋ᠦᠩ ᠸᠠᠨ ᠽᠢ ᠲᠣᠰᠬᠤᠨ᠎ᠤ ᠰᠠᠨ ᠱᠧᠩ ᠾᠧ ᠰᠡᠩᠳᠡᠩ ᠮᠣᠳᠤ ᠵᠢ 2016 ᠣᠨ᠎ᠳᠤ ᠲᠠᠷᠢᠵᠤ᠂ ᠰᠡᠩᠳᠡᠩ ᠮᠣᠳᠤ ᠵᠢ 《ᠲᠡᠮᠦᠷ ᠡᠰᠢᠲᠦ ᠲᠠᠷᠢᠶ᠎ᠠ》 ᠭᠡᠵᠦ ᠨᠡᠷᠡᠶ᠋ᠢᠳᠴᠦ᠂ ᠠᠵᠤ ᠠᠬᠤᠢ ᠵᠢᠨ ᠮᠣᠳᠣᠨ᠎ᠤ ᠲᠦᠷᠦᠯ᠎ᠤᠨ ᠸᠠᠩ ᠮᠥᠨ᠂ ᠪᠦᠬᠦ ᠪᠡᠶ᠎ᠡ᠎ᠨᠢ ᠴᠥᠮ ᠡᠷᠳᠡᠨᠢ ᠪᠣᠯᠬᠤ ᠪᠣᠯᠤᠨ᠎ᠠ᠃ ᠡᠷᠲᠡ ᠵᠢᠮᠢᠰᠯᠡᠵᠦ᠂ ᠦᠢ᠍ᠯᠡᠳᠪᠦᠷᠢᠯᠡᠯ᠎ᠤᠨ ᠴᠢᠳᠠᠪᠤᠷᠢ ᠰᠠᠶ᠋ᠢᠨ ᠪᠠᠶ᠋ᠢᠳᠠᠭ᠃ ᠡᠩ᠎ᠤᠨ ᠪᠠᠶ᠋ᠢᠳᠠᠯ ᠳᠣᠣᠷ᠎ᠠ ᠲᠦᠷᠦᠭᠦᠦ ᠵᠢᠯ ᠴᠢᠬᠢ ᠰᠠᠭᠤᠯᠭ᠋ᠠᠵᠤ᠂ ᠭᠤᠷᠪᠠᠨ ᠵᠢᠯ᠎ᠳᠤ ᠴᠡᠴᠡᠭᠯᠡᠵᠦ᠂ ᠲᠠᠪᠤᠨ ᠵᠢᠯ᠎ᠳᠤ ᠵᠢᠮᠢᠰᠯᠡᠬᠦ ᠨᠤᠷᠮ᠎ᠠ 95%᠎ᠠᠴᠠ ᠳᠡᠭᠡᠭᠰᠢ᠎ᠳᠤ ᠬᠦᠷᠳᠡᠭ᠃ ᠵᠣᠬᠢᠰᠲᠠᠢ ᠪᠣᠷᠳᠣᠭᠤᠷ ᠣᠷᠣᠭᠤᠯᠬᠤ᠂ ᠵᠣᠬᠢᠰᠲᠠᠢ ᠬᠠᠶ᠋ᠢᠴᠢᠯᠠᠵᠤ ᠵᠠᠰᠠᠬᠤ᠂ ᠨᠢᠯᠬ᠎ᠠ ᠰᠣᠶᠤᠭ᠎ᠠ ᠵᠢ ᠰᠢᠯᠵᠢᠭᠦᠯᠦᠨ ᠦᠷᠡᠵᠢᠭᠦᠯᠬᠦ ᠥᠰᠦᠯᠲᠡ ᠵᠢᠨ ᠲᠥᠪ᠂ ᠴᠡᠴᠡᠭ᠎ᠤᠨ ᠬᠤᠭᠤᠴᠠᠭ᠋ᠠᠨ᠎ᠳᠤ ᠤᠷᠭᠤᠯᠲᠠ ᠵᠢᠨ ᠲᠣᠬᠢᠷᠠᠭᠤᠯᠤᠯᠲᠠ ᠵᠢᠨ ᠡᠳ᠋ ᠰᠦᠷᠴᠢᠬᠦ ᠵᠡᠷᠭᠡ ᠠᠷᠭ᠎ᠠ ᠬᠡᠮᠵᠢᠶ᠎ᠡ ᠠᠪᠬᠤ᠎ᠨᠢ ᠭᠠᠷᠤᠯᠲᠠ ᠵᠢ ᠦᠳᠲᠡᠷ ᠲᠦᠷᠭᠡᠨ ᠨᠡᠮᠡᠭᠳᠡᠭᠦᠯᠵᠦ᠂ ᠠᠮᠢ ᠨᠠᠰᠤ ᠵᠢ ᠤᠷᠲᠤ ᠪᠣᠯᠭ᠋ᠠᠵᠤ ᠪᠣᠯᠤᠨ᠎ᠠ᠃ ᠦᠷᠡᠯᠡᠬᠦ ᠬᠤᠭᠤᠴᠠᠭ᠎ᠠ᠎ᠨᠢ 100 ᠭᠠᠷᠤᠢ ᠵᠢᠯ ᠦᠷᠭᠦᠯᠵᠢᠯᠡᠭᠦᠯᠵᠦ ᠪᠣᠯᠤᠨ᠎ᠠ᠃ ᠰᠡᠩᠳᠡᠩ ᠮᠣᠳᠣ ᠨᠢᠭᠡᠨᠲᠡ ᠵᠢᠮᠢᠰ ᠭᠠᠷᠬᠤ ᠬᠤᠭᠤᠴᠠᠭ᠋ᠠᠨ᠎ᠳᠤ ᠣᠷᠣᠵᠤ᠂ ᠮᠦ᠍ ᠪᠦᠷᠢ ᠵᠢᠨ ᠤᠨᠠᠯᠲᠠ᠎ᠨᠢ ᠰᠡᠩᠳᠡᠩ ᠮᠣᠳᠣ 30 ᠵᠢᠩ ᠣᠷᠴᠢᠮ ᠪᠠᠶ᠋ᠢᠵᠤ᠂ ᠵᠢᠩ ᠪᠦᠷᠢ᠎ᠳᠤ 4 ᠲᠥᠭᠦᠷᠢᠭ ᠬᠦᠷᠳᠡᠭ᠃ ᠠᠵᠤ ᠠᠬᠤᠢ ᠵᠢᠨ ᠣᠢ ᠵᠢᠨ ᠬᠤᠷᠮᠣᠶ᠎ᠳᠤ ᠳᠠᠷᠢᠬᠤ ᠡᠮ᠎ᠤᠨ ᠮᠠᠲ᠋ᠧᠷᠢᠶᠠᠯ᠎ᠨᠢ ᠣᠳᠣᠬᠠᠨ᠎ᠤ ᠣᠶ᠋ᠢᠲᠤ ᠭᠠᠵᠠᠷ᠎ᠢ ᠠᠰᠢᠭᠯᠠᠨ ᠣᠶ ᠵᠢᠨ ᠬᠤᠷᠮᠣᠶ ᠵᠢᠨ ᠠᠵᠤ ᠠᠬᠤᠶ ᠵᠢ ᠬᠥᠭᠵᠢᠭᠦᠯᠬᠦ ᠱᠠᠭ᠋ᠠᠷᠳᠠᠯᠭ᠎ᠠ᠎ᠳᠤ ᠨᠡᠶ᠋ᠢᠴᠡᠵᠦ᠂ ᠠᠮᠢ ᠠᠬᠤᠢ ᠵᠢᠨ ᠦᠷ᠎ᠡ ᠠᠰᠢᠭ ᠪᠠ ᠠᠵᠤ ᠠᠬᠤᠶ ᠵᠢᠨ ᠦᠷ᠎ᠡ ᠠᠰᠢᠭ᠎ᠤᠨ ᠬᠤᠤᠰ ᠡᠯᠪᠡᠭ ᠬᠤᠷᠢᠶᠠᠯᠲᠠ ᠣᠯᠵᠤ᠂ ᠮᠠᠰᠢ ᠰᠠᠶ᠋ᠢᠨ ᠵᠢᠱ᠌ᠢᠶ᠎ᠡ ᠦᠵᠡᠭᠦᠯᠵᠦ ᠬᠥᠲᠥᠯᠥᠨ ᠳᠠᠭ᠋ᠠᠭᠤᠯᠬᠤ ᠦᠢ᠍ᠯᠡᠳᠦᠯ᠎ᠲᠠᠢ ᠶᠤᠮ᠃