ᠪᠤᠭᠤᠲᠤ ᠬᠤᠲᠠ ᠲᠤᠬᠠᠶ ᠵᠢᠨ ᠭᠠᠵᠠᠷ᠎ᠤᠨ ᠪᠣᠬᠢᠷᠲᠤᠯ ᠥᠬᠡᠶ ᠡᠬᠢ ᠪᠠᠶᠠᠯᠢᠭ᠎ᠤᠨ ᠳᠠᠪᠠᠭᠤᠯᠢᠭ᠎ᠲᠠᠭᠠᠨ ᠰᠠᠭᠤᠷᠢᠯᠠᠨ᠂ ᠪᠣᠬᠢᠷᠲᠤᠯ ᠥᠬᠡᠶ ᠮᠥᠩᠭᠦᠨ ᠭᠦᠢ᠍ᠯᠭᠡᠭᠡᠨ᠎ᠤ ᠦᠢ᠍ᠯᠡᠴᠢᠯᠡᠭᠡᠨ᠎ᠤ ᠰᠢᠨ᠎ᠡ ᠵᠢ ᠡᠭᠦᠳᠴᠦ᠂ ᠡᠬᠢ ᠪᠠᠶᠠᠯᠢᠭ᠎ᠢ ᠡᠳ᠋ ᠬᠥᠷᠥᠩᠭᠡ ᠪᠣᠯᠭ᠋ᠠᠨ ᠬᠤᠪᠢᠷᠠᠭᠤᠯᠬᠤ᠂ ᠬᠥᠬᠡ ᠠᠭᠤᠯᠠ ᠵᠢ ᠠᠯᠲᠠᠨ ᠠᠭᠤᠯᠠ ᠪᠣᠯᠭ᠋ᠠᠨ ᠬᠤᠪᠢᠷᠠᠭᠤᠯᠬᠤ᠎ᠳᠤ ᠬᠦᠴᠦᠨ ᠨᠡᠮᠡᠷᠢᠯᠡᠵᠦ᠂ ᠦᠵᠡᠰᠬᠦᠯᠡᠩᠲᠦ ᠰᠠᠶ᠋ᠢᠬᠠᠨ ᠪᠤᠭᠤᠲᠤ ᠵᠢᠨ ᠪᠥᠲᠥᠭᠡᠨ ᠪᠠᠶ᠋ᠢᠭᠤᠯᠤᠯᠲᠠ᠎ᠳᠤ ᠥᠩᠭᠡ ᠬᠡᠷᠡᠯ ᠨᠡᠮᠡᠷᠢᠯᠡᠪᠡ᠃
ᠪᠤᠭᠤᠲᠤ ᠬᠤᠲᠠ ᠲᠦᠷᠦᠭᠦᠦ ᠪᠦᠯᠦᠭ ᠤᠯᠤᠰ᠎ᠤᠨ ᠣᠶ ᠰᠢᠭᠤᠶ ᠵᠢᠨ ᠦᠢ᠍ᠯᠡᠰ᠎ᠤᠨ ᠨᠡᠭᠦᠷᠡᠰᠦᠲᠥ᠋ᠷᠥᠭᠴᠢ ᠵᠢᠨ ᠬᠤᠷᠠᠮᠠᠯ᠎ᠤᠨ ᠲᠤᠷᠰᠢᠯᠲᠠ ᠵᠢᠨ ᠬᠤᠲᠠ᠎ᠪᠠᠷ ᠰᠣᠩᠭᠤᠭᠳᠠᠭᠰᠠᠨ᠎ᠠᠴᠠ ᠨᠠᠭ᠋ᠠᠰᠢ᠂ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ᠎ᠯᠤᠭ᠎ᠠ ᠵᠢᠨ ᠬᠠᠮᠲᠤᠷᠠᠯᠴᠠᠭ᠎ᠠ᠎ᠪᠠᠨ ᠲᠠᠰᠤᠷᠠᠯᠲᠠ ᠦᠭᠡᠢ ᠴᠢᠩᠭ᠋ᠠᠳᠬᠠᠵᠤ᠂ ᠨᠡᠭᠦᠷᠡᠰᠦᠲᠥ᠋ᠷᠥᠭᠴᠢ ᠵᠢᠨ ᠬᠤᠷᠠᠮᠠᠯ ᠬᠢᠭᠡᠳ ᠪᠣᠬᠢᠷᠲᠤᠯ ᠦᠭᠡᠢ ᠮᠥᠩᠭᠦᠨ ᠭᠦᠢ᠍ᠯᠭᠡᠭᠡᠨ᠎ᠤ ᠠᠭᠤᠰᠤᠯᠴᠠᠨ ᠬᠥᠭᠵᠢᠬᠦ ᠰᠢᠨ᠎ᠡ ᠠᠷᠭ᠎ᠠ ᠵᠠᠮ᠎ᠢ ᠬᠠᠶ᠋ᠢᠨ ᠰᠦᠪᠡᠭᠴᠢᠯᠡᠵᠦ ᠭᠠᠷᠭ᠋ᠠᠪᠠ᠃ ᠨᠢᠭᠡ᠎ᠳᠤ᠂ 《ᠨᠡᠭᠦᠷᠡᠰᠦᠲᠥ᠋ᠷᠥᠭᠴᠢ ᠵᠢᠨ ᠬᠤᠷᠠᠮᠠᠯ + ᠰᠠᠭᠤᠷᠢ ᠮᠥᠩᠭᠦ》 ᠵᠢᠨ ᠰᠢᠨ᠎ᠡ ᠠᠷᠭ᠎ᠠ ᠵᠠᠮ᠎ᠢ ᠨᠡᠭᠡᠭᠡᠪᠡ᠃ ᠲᠤᠰᠬᠠᠶ ᠰᠠᠭᠤᠷᠢ ᠮᠥᠩᠭᠦ᠎ᠨᠢ ᠵᠠᠰᠠᠭ᠎ᠤᠨ ᠣᠷᠳᠣᠨ᠎ᠤ ᠪᠠᠯᠠ ᠣᠷᠣᠭᠤᠯᠤᠯᠲᠠ ᠬᠢᠭᠡᠳ ᠨᠡᠶ᠋ᠢᠭᠡᠮ᠎ᠠᠴᠠ ᠬᠠᠨᠳᠢᠪᠯᠠᠨ ᠥᠭᠴᠦ ᠪᠠᠯᠠ ᠴᠤᠭᠯᠠᠭᠤᠯᠬᠤ ᠵᠢ ᠣᠷᠭ᠋ᠠᠨᠢᠭ ᠵᠶ᠋ᠠᠷ ᠤᠶᠠᠯᠳᠤᠭᠤᠯᠵᠤ᠂ ᠨᠡᠶ᠋ᠢᠭᠡᠮ᠎ᠤᠨ ᠬᠦᠴᠦᠨ᠎ᠢ ᠬᠥᠲᠥᠯᠦᠨ ᠵᠢᠯᠣᠭᠤᠳᠴᠤ ᠪᠠᠶ᠋ᠢᠭ᠋ᠠᠳ ᠨᠡᠶ᠋ᠢᠲᠡ ᠵᠢᠨ ᠠᠰᠠᠷᠠᠮᠵᠢ ᠵᠢᠨ ᠬᠠᠨᠳᠢᠪᠯᠠᠨ ᠬᠦᠷᠭᠡᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠣᠶ᠋ᠢᠵᠢᠭᠤᠯᠵᠤ ᠨᠣᠭᠤᠭ᠋ᠠᠷᠠᠭᠤᠯᠬᠤ᠂ ᠣᠶ ᠰᠢᠭᠤᠶ ᠡᠵᠡᠩᠨᠡᠬᠦ᠂ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠬᠠᠮᠠᠭ᠋ᠠᠯᠠᠬᠤ᠎ᠳᠤ ᠣᠷᠤᠯᠴᠠᠭᠤᠯᠪᠠ᠃ ᠣᠳᠣᠬᠠᠨ᠎ᠳᠤ ᠨᠢᠭᠡᠨᠲᠡ 《ᠳᠤᠮᠳᠠᠳᠤ ᠤᠯᠤᠰ᠎ᠤᠨ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠵᠢᠨ ᠬᠤᠷᠠᠮᠠᠯ᠎ᠤᠨ ᠰᠠᠭᠤᠷᠢ ᠮᠦᠩᠭᠦᠨ᠎ᠤ ᠨᠡᠶ᠋ᠢᠭᠡᠮᠯᠢᠭ᠎ᠤᠨ ᠪᠣᠭᠤᠲᠤ ᠵᠢᠨ ᠲᠤᠰᠬᠠᠢ ᠰᠠᠭᠤᠷᠢ ᠮᠦᠩᠭᠦ》 ᠵᠢ ᠪᠠᠶ᠋ᠢᠭᠤᠯᠵᠤ᠂ ᠠᠵᠤ ᠠᠬᠤᠶ᠋ᠢᠯᠠᠯ᠎ᠤᠨ ᠬᠠᠨᠳᠢᠪᠯᠠᠨ ᠬᠦᠷᠭᠡᠬᠦ ᠠᠷᠭ᠎ᠠ ᠮᠠᠶᠢᠭ ᠵᠶ᠋ᠠᠷ ᠳᠠᠮᠵᠢᠭᠤᠯᠤᠨ 100 ᠲᠦᠮᠡᠨ ᠲᠥᠭᠦᠷᠢᠭ᠎ᠤᠨ ᠡᠬᠢᠯᠡᠭᠦᠯᠬᠦ ᠰᠠᠭᠤᠷᠢ ᠮᠥᠩᠭᠦ ᠵᠢ ᠴᠤᠭᠯᠠᠭᠤᠯᠤᠭᠰᠠᠨ ᠪᠠᠶ᠋ᠢᠨ᠎ᠠ᠃ ᠬᠤᠶᠠᠷ᠎ᠲᠤ᠂ 《ᠨᠡᠭᠦᠷᠡᠰᠦᠲᠥ᠋ᠷᠥᠭᠴᠢ ᠵᠢᠨ ᠬᠤᠷᠠᠮᠠᠯ + ᠪᠠᠷᠢᠴᠠᠭ᠋ᠠᠳᠤ ᠵᠢᠭᠡᠯᠡᠯᠭᠡ》 ᠵᠢᠨ ᠰᠢᠨ᠎ᠡ ᠵᠠᠭᠪᠤᠷ᠎ᠢ ᠬᠠᠶ᠋ᠢᠨ ᠰᠦᠪᠡᠭᠴᠢᠯᠡᠪᠡ᠃ ᠥᠪᠡᠷᠲᠡᠭᠡᠨ ᠵᠠᠰᠠᠬᠤ ᠣᠷᠣᠨ᠎ᠳᠤ ᠡᠩ ᠲᠡᠷᠢᠭᠦᠨ᠎ᠳᠤ 《ᠣᠶ ᠰᠢᠭᠤᠶ ᠲᠠᠯ᠎ᠠ ᠨᠤᠲᠤᠭ᠎ᠤᠨ ᠨᠡᠭᠦᠷᠡᠰᠦᠲᠥ᠋ᠷᠥᠭᠴᠢ ᠵᠢᠨ ᠪᠢᠯᠧᠲ ᠵᠶ᠋ᠠᠷ ᠪᠠᠷᠢᠴᠠᠭ᠋ᠠᠳᠤ ᠵᠢᠭᠡᠯᠡᠯᠭᠡ》 ᠵᠢ ᠰᠦᠪᠡᠭᠴᠢᠯᠡᠵᠦ᠂ ᠤᠳᠠᠯ ᠥᠬᠡᠶ ᠠᠵᠤ ᠠᠬᠤᠶ᠋ᠢᠯᠠᠯ᠎ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠡᠮᠵᠢᠶ᠎ᠡ ᠬᠢᠭᠡᠳ ᠢᠲᠡᠭᠡᠮᠵᠢ ᠣᠯᠭᠤᠬᠤ ᠬᠢᠷᠢ ᠬᠡᠮ᠂ ᠢᠲᠡᠭᠡᠮᠵᠢ ᠣᠯᠭᠤᠬᠤ ᠲᠤᠭ᠎ᠠ ᠬᠡᠮᠵᠢᠶ᠎ᠡ᠂ ᠵᠢᠭᠡᠯᠡᠯᠭᠡ ᠵᠢᠨ ᠬᠦᠤ ᠨᠣᠷᠮ᠎ᠠ᠎ᠲᠠᠢ ᠬᠤᠯᠪᠤᠭᠳᠠᠭᠤᠯᠵᠤ᠂ ᠠᠵᠤ ᠠᠬᠤᠶ᠋ᠢᠯᠠᠯ ᠣᠶ ᠰᠢᠭᠤᠶ ᠲᠠᠯ᠎ᠠ ᠨᠤᠲᠤᠭ᠎ᠤᠨ ᠨᠡᠭᠦᠷᠡᠰᠦᠲᠥ᠋ᠷᠥᠭᠴᠢ ᠵᠢᠨ ᠪᠢᠯᠧᠲ ᠵᠢ ᠠᠪᠤᠭᠰᠠᠨ᠎ᠤ ᠳᠠᠷᠠᠭ᠎ᠠ᠂ ᠢᠲᠡᠭᠡᠮᠵᠢ ᠣᠯᠭᠤᠬᠤ ᠬᠢᠷᠢ ᠬᠡᠮ᠎ᠢ ᠵᠣᠬᠢᠰᠲᠠᠶ ᠳᠡᠭᠡᠭᠰᠢᠯᠡᠭᠦᠯᠦᠨ᠂ ᠢᠲᠡᠭᠡᠮᠵᠢ ᠣᠯᠭᠤᠬᠤ ᠲᠤᠭ᠎ᠠ ᠬᠡᠮᠵᠢᠶ᠎ᠡ ᠵᠢ ᠨᠡᠮᠡᠭᠳᠡᠭᠦᠯᠵᠦ᠂ ᠵᠢᠭᠡᠯᠡᠯᠭᠡ ᠵᠢᠨ ᠬᠦᠤ ᠨᠣᠷᠮ᠎ᠠ ᠵᠢ ᠪᠠᠭᠤᠷᠠᠭᠤᠯᠵᠤ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠠᠵᠤ ᠠᠬᠤᠶ᠋ᠢᠯᠠᠯ ᠣᠶ ᠰᠢᠭᠤᠶ ᠲᠠᠯ᠎ᠠ ᠨᠤᠲᠤᠭ᠎ᠤᠨ ᠨᠡᠭᠦᠷᠡᠰᠦᠲᠥ᠋ᠷᠥᠭᠴᠢ ᠵᠢᠨ ᠪᠢᠯᠧᠲ ᠬᠤᠳᠠᠯᠳᠤᠨ ᠠᠪᠬᠤ᠎ᠪᠠᠷ ᠳᠠᠮᠵᠢᠭᠤᠯᠤᠨ ᠨᠡᠶ᠋ᠢᠭᠡᠮ᠎ᠤᠨ ᠬᠠᠷᠢᠭᠤᠴᠠᠯᠭ᠎ᠠ᠎ᠪᠠᠨ ᠭᠦᠢ᠍ᠴᠡᠳᠭᠡᠬᠦ᠂ ᠪᠥᠬᠦ ᠬᠤᠲᠠ ᠵᠢᠨ ᠪᠣᠬᠢᠷᠲᠤᠯ ᠥᠬᠡᠶ ᠬᠥᠭᠵᠢᠯᠲᠡ ᠵᠢ ᠪᠡᠶᠡᠯᠡᠭᠦᠯᠬᠦ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ᠎ᠢ ᠰᠢᠯᠢᠳᠡᠭᠵᠢᠭᠦᠯᠬᠦ᠎ᠳᠤ ᠬᠦᠴᠦᠨ ᠨᠡᠮᠡᠷᠢᠯᠡᠪᠡ᠃ ᠣᠳᠣᠬᠠᠨ᠎ᠳᠤ ᠨᠢᠭᠡᠨᠲᠡ 2100 ᠲᠦᠮᠡᠨ ᠲᠥᠭᠦᠷᠢᠭ᠎ᠤᠨ ᠨᠡᠭᠦᠷᠡᠰᠦᠲᠥ᠋ᠷᠥᠭᠴᠢ ᠵᠢᠨ ᠬᠤᠷᠠᠮᠠᠯ᠎ᠤᠨ ᠪᠠᠷᠢᠴᠠᠭ᠋ᠠᠲᠤ ᠵᠢᠭᠡᠯᠡᠯᠭᠡ ᠵᠢ ᠠᠮᠵᠢᠯᠲᠠ᠎ᠲᠠᠢ ᠲᠠᠯᠪᠢᠵᠤ᠂ ᠪᠣᠭᠤᠲᠤ ᠵᠢᠨ ᠤᠢ ᠰᠢᠭᠤᠢ ᠲᠠᠯ᠎ᠠ ᠨᠤᠲᠤᠭ᠎ᠤᠨ ᠲᠣᠭ᠋ᠠᠴᠢᠯᠠᠭᠰᠠᠨ ᠨᠡᠭᠦᠷᠡᠰᠦᠲᠥ᠋ᠷᠥᠭᠴᠢ ᠵᠢᠨ ᠪᠢᠯᠧᠲ ᠬᠤᠳᠠᠯᠳᠤᠨ ᠠᠪᠬᠤ ᠥᠪᠥᠷ ᠮᠣᠩᠭᠤᠯ᠎ᠤᠨ ᠵᠢᠩ ᠵᠧᠩ ᠪᠤᠯᠤᠳ ᠲᠡᠮᠦᠷ᠎ᠤᠨ ᠬᠢᠵᠠᠭ᠋ᠠᠷᠲᠤ ᠺᠣᠮᠫᠠᠨᠢ᠎ᠳᠤ ᠠᠩᠬᠠᠳᠠᠭᠴᠢ ᠨᠡᠭᠦᠷᠡᠰᠦᠲᠥ᠋ᠷᠥᠭᠴᠢ ᠵᠢᠨ ᠪᠢᠯᠧᠲ᠎ᠤᠨ ᠪᠠᠷᠢᠴᠠᠭ᠋ᠠᠲᠤ ᠵᠢᠭᠡᠯᠡᠯᠭᠡ 200 ᠲᠦᠮᠡᠨ ᠲᠥᠭᠦᠷᠢᠭ ᠲᠠᠯᠪᠢᠵᠤ᠂ ᠪᠦᠬᠦ ᠤᠯᠤᠰ᠎ᠤᠨ ᠣᠷᠣᠨ ᠨᠤᠲᠤᠭ᠎ᠤᠨ ᠨᠡᠭᠦᠷᠡᠰᠦᠲᠥ᠋ᠷᠥᠭᠴᠢ ᠵᠢᠨ ᠪᠢᠯᠧᠲ᠎ᠤᠨ ᠪᠠᠷᠢᠴᠠᠭ᠋ᠠᠲᠤ ᠵᠢᠭᠡᠯᠡᠯᠭᠡ ᠵᠢᠨ ᠠᠮᠵᠢᠯᠲᠠ᠎ᠲᠠᠢ ᠬᠡᠷᠡᠭ᠎ᠤᠨ ᠵᠢᠱ᠌ᠢᠶ᠎ᠡ ᠪᠣᠯᠤᠭᠰᠠᠨ ᠪᠥᠭᠡᠳ ᠥᠪᠡᠷᠲᠡᠭᠡᠨ ᠵᠠᠰᠠᠬᠤ ᠣᠷᠣᠨ᠎ᠤ ᠠᠩᠬᠠᠳᠠᠭᠴᠢ ᠨᠡᠭᠦᠷᠡᠰᠦᠲᠥ᠋ᠷᠥᠭᠴᠢ ᠵᠢᠨ ᠪᠢᠯᠧᠲ᠎ᠤᠨ ᠪᠠᠷᠢᠴᠠᠭ᠋ᠠᠲᠤ ᠵᠢᠭᠡᠯᠡᠯᠭᠡ ᠪᠣᠯᠤᠭᠰᠠᠨ ᠪᠠᠶ᠋ᠢᠨ᠎ᠠ᠃ ᠭᠤᠷᠪᠠ᠎ᠳᠤ᠂ 《ᠨᠡᠭᠦᠷᠡᠰᠦᠲᠥ᠋ᠷᠥᠭᠴᠢ ᠵᠢᠨ ᠬᠤᠷᠠᠮᠠᠯ + ᠳᠠᠭ᠋ᠠᠳᠬᠠᠯ》᠎ᠤᠨ ᠰᠢᠨ᠎ᠡ ᠪᠠᠲᠤᠯᠠᠭ᠎ᠠ ᠬᠠᠩᠭ᠋ᠠᠪᠠ᠃
ᠨᠡᠭᠦᠷᠡᠰᠦᠲᠥ᠋ᠷᠥᠭᠴᠢ ᠵᠢᠨ ᠬᠤᠷᠠᠮᠠᠯ᠎ᠤᠨ ᠴᠢᠳᠠᠪᠤᠷᠢ ᠵᠢᠨ ᠲᠣᠭᠲᠠᠭᠤᠨ ᠴᠢᠨᠠᠷ ᠪᠠ ᠠᠷᠠᠯᠵᠢᠶᠠᠨ᠎ᠤ ᠵᠠᠬ᠎ᠠ ᠳᠡᠯᠭᠡᠭᠦᠷ᠎ᠤᠨ ᠵᠢᠱ᠌ᠢᠵᠦ ᠪᠣᠯᠬᠤᠶ᠋ᠢᠴᠠ ᠴᠢᠨᠠᠷ᠎ᠲᠤ ᠠᠩᠬᠠᠷᠤᠯ ᠵᠶ᠋ᠠᠨ ᠲᠥᠪᠯᠡᠷᠡᠭᠦᠯᠵᠦ᠂ ᠨᠡᠭᠦᠷᠡᠰᠦᠲᠥ᠋ᠷᠥᠭᠴᠢ ᠵᠢᠨ ᠬᠤᠷᠠᠮᠠᠯ᠎ᠤᠨ ᠴᠢᠳᠠᠪᠤᠷᠢ ᠵᠢ ᠰᠢᠨᠵᠢᠯᠡᠬᠦ ᠤᠬᠠᠭ᠋ᠠᠨᠴᠢ᠎ᠪᠠᠷ ᠬᠢᠨᠠᠨ ᠬᠡᠮᠵᠢᠬᠦ ᠪᠠ ᠦᠨᠡᠯᠡᠨ ᠵᠢᠱ᠌ᠢᠭᠰᠡᠨ ᠰᠠᠭᠤᠷᠢᠨ ᠳᠡᠭᠡᠷ᠎ᠡ᠂ ᠨᠡᠭᠦᠷᠡᠰᠦᠲᠥ᠋ᠷᠥᠭᠴᠢ ᠵᠢᠨ ᠬᠤᠷᠠᠮᠠᠯ ᠵᠶ᠋ᠠᠷ ᠬᠠᠷᠠᠯᠲᠠ ᠡᠳ᠋ ᠪᠣᠯᠭ᠋ᠠᠨ ᠳᠠᠭ᠋ᠠᠳᠬᠠᠭᠤᠯᠵᠤ᠂ ᠥᠮᠴᠢᠲᠡᠨ᠎ᠤ ᠨᠡᠭᠦᠷᠡᠰᠦᠲᠥ᠋ᠷᠥᠭᠴᠢ ᠵᠢᠨ ᠬᠤᠷᠠᠮᠠᠯ᠎ᠤᠨ ᠡᠷᠬᠡ ᠠᠰᠢᠭ᠎ᠢ ᠪᠦᠲᠦᠮᠵᠢᠲᠡᠶ ᠪᠠᠲᠤᠯᠠᠪᠠ᠃ ᠣᠲᠣ ᠪᠣᠯᠲᠠᠯ᠎ᠠ ᠨᠢᠭᠡᠨᠲᠡ ᠪᠥᠬᠦ ᠤᠯᠤᠰ᠎ᠤᠨ ᠠᠩᠬᠠᠳᠠᠭᠴᠢ 《ᠨᠤᠲᠤᠭ ᠪᠡᠯᠴᠢᠭᠡᠷ᠎ᠤᠨ ᠨᠡᠭᠦᠷᠡᠰᠦᠲᠥ᠋ᠷᠥᠭᠴᠢ ᠵᠢᠨ ᠬᠤᠷᠠᠮᠠᠯ᠎ᠤᠨ ᠠᠯᠤᠰ ᠰᠡᠷᠡᠯ᠎ᠤᠨ ᠵᠢᠭ᠋ᠠᠯᠲᠠ ᠲᠤᠭ᠎ᠠ ᠵᠢᠨ ᠳᠠᠭ᠋ᠠᠳᠬᠠᠯ》᠎ᠤᠨ ᠲᠤᠬᠠᠶ᠋ᠢᠯᠠᠭᠰᠠᠨ ᠠᠵᠢᠯ᠂ ᠥᠪᠡᠷᠲᠡᠭᠡᠨ ᠵᠠᠰᠠᠬᠤ ᠣᠷᠣᠨ᠎ᠤ ᠠᠩᠬᠠᠳᠠᠭᠴᠢ ᠬᠤᠳᠠᠯᠳᠤᠭ᠋ᠠᠨ᠎ᠤ ᠴᠢᠨᠠᠷᠲᠠᠶ ᠣᠶ ᠰᠢᠭᠤᠶ ᠵᠢᠨ ᠨᠡᠭᠦᠷᠡᠰᠦᠲᠥ᠋ᠷᠥᠭᠴᠢ ᠵᠢᠨ ᠬᠤᠷᠠᠮᠠᠯ ᠪᠠ ᠨᠤᠭᠤ ᠭᠠᠵᠠᠷ᠎ᠤᠨ ᠨᠡᠭᠦᠷᠡᠰᠦᠲᠥ᠋ᠷᠥᠭᠴᠢ ᠵᠢᠨ ᠬᠤᠷᠠᠮᠠᠯ᠎ᠤᠨ ᠦᠨ᠎ᠡ ᠵᠢᠨ ᠳᠠᠭ᠋ᠠᠳᠬᠠᠯ᠎ᠤᠨ ᠲᠤᠬᠠᠶ᠋ᠢᠯᠠᠭᠰᠠᠨ ᠠᠵᠢᠯ᠎ᠢ ᠠᠮᠵᠢᠯᠲᠠ᠎ᠲᠠᠢ ᠭᠦᠢ᠍ᠴᠡᠳᠬᠡᠵᠦ᠂ ᠨᠡᠭᠦᠷᠡᠰᠦᠲᠥ᠋ᠷᠥᠭᠴᠢ ᠵᠢᠨ ᠬᠤᠷᠠᠮᠠᠯ᠎ᠤᠨ ᠲᠦᠰᠦᠯ᠎ᠳᠤ ᠪᠠᠲᠤᠯᠠᠭ᠎ᠠ ᠬᠠᠩᠭ᠋ᠠᠪᠠ᠃ ᠲᠠᠷᠠᠭ᠋ᠠᠴᠢ ᠵᠢᠨ ᠠᠯᠬᠤᠮ᠎ᠳᠤ᠂ ᠪᠤᠭᠤᠲᠤ ᠬᠤᠲᠠ ᠨᠠᠩ ᠣᠯᠠᠨ ᠠᠮᠢ ᠠᠬᠤᠶ ᠵᠢᠨ ᠡᠬᠢ ᠪᠠᠶᠠᠯᠢᠭ᠎ᠤᠨ ᠬᠦᠷᠢᠶᠡᠨ᠎ᠳᠤ ᠨᠡᠭᠦᠷᠡᠰᠦᠲᠥ᠋ᠷᠥᠭᠴᠢ ᠵᠢᠨ ᠬᠤᠷᠠᠮᠠᠯ᠎ᠤᠨ ᠲᠦᠰᠦᠯ᠎ᠢ ᠬᠠᠶ᠋ᠢᠨ ᠰᠦᠪᠡᠭᠴᠢᠯᠡᠵᠦ᠂ ᠨᠡᠭᠦᠷᠡᠰᠦᠲᠥ᠋ᠷᠥᠭᠴᠢ ᠵᠢᠨ ᠬᠤᠷᠠᠮᠠᠯ᠎ᠤᠨ 《ᠡᠷᠳᠡᠨᠢ》 ᠵᠢ ᠭᠦᠨᠵᠡᠭᠡᠶ ᠠᠭᠤᠳᠠᠯᠵᠤ᠂ ᠨᠡᠭᠦᠷᠡᠰᠦᠲᠥ᠋ᠷᠥᠭᠴᠢ ᠵᠢᠨ ᠮᠥᠩᠭᠦᠨ ᠭᠦᠢ᠍ᠯᠭᠡᠭᠡᠨ᠎ᠤ ᠦᠢ᠍ᠯᠡᠳᠬᠦᠨ᠎ᠤ ᠰᠢᠨ᠎ᠡ ᠵᠢ ᠡᠭᠦᠳᠬᠦ᠎ᠪᠠᠷ ᠳᠠᠮᠵᠢᠭᠤᠯᠤᠨ ᠨᠠᠩ ᠣᠯᠠᠨ ᠠᠮᠢ ᠠᠬᠤᠶ ᠵᠢᠨ ᠡᠬᠢ ᠪᠠᠶᠠᠯᠢᠭ᠎ᠢ ᠥᠨᠳᠥᠷ ᠪᠦᠲᠦᠮᠵᠢᠲᠡᠶ᠎ᠪᠠᠷ ᠠᠮᠢ ᠠᠬᠤᠶ ᠵᠢᠨ ᠡᠳ᠋ ᠬᠥᠷᠥᠩᠭᠡ ᠪᠣᠯᠭ᠋ᠠᠨ ᠬᠤᠪᠢᠷᠠᠭᠤᠯᠵᠤ᠂ ᠠᠮᠢ ᠠᠬᠤᠶ ᠵᠢᠨ ᠥᠷᠲᠡᠭ᠎ᠢ ᠠᠵᠤ ᠠᠬᠤᠶ ᠵᠢᠨ ᠥᠷᠲᠡᠭ ᠪᠣᠯᠭ᠋ᠠᠨ ᠬᠤᠪᠢᠷᠠᠭᠤᠯᠤᠨ᠎ᠠ᠃