1 ᠰᠠᠷ᠎ᠠ ᠵᠢᠨ 21᠎ᠤ ᠡᠳᠦᠷ᠎ᠤᠨ ᠦᠳᠡ ᠵᠢᠨ ᠡᠮᠦᠨ᠎ᠡ᠂ ᠬᠠᠩᠭᠢᠨ ᠬᠣᠰᠢᠭᠤᠨ᠎ᠤ ᠶᠡᠬᠡᠠᠤᠰᠤ ᠰᠤᠮᠤ ᠵᠢᠨ ᠠᠷᠠᠳ᠎ᠤᠨ ᠵᠠᠰᠠᠭ᠎ᠤᠨ ᠣᠷᠳᠣᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠳᠤ 《ᠬᠦᠭᠵᠢᠬᠦᠯᠦᠨ ᠮᠠᠨᠳᠣᠯᠲᠠ ᠵᠢ ᠰᠦᠪᠡᠭᠴᠢᠯᠡᠵᠦ᠂ ᠲᠣᠰᠬᠣᠨ᠎ᠢ ᠬᠠᠪᠰᠤᠷᠤᠨ ᠲᠡᠳᠬᠦᠬᠦ ᠬᠠᠷᠢᠭᠤᠴᠠᠯᠭ᠎ᠠ ᠵᠢ ᠡᠭᠦᠷᠭᠡᠯᠡᠬᠦ》 ᠬᠡᠮᠡᠷᠯᠢᠭ ᠲᠣᠭ᠎ᠢ ᠪᠡᠯᠡᠭᠯᠡᠵᠦ᠂ ᠬᠠᠩᠬᠢᠨ ᠬᠤᠰᠢᠭᠤᠨ᠎ᠤ ᠮᠠᠨ᠎ᠤ ᠲᠣᠪᠴᠢᠶ᠎ᠠ ᠵᠢᠨ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠰᠬᠣᠨ᠎ᠳᠤ ᠰᠠᠭᠤᠵᠤ ᠬᠠᠪᠰᠤᠷᠤᠨ ᠲᠡᠳᠬᠦᠬᠦ᠎ᠳᠤ ᠦᠵᠡᠭᠦᠯᠦᠭᠰᠡᠨ ᠳᠡᠮᠵᠢᠯᠭᠡ ᠪᠠ ᠬᠠᠪᠰᠤᠷᠤᠯᠭ᠎ᠠ᠎ᠳᠤ ᠲᠠᠯᠠᠷᠬᠠᠪᠠ᠃

2023 ᠣᠨ᠎ᠤ 10 ᠰᠠᠷ᠎ᠠ᠎ᠳᠤ ᠶᠡᠬᠡᠠᠤᠰᠤ ᠰᠤᠮᠤ ᠵᠢᠨ ᠥᠷᠭᠡᠨ ᠭᠠᠴᠠᠭ᠎ᠠ ᠵᠢ ᠬᠠᠪᠰᠤᠷᠤᠨ ᠲᠡᠳᠬᠦᠭᠰᠡᠨ᠎ᠠᠴᠠ ᠨᠠᠭ᠋ᠠᠰᠢ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠲᠣᠰᠬᠣᠨ᠎ᠳᠤ ᠰᠠᠭᠤᠵᠤ ᠬᠠᠪᠰᠤᠷᠤᠨ ᠲᠡᠳᠬᠦᠬᠦ ᠡᠭᠦᠷᠭᠡ ᠬᠠᠷᠢᠭᠤᠴᠠᠯᠭ᠎ᠠ ᠵᠢ ᠨᠠᠷᠢᠨ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ ᠣᠯᠠᠨ ᠲᠦᠮᠡᠨ᠎ᠳᠤ ᠪᠣᠳᠠᠲᠤ ᠶᠠᠪᠤᠳᠠᠯ ᠬᠢᠵᠦ᠂ ᠥᠷᠭᠡᠨ ᠭᠠᠴᠠᠭ᠎ᠠ ᠵᠢ ᠬᠠᠪᠰᠤᠷᠤᠨ ᠬᠠᠮᠲᠤ ᠵᠢᠨ ᠠᠵᠤ ᠠᠬᠤᠶ ᠵᠢᠨ ᠬᠥᠭᠵᠢᠯᠲᠡ ᠵᠢ ᠲᠥᠯᠥᠪᠵᠢᠭᠦᠯᠵᠦ᠂ ᠬᠥᠳᠡᠭᠡ ᠲᠣᠰᠬᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠤᠭ᠋ᠠᠳ ᠢᠳᠡᠪᠬᠢᠲᠡᠶ ᠦᠷ᠎ᠡ ᠪᠦᠲᠦᠮᠵᠢ ᠤᠯᠪᠠ᠃ ᠨᠢᠭᠡ᠎ᠳᠤ 《ᠨᠢᠭᠡ ᠴᠣᠭᠴᠠᠵᠢᠭᠤᠯᠬᠤ ᠢᠨᠵᠧᠨᠧᠷᠢᠩ》᠎ᠤᠨ ᠲᠥᠷᠥᠯ ᠵᠦᠢ᠍ᠯ᠎ᠢ ᠬᠡᠷᠡᠭᠵᠢᠬᠦᠯᠪᠡ᠃ ᠡᠯᠡᠰᠦ ᠮᠠᠩᠬ᠎ᠠ ᠵᠢ ᠰᠡᠷᠭᠡᠶ᠋ᠢᠯᠡᠨ ᠵᠠᠰᠠᠬᠤ ᠪᠠ ᠰᠠᠯᠬᠢᠨ ᠴᠠᠬᠢᠯᠭ᠋ᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ ᠤᠨ ᠲᠥᠷᠥᠯ ᠵᠦᠢ᠍ᠯ᠎ᠢ ᠥᠷᠭᠡᠨ ᠭᠠᠴᠠᠭ᠋ᠠᠨ᠎ᠳᠤ ᠨᠠᠶ᠋ᠢᠳᠠᠪᠤᠷᠢᠵᠢᠭᠤᠯᠬᠤ ᠵᠢ ᠠᠬᠢᠭᠤᠯᠵᠤ᠂ 7 ᠲᠦᠮᠡᠨ ᠮᠤ᠌ ᠲᠠᠯᠠᠪᠠᠢ᠎ᠳᠤ ᠪᠦᠷᠬᠦᠬᠦᠯᠪᠡ᠃ ᠢᠨᠵᠧᠨᠧᠷᠢᠩ᠎ᠤᠨ ᠲᠥᠷᠥᠯ ᠵᠦᠢ᠍ᠯ᠎ᠢ ᠬᠡᠷᠡᠭᠵᠢᠭᠦᠯᠬᠦ ᠳᠤᠮᠳᠠ᠂ ᠮᠠᠯᠴᠢᠨ ᠲᠠᠷᠢᠶᠠᠴᠢᠨ 6200 ᠬᠥᠮᠦᠨ ᠤᠳᠠᠭ᠎ᠠ ᠵᠢ ᠠᠵᠢᠯᠯᠠᠭᠤᠯᠤᠨ ᠲᠡᠳᠬᠦᠵᠦ᠂ 1000 ᠲᠦᠮᠡᠨ ᠲᠥᠭᠥᠷᠢᠭ᠎ᠤᠨ ᠬᠥᠳᠡᠯᠮᠦᠷᠢ ᠵᠢᠨ ᠰᠦᠢ᠍ᠳᠬᠡᠯ ᠲᠠᠷᠬᠠᠭ᠋ᠠᠵᠤ᠂ 630 ᠲᠦᠮᠡᠨ ᠲᠥᠭᠥᠷᠢᠭ᠎ᠤᠨ ᠭᠠᠵᠠᠷ ᠲᠠᠲᠠᠪᠤᠷᠢᠯᠠᠭᠰᠠᠨ ᠮᠥᠩᠭᠥ ᠵᠢ ᠨᠠᠶ᠋ᠢᠳᠠᠪᠤᠷᠢᠵᠢᠭᠤᠯᠤᠨ᠂ ᠭᠠᠴᠠᠭ᠋ᠠᠨ᠎ᠤ ᠬᠠᠮᠲᠤ ᠵᠢᠨ ᠠᠵᠤ ᠠᠬᠤᠶ 6 ᠵᠢᠯ᠎ᠳᠤ 140 ᠲᠦᠮᠡᠨ ᠲᠥᠭᠥᠷᠢᠭ᠎ᠤᠨ ᠣᠷᠣᠯᠭ᠎ᠠ ᠨᠡᠮᠡᠭᠳᠡᠪᠡ᠃ ᠬᠣᠶᠠᠷ᠎ᠲᠤ᠂ ᠨᠤᠲᠤᠭ ᠪᠡᠯᠴᠢᠭᠡᠷ᠎ᠢ ᠰᠠᠶ᠋ᠢᠵᠢᠷᠠᠭᠤᠯᠬᠤ ᠲᠥᠷᠥᠯ ᠵᠦᠢ᠍ᠯ᠎ᠢ ᠬᠡᠷᠡᠭᠵᠢᠬᠦᠯᠪᠡ᠃ ᠥᠷᠭᠡᠨ ᠭᠠᠴᠠᠭ᠋ᠠᠨ᠎ᠳᠤ 3 ᠲᠦᠮᠡᠨ ᠮᠤ᠌ ᠬᠠᠳᠤᠯᠠᠩ ᠪᠡᠯᠴᠢᠭᠡᠷ᠎ᠢ ᠰᠠᠶ᠋ᠢᠵᠢᠷᠠᠭᠤᠯᠬᠤ ᠭᠦᠢ᠍ᠴᠡᠳᠬᠡᠯ ᠲᠣᠭ᠎ᠠ ᠪᠠᠭᠤᠯᠭ᠋ᠠᠵᠤ᠂ 1200 ᠲᠦᠮᠡᠨ ᠲᠥᠭᠥᠷᠢᠭ᠎ᠤᠨ ᠪᠡᠯᠡ ᠣᠷᠣᠭᠤᠯᠤᠨ᠂ 《ᠲᠥᠷᠥᠯ ᠵᠦᠢ᠍ᠯ + ᠲᠠᠷᠢᠶᠠᠴᠢᠨ ᠡᠷᠦᠬᠡ + ᠬᠠᠮᠲᠤ ᠵᠢᠨ ᠠᠵᠤ ᠠᠬᠤᠢ》 ᠵᠢᠨ ᠬᠡᠯᠪᠡᠷᠢ ᠵᠢᠨ ᠠᠷᠭ᠎ᠠ ᠬᠡᠮᠵᠢᠶ᠎ᠡ ᠠᠪᠴᠤ᠂ ᠮᠠᠯᠵᠢᠬᠤ ᠲᠠᠷᠢᠶᠠᠯᠠᠬᠤ ᠡᠷᠦᠬᠡ᠎ᠳᠤ ᠮᠦ᠍ ᠪᠦᠷᠢ᠎ᠳᠤ 10 ᠲᠥᠭᠥᠷᠢᠭ᠎ᠤᠨ ᠨᠥᠬᠥᠪᠥᠷᠢ ᠮᠥᠩᠭᠥ ᠣᠯᠭᠣᠨ᠂ 3 ᠵᠢᠯ ᠳᠠᠷᠠᠭ᠋ᠠᠯᠠᠨ ᠨᠥᠬᠥᠪᠥᠷᠢ ᠣᠯᠭᠣᠵᠤ᠂ ᠲᠣᠰᠬᠣᠨ᠎ᠤ ᠬᠠᠮᠲᠤ ᠵᠢᠨ ᠠᠵᠤ ᠠᠬᠤᠢ ᠵᠢᠨ ᠣᠷᠣᠯᠭ᠎ᠠ ᠵᠢ 15 ᠲᠦᠮᠡᠨ ᠲᠥᠭᠥᠷᠢᠭ ᠨᠡᠮᠡᠭᠳᠡᠭᠦᠯᠦᠨ᠂ 45 ᠲᠦᠮᠡᠨ ᠲᠥᠭᠥᠷᠢᠭ᠎ᠤᠨ ᠣᠷᠣᠯᠭ᠎ᠠ ᠡᠭᠦᠳᠪᠡ᠃ ᠭᠤᠷᠪᠠ᠎ᠳᠤ᠂ ᠬᠡᠷᠡᠭᠯᠡᠭᠡ᠎ᠪᠠᠷ ᠬᠠᠪᠰᠤᠷᠤᠨ ᠲᠡᠳᠬᠦᠵᠦ ᠣᠷᠣᠯᠭ᠎ᠠ ᠵᠢ ᠨᠡᠮᠡᠭᠳᠡᠭᠦᠯᠪᠡ᠃ ᠲᠣᠪᠴᠢᠶ᠎ᠠ ᠵᠢᠨ ᠪᠠᠶ᠋ᠢᠭᠤᠯᠭ᠎ᠠ ᠪᠠ ᠰᠢᠭᠤᠳ ᠬᠠᠷᠢᠶ᠎ᠠ ᠨᠢᠭᠡᠴᠢ ᠬᠣᠶᠠᠷ ᠤᠳᠠᠭ᠎ᠠ ᠬᠡᠷᠡᠭᠯᠡᠭᠡ᠎ᠪᠠᠷ ᠬᠠᠪᠰᠤᠷᠤᠨ ᠲᠡᠳᠬᠦᠬᠦ ᠠᠵᠢᠯᠯᠠᠭ᠎ᠠ ᠵᠢ ᠵᠣᠬᠢᠶᠠᠨ ᠪᠠᠶ᠋ᠢᠭᠤᠯᠵᠤ᠂ 3750 ᠭᠠᠷᠤᠶ ᠵᠢᠩ ᠦᠬᠡᠷ ᠬᠣᠨᠢᠨ ᠮᠢᠬ᠎ᠠ ᠬᠤᠳᠠᠯᠳᠤᠨ ᠠᠪᠴᠤ᠂ 18 ᠲᠦᠮᠡ ᠭᠠᠷᠤᠶ ᠲᠥᠭᠥᠷᠢᠭ᠎ᠤᠨ ᠣᠷᠣᠯᠭ᠎ᠠ ᠣᠯᠵᠤ᠂ ᠮᠠᠯ᠎ᠤᠨ ᠠᠰᠢᠭ ᠰᠢᠮ᠎ᠡ ᠵᠢᠨ ᠪᠣᠷᠣᠯᠠᠭᠤᠯᠭ᠎ᠠ ᠮᠠᠭᠤᠳᠠᠭᠰᠠᠨ ᠮᠠᠯᠵᠢᠬᠤ ᠲᠠᠷᠢᠶᠠᠯᠠᠬᠤ ᠡᠷᠦᠬᠡ᠎ᠳᠤ ᠬᠠᠪᠰᠤᠷᠤᠯᠭ᠎ᠠ ᠬᠠᠩᠭ᠋ᠠᠵᠤ᠂ ᠣᠷᠣᠯᠭ᠎ᠠ ᠵᠢᠨ ᠪᠠᠭᠤᠷᠠᠬᠤ ᠬᠠᠨᠳᠤᠰᠢ ᠵᠢ ᠨᠠᠮᠳᠠᠭᠤᠯᠪᠠ᠃