ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
ᠸᠠᠩ ᠰᠢᠶᠤᠤ ᠫᠢᠩ ᠣᠶ ᠰᠢᠭᠤᠶ ᠡᠪᠡᠰᠦ ᠪᠡᠯᠴᠢᠭᠡᠷ᠎ᠤᠨ ᠠᠮᠢ ᠠᠬᠤᠶ ᠵᠢᠨ ᠪᠥᠲᠥᠭᠡᠨ ᠪᠠᠶ᠋ᠢᠭᠤᠯᠤᠯᠲᠠ ᠵᠢᠨ ᠠᠵᠢᠯ᠎ᠢ ᠪᠠᠶ᠋ᠢᠴᠠᠭ᠋ᠠᠨ ᠰᠤᠳᠤᠯᠪᠠ
ᠨᠡᠶ᠋ᠢᠲᠡᠯᠡᠭᠰᠡᠨ ᠴᠠᠭ᠄ 2025-02-20

 
    
   2 ᠰᠠᠷ᠎ᠠ ᠵᠢᠨ 16᠎ᠤ ᠡᠳᠦᠷ᠂ ᠬᠤᠰᠢᠭᠤᠨ᠎ᠤ ᠨᠠᠮ᠎ᠤᠨ ᠬᠤᠷᠢᠶᠠᠨ᠎ᠤ ᠱᠦᠵᠢ ᠸᠠᠩ ᠰᠢᠶᠤᠤ ᠫᠢᠩ ᠣᠶ ᠰᠢᠭᠤᠶ ᠡᠪᠡᠰᠦ ᠪᠡᠯᠴᠢᠭᠡᠷ᠎ᠤᠨ ᠠᠮᠢ ᠠᠬᠤᠶ ᠵᠢᠨ ᠪᠥᠲᠥᠭᠡᠨ ᠪᠠᠶ᠋ᠢᠭᠤᠯᠤᠯᠲᠠ ᠵᠢᠨ ᠠᠵᠢᠯ᠎ᠳᠤ ᠪᠠᠶ᠋ᠢᠴᠠᠭ᠋ᠠᠨ ᠰᠤᠳᠤᠯᠤᠯᠲᠠ ᠬᠢᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠲᠤᠯᠭ᠋ᠠᠭᠤᠷᠢᠯᠠᠯ ᠪᠣᠯᠭ᠋ᠠᠨ᠂ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ᠎ᠪᠠᠷ ᠭᠠᠷᠳᠠᠴᠠ ᠪᠣᠯᠭ᠋ᠠᠵᠤ᠂ ᠵᠣᠬᠢᠴᠠᠭᠤᠯᠤᠨ ᠬᠠᠮᠵᠢᠯᠴᠠᠬᠤ᠎ᠪᠠᠨ ᠴᠢᠩᠭ᠋ᠠᠳᠬᠠᠨ᠂ ᠠᠵᠢᠯ᠎ᠤᠨ ᠨᠡᠶ᠋ᠢᠯᠡᠮᠡᠯ ᠬᠦᠴᠦᠨ᠎ᠢ ᠨᠢᠭᠲᠠᠷᠠᠭᠤᠯᠵᠤ᠂ ᠪᠥᠬᠦ ᠬᠤᠰᠢᠭᠤᠨ᠎ᠤ ᠣᠶ ᠰᠢᠭᠤᠶ ᠡᠪᠡᠰᠦ ᠪᠡᠯᠴᠢᠭᠡᠷ᠎ᠤᠨ ᠠᠮᠢ ᠠᠬᠤᠶ ᠵᠢᠨ ᠪᠥᠲᠥᠭᠡᠨ ᠪᠠᠶ᠋ᠢᠭᠤᠯᠤᠯᠲᠠ ᠵᠢᠨ ᠰᠢᠨ᠎ᠡ ᠦᠷ᠎ᠡ ᠪᠦᠲᠦᠮᠵᠢ ᠤᠯᠬᠤ ᠵᠢ ᠪᠥᠬᠦ ᠬᠦᠴᠦᠨ ᠵᠶ᠋ᠠᠷ ᠵᠶ᠋ᠠᠨ ᠠᠬᠢᠭᠤᠯᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠲᠤ ᠴᠣᠭᠴᠠᠯᠠᠬᠤ᠎ᠳᠤ ᠳᠠᠯᠠᠳ᠎ᠤᠨ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠶ ᠭᠡᠵᠦ ᠴᠢᠬᠤᠯᠠᠴᠢᠯᠠᠪᠠ᠃ ᠥᠪᠥᠷ ᠮᠣᠩᠭᠤᠯ᠎ᠤᠨ ᠤᠢ ᠰᠢᠭᠤᠢ ᠵᠢᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠳᠠᠯᠠᠳ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠰᠠᠭᠤᠷᠢᠨ ᠭᠠᠵᠠᠷ ᠪᠣᠯᠤᠨ ᠾᠧᠢ ᠯᠠᠢ ᠭ᠋ᠸᠤ ᠵᠢ ᠶᠡᠷᠦᠩᠬᠡᠶ᠋ᠢᠯᠡᠨ ᠵᠠᠰᠠᠬᠤ ᠲᠦᠷᠦᠯ ᠵᠦᠢ᠍ᠯ᠎ᠤᠨ ᠲᠣᠭᠤᠷᠢᠭ᠎ᠲᠤ᠂ ᠸᠠᠩ ᠰᠢᠶᠤᠤ ᠫᠢᠩ ᠲᠠᠨᠢᠯᠴᠠᠭᠤᠯᠭ᠎ᠠ ᠵᠢ ᠰᠣᠨᠣᠰᠬᠤ᠂ ᠲᠤᠬᠠᠢ ᠵᠢᠨ ᠭᠠᠵᠠᠷ᠎ᠲᠤᠨᠢ ᠪᠠᠶ᠋ᠢᠴᠠᠭ᠋ᠠᠨ ᠦᠵᠡᠬᠦ ᠵᠡᠷᠭᠡ ᠠᠷᠭ᠎ᠠ ᠬᠡᠯᠪᠡᠷᠢ᠎ᠪᠠᠷ ᠬᠠᠳᠤᠨ ᠭᠤᠣᠯ᠎ᠤᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠂ 〈ᠦᠷ᠎ᠡ〉 ᠡᠬᠢ ᠪᠠᠶᠠᠯᠢᠭ᠎ᠤᠨ ᠬᠥᠮᠥᠷᠭᠡ ᠵᠢᠨ ᠪᠦᠳᠦᠭᠡᠨ ᠪᠠᠶ᠋ᠢᠭᠤᠯᠤᠯᠲᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠵᠢᠱ᠌ᠢᠶ᠎ᠡ ᠦᠵᠡᠭᠦᠯᠵᠦ ᠬᠦᠳᠦᠯᠦᠨ ᠳᠠᠭ᠋ᠠᠭᠤᠯᠬᠤ ᠵᠡᠷᠭᠡ ᠭᠤᠣᠯᠳᠠᠯᠭ᠎ᠠ᠎ᠲᠠᠢ ᠠᠵᠢᠯ᠎ᠢ ᠲᠥᠯᠥᠪᠵᠢᠭᠦᠯᠦᠨ ᠠᠬᠢᠭᠤᠯᠤᠭᠰᠠᠨ ᠪᠠᠶ᠋ᠢᠳᠠᠯ᠎ᠢ ᠨᠠᠷᠢᠨ ᠣᠶ᠋ᠢᠯᠠᠭ᠋ᠠᠵᠤ᠂ ᠣᠷᠣᠰᠢᠵᠤ ᠪᠠᠶ᠋ᠢᠭ᠎ᠠ ᠪᠣᠳᠠᠲᠠᠢ ᠬᠦᠴᠢᠷᠳᠡᠯ ᠪᠣᠯᠤᠨ ᠠᠰᠠᠭᠤᠳᠠᠯ᠎ᠢ ᠲᠤᠬᠠᠢ ᠵᠢᠨ ᠲᠠᠯᠠᠪᠠᠢ᠎ᠳᠤ ᠰᠤᠳᠤᠯᠤᠨ ᠰᠢᠢ᠍ᠳᠪᠦᠷᠢᠯᠡᠪᠡ᠃

    ᠸᠠᠩ ᠰᠢᠶᠤᠤ ᠫᠢᠩ᠂ ᠬᠠᠳᠤᠨ ᠭᠤᠣᠯ᠎ᠤᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠳᠤ ᠰᠢᠨ᠎ᠡ ᠵᠢᠳᠬᠦᠯ ᠴᠢᠷᠮᠠᠶ᠋ᠢᠯᠭ᠎ᠠ ᠭᠠᠷᠭ᠋ᠠᠵᠤ᠂ ᠡᠯᠡᠰᠦ ᠵᠢ ᠲᠣᠭᠲᠠᠪᠤᠷᠢᠵᠢᠭᠤᠯᠤᠨ ᠲᠣᠭᠤᠰᠣ ᠵᠢ ᠬᠤᠷᠢᠭᠯᠠᠬᠤ᠂ ᠡᠯᠡᠰᠦ ᠵᠢ ᠬᠠᠰᠢᠵᠤ ᠬᠠᠲᠤᠨ ᠭᠤᠣᠯ᠎ᠳᠤ ᠣᠷᠣᠭᠤᠯᠬᠤ᠂ ᠤᠯᠤᠰ᠎ᠤᠨ ᠨᠤᠲᠤᠭ ᠳᠡᠪᠢᠰᠬᠡᠷ᠎ᠢ ᠨᠣᠭᠤᠭ᠋ᠠᠷᠠᠭᠤᠯᠬᠤ ᠵᠡᠷᠭᠡ ᠬᠦᠨᠳᠦ ᠡᠭᠦᠷᠭᠡ ᠵᠢ ᠤᠬᠠᠮᠰᠠᠷ᠎ᠠᠴᠠ᠎ᠪᠠᠨ ᠡᠭᠦᠷᠭᠡᠯᠡᠵᠦ᠂ ᠨᠡᠩ ᠥᠨᠳᠥᠷ ᠤᠯᠤᠰ ᠲᠦᠷᠦ ᠵᠢᠨ ᠵᠣᠭᠰᠣᠴᠠ ᠪᠣᠯᠤᠨ ᠡᠭᠦᠷᠭᠡᠲᠦ ᠪᠤᠳᠤᠯ᠂ ᠬᠠᠷᠢᠭᠤᠴᠠᠯᠭ᠋ᠠᠲᠤ ᠰᠡᠳᠬᠢᠯᠭᠡ᠎ᠪᠠᠷ ᠠᠭᠤᠯᠠ ᠤᠰᠤ᠂ ᠤᠢ ᠰᠢᠭᠤᠢ᠂ ᠲᠠᠷᠢᠶᠠᠨ ᠭᠠᠵᠠᠷ᠂ ᠨᠠᠭᠤᠷ ᠡᠪᠡᠰᠦ ᠡᠯᠡᠰᠦ ᠵᠢ ᠰᠢᠰᠲ᠋ᠧᠮ᠎ᠲᠠᠢ ᠵᠠᠰᠠᠬᠤ ᠵᠢ ᠨᠢᠭᠡᠳᠦᠯᠲᠡᠢ ᠲᠥᠯᠥᠪᠵᠢᠭᠦᠯᠵᠦ᠂ 《ᠭᠤᠷᠪᠠᠨ ᠤᠮᠠᠷᠠᠲᠤ》 ᠵᠢᠨ ᠢᠨᠵᠧᠨᠧᠷᠢᠩ᠎ᠤᠨ ᠵᠢᠷᠭᠤᠳᠤᠭ᠋ᠠᠷ ᠬᠤᠭᠤᠴᠠᠭ᠎ᠠ᠂ ᠬᠠᠳᠤᠨ ᠭᠤᠣᠯ ᠳᠠᠭ᠋ᠠᠤ ᠵᠢᠨ ᠠᠮᠢ ᠠᠬᠤᠢ ᠵᠢᠨ ᠬᠤᠩᠬᠢᠯ᠎ᠤᠨ ᠪᠦᠳᠦᠭᠡᠨ ᠪᠠᠶ᠋ᠢᠭᠤᠯᠤᠯᠲᠠ᠂ ᠬᠥᠪᠴᠢ ᠵᠢᠨ ᠡᠯᠡᠰᠦ ᠵᠢ ᠶᠡᠷᠦᠩᠬᠡᠶ᠋ᠢᠯᠡᠨ ᠰᠡᠷᠭᠡᠶ᠋ᠢᠯᠡᠨ ᠵᠠᠰᠠᠬᠤ ᠵᠡᠷᠭᠡ ᠴᠢᠬᠤᠯᠠ ᠶᠡᠭᠡ ᠠᠮᠢ ᠠᠬᠤᠢ ᠵᠢᠨ ᠪᠦᠳᠦᠭᠡᠨ ᠪᠠᠶ᠋ᠢᠭᠤᠯᠤᠯᠲᠠ ᠵᠢᠨ ᠲᠦᠷᠦᠯ ᠵᠦᠢ᠍ᠯ᠎ᠢ ᠨᠠᠷᠢᠨ ᠬᠢᠨᠠᠮᠠᠭ᠋ᠠᠢ ᠲᠥᠯᠥᠪᠵᠢᠭᠦᠯᠦᠨ ᠠᠬᠢᠭᠤᠯᠵᠤ᠂ 《ᠬᠤᠶᠠᠷ ᠠᠭᠤᠯᠠ》 ᠵᠢᠨ ᠤᠨᠤᠯ᠎ᠤᠨ ᠦᠢ᠍ᠯᠡᠳᠦᠯᠭᠡ ᠵᠢᠨ ᠰᠢᠨ᠎ᠡ ᠵᠢ ᠡᠭᠦᠳᠬᠦ ᠰᠠᠭᠤᠷᠢᠨ᠎ᠤ ᠪᠦᠳᠦᠭᠡᠨ ᠪᠠᠶ᠋ᠢᠭᠤᠯᠤᠯᠲᠠ ᠵᠢ ᠪᠦᠬᠦ ᠲᠠᠯ᠎ᠠ᠎ᠪᠠᠷ ᠠᠬᠢᠭᠤᠯᠬᠤ ᠬᠡᠷᠡᠭᠲᠡᠢ᠃ 〈ᠦᠷ᠎ᠡ〉 ᠡᠬᠢ ᠪᠠᠶᠠᠯᠢᠭ᠎ᠤᠨ ᠬᠥᠮᠥᠷᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠠᠯ᠎ᠠ᠎ᠪᠠᠷ ᠰᠢᠨ᠎ᠡ ᠠᠯᠬᠤᠮ᠎ᠢ ᠠᠯᠬᠤᠵᠤ᠂ 〈ᠦᠷ᠎ᠡ〉᠎ᠤᠨ ᠡᠬᠢ ᠪᠠᠶᠠᠯᠢᠭ᠎ᠤᠨ ᠬᠥᠮᠥᠷᠭᠡ ᠵᠢᠨ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠲᠤᠰ ᠭᠠᠵᠠᠷ᠎ᠤᠨ ᠣᠨᠴᠠᠯᠢᠭ ᠪᠦᠬᠦᠢ ᠤᠷᠭᠤᠮᠠᠯ 〈ᠦᠷ᠎ᠡ〉᠎ᠤᠨ ᠡᠬᠢ ᠪᠠᠶᠠᠯᠢᠭ᠎ᠢ ᠴᠤᠭᠯᠠᠭᠤᠯᠬᠤ᠂ ᠬᠠᠳᠠᠭ᠋ᠠᠯᠠᠬᠤ ᠪᠠ ᠰᠤᠳᠤᠯᠬᠤ ᠵᠢ ᠴᠢᠩᠭ᠋ᠠᠳᠬᠠᠵᠤ᠂ ᠡᠩᠬᠡᠪᠡᠢ ᠠᠮᠢ ᠠᠬᠤᠶ ᠵᠢᠨ ᠵᠢᠱ᠌ᠢᠶ᠎ᠡ ᠦᠵᠡᠭᠦᠯᠬᠦ ᠣᠷᠣᠨ᠎ᠢ ᠣᠶ ᠰᠢᠭᠤᠶ ᠵᠢᠨ ᠰᠢᠨᠵᠢᠯᠡᠬᠦ ᠤᠬᠠᠭ᠋ᠠᠨ᠎ᠤ ᠬᠦᠷᠢᠶᠡᠯᠡᠩ ᠵᠡᠷᠭᠡ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠶ᠋ᠢᠭᠤᠯᠤᠮᠵᠢ᠎ᠯᠤᠭ᠎ᠠ ᠭᠦᠨᠵᠡᠭᠡᠶ ᠬᠠᠮᠲᠤᠷᠠᠯᠴᠠᠬᠤ ᠵᠢ ᠢᠳᠡᠪᠬᠢᠲᠡᠶ ᠥᠷᠨᠢᠭᠦᠯᠵᠦ᠂ 〈ᠦᠷ᠎ᠡ〉 ᠡᠬᠢ ᠪᠠᠶᠠᠯᠢᠭ᠎ᠢ ᠰᠢᠨ᠎ᠡ ᠵᠢ ᠡᠭᠦᠳᠦᠨ ᠠᠰᠢᠭᠯᠠᠬᠤ ᠰᠤᠳᠤᠯᠭ᠋ᠠᠨ᠎ᠢ ᠢᠳᠡᠪᠬᠢᠲᠡᠶ ᠥᠷᠨᠢᠭᠦᠯᠵᠦ᠂ ᠬᠤᠵᠢᠷ᠎ᠲᠤ ᠲᠡᠰᠪᠦᠷᠢᠲᠡᠶ᠂ ᠰᠠᠯᠬᠢ ᠡᠯᠡᠰᠦ ᠵᠢ ᠡᠰᠡᠷᠭᠦᠴᠡᠬᠦ ᠣᠶ ᠰᠢᠭᠤᠶ ᠡᠪᠡᠰᠦ ᠪᠡᠯᠴᠢᠭᠡᠷ᠎ᠤᠨ 〈ᠦᠷ᠎ᠡ〉 ᠡᠬᠢ ᠪᠠᠶᠠᠯᠢᠭ᠎ᠢ ᠶᠡᠬᠡᠪᠡᠷ ᠪᠤᠶ᠋ᠢᠵᠢᠭᠤᠯᠤᠨ ᠳᠡᠯᠭᠡᠷᠡᠭᠦᠯᠵᠦ᠂ ᠡᠯᠡᠰᠦᠷᠬᠡᠭ ᠭᠠᠵᠠᠷ᠎ᠤᠨ ᠠᠮᠢ ᠠᠬᠤᠶ ᠵᠢ ᠰᠡᠷᠭᠦᠭᠡᠬᠦ ᠪᠠ ᠠᠮᠢ ᠠᠬᠤᠶ ᠵᠢᠨ ᠲᠠᠷᠢᠶᠠᠯᠠᠩ᠎ᠤᠨ ᠬᠥᠭᠵᠢᠯᠲᠡ᠎ᠳᠤ ᠪᠠᠲᠤ ᠪᠠᠬᠢ ᠳᠦᠷᠰᠦ ᠵᠢᠨ ᠰᠠᠭᠤᠷᠢ ᠪᠠ ᠭᠧᠨ᠎ᠤ ᠪᠠᠲᠤᠯᠠᠭ᠎ᠠ ᠬᠠᠩᠭ᠋ᠠᠬᠤ ᠬᠡᠷᠡᠭᠲᠡᠶ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠵᠢᠱ᠌ᠢᠶ᠎ᠡ ᠦᠵᠡᠭᠦᠯᠦᠨ ᠬᠥᠲᠥᠯᠥᠨ ᠳᠠᠭ᠋ᠠᠭᠤᠯᠬᠤ ᠲᠠᠯ᠎ᠠ᠎ᠪᠠᠷ ᠰᠢᠨ᠎ᠡ ᠰᠢᠪᠲᠤᠯᠤᠯᠲᠠ ᠭᠠᠷᠭ᠋ᠠᠵᠤ᠂ ᠬᠦᠪᠴᠢ ᠵᠢᠨ ᠡᠯᠡᠰᠦᠨ᠎ᠤ ᠰᠢᠨ᠎ᠡ ᠡᠨᠧᠷᠭᠢ ᠵᠢᠨ ᠠᠮᠢ ᠠᠬᠤᠶ ᠵᠢᠨ ᠵᠠᠰᠠᠯᠲᠠ ᠵᠢᠨ ᠢᠨᠵᠧᠨᠧᠷᠢᠩ᠎ᠤᠨ ᠮᠡᠷᠭᠡᠵᠢᠯ᠎ᠤᠨ ᠲᠥᠪ᠂ ᠡᠩᠬᠡᠪᠡᠢ ᠵᠢᠨ ᠡᠯᠡᠰᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ ᠵᠡᠷᠭᠡ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠷᠥᠯ ᠵᠦᠢ᠍ᠯ᠎ᠢ ᠲᠦᠷᠭᠡᠳᠬᠡᠨ ᠠᠬᠢᠭᠤᠯᠵᠤ᠂ ᠨᠠᠩ ᠣᠯᠠᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠤᠨ ᠬᠡᠷᠡᠭᠯᠡᠬᠦ ᠵᠢ ᠠᠬᠢᠭᠤᠯᠵᠤ᠂ ᠰᠢᠨᠵᠢᠯᠡᠬᠦ ᠤᠬᠠᠭ᠋ᠠᠨ ᠮᠡᠷᠭᠡᠵᠢᠯ ᠵᠶ᠋ᠠᠷ ᠪᠥᠬᠦ ᠬᠤᠰᠢᠭᠤᠨ᠎ᠤ ᠠᠮᠢ ᠠᠬᠤᠶ ᠵᠢᠨ ᠵᠠᠰᠠᠯᠲᠠ ᠪᠠ ᠠᠮᠢ ᠠᠬᠤᠶ ᠵᠢᠨ ᠠᠵᠤ ᠦᠢ᠍ᠯᠡᠰ᠎ᠤᠨ ᠬᠥᠭᠵᠢᠯᠲᠡ ᠵᠢ ᠠᠬᠢᠭᠤᠯᠵᠤ᠂ ᠠᠮᠢ ᠠᠬᠤᠶ ᠵᠢᠨ ᠵᠠᠰᠠᠯᠲᠠ ᠪᠠ ᠠᠵᠤ ᠠᠬᠤᠶ ᠵᠢᠨ ᠬᠥᠭᠵᠢᠯᠲᠡ ᠵᠢᠨ ᠰᠠᠶ᠋ᠢᠨ ᠦᠢ᠍ᠯᠡᠳᠦᠯᠴᠡᠯ᠎ᠢ ᠪᠡᠶᠡᠯᠡᠭᠦᠯᠬᠦ ᠬᠡᠷᠡᠭᠲᠡᠶ᠃ ᠦᠢ᠍ᠯᠡᠴᠢᠯᠡᠭᠡᠨ᠎ᠤ ᠪᠠᠲᠤᠯᠠᠭ᠎ᠠ ᠵᠢ ᠰᠢᠯᠢᠳᠡᠭᠵᠢᠭᠦᠯᠬᠦ ᠲᠠᠯ᠎ᠠ᠎ᠪᠠᠷ ᠰᠢᠨ᠎ᠡ ᠡᠭᠦᠷᠭᠡᠯᠡᠯ᠎ᠢ ᠢᠯᠡᠷᠡᠭᠦᠯᠵᠦ᠂ ᠬᠤᠰᠢᠭᠤᠨ᠎ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ᠎ᠤᠳ ᠵᠣᠬᠢᠴᠠᠭᠤᠯᠤᠨ ᠬᠠᠮᠵᠢᠯᠴᠠᠬᠤ᠎ᠪᠠᠨ ᠴᠢᠩᠭ᠋ᠠᠳᠬᠠᠵᠤ᠂ ᠡᠩ᠎ᠤᠨ ᠬᠦᠯᠢᠶᠡᠰᠦᠯᠡᠯ᠎ᠢ ᠡᠪᠳᠡᠵᠦ᠂ ᠲᠥᠷᠥ ᠵᠢᠨ ᠪᠣᠳᠣᠯᠭ᠎ᠠ ᠵᠢ ᠲᠡᠮᠡᠴᠡᠨ ᠤᠯᠬᠤ᠂ ᠲᠥᠷᠥᠯ ᠵᠦᠢ᠍ᠯ᠎ᠢ ᠣᠷᠣᠭᠤᠯᠤᠨ ᠠᠪᠴᠢᠷᠠᠬᠤ᠂ ᠬᠦᠴᠦᠨ ᠵᠦᠢ᠍ᠯ᠎ᠢ ᠰᠢᠢ᠍ᠳᠪᠦᠷᠢᠯᠡᠬᠦ᠂ ᠪᠠᠯᠠ ᠮᠥᠩᠭᠦ ᠵᠢᠨ ᠪᠠᠲᠤᠯᠠᠭ᠎ᠠ᠂ ᠮᠡᠷᠭᠡᠵᠢᠯ᠎ᠤᠨ ᠵᠢᠯᠣᠭᠤᠳᠣᠯᠭ᠎ᠠ ᠵᠡᠷᠭᠡ ᠭᠤᠤᠯᠳᠠᠯᠭ᠎ᠠ᠎ᠲᠠᠢ ᠠᠵᠢᠯ᠎ᠢ ᠨᠢᠭᠡᠳᠦᠯᠲᠡᠶ ᠲᠥᠯᠥᠪᠯᠡᠨ ᠰᠠᠶ᠋ᠢᠲᠤᠷ ᠬᠢᠵᠦ᠂ ᠪᠥᠬᠦ ᠬᠤᠰᠢᠭᠤᠨ᠎ᠤ ᠣᠶ ᠰᠢᠭᠤᠶ ᠡᠪᠡᠰᠦ ᠪᠡᠯᠴᠢᠭᠡᠷ᠎ᠤᠨ ᠠᠮᠢ ᠠᠬᠤᠶ ᠵᠢᠨ ᠪᠥᠲᠥᠭᠡᠨ ᠪᠠᠶ᠋ᠢᠭᠤᠯᠤᠯᠲᠠ ᠵᠢ ᠥᠨᠳᠥᠷ ᠪᠦᠲᠦᠮᠵᠢᠲᠡᠶ ᠡᠮᠬᠢ ᠵᠢᠷᠤᠮ᠎ᠲᠠᠢ ᠠᠬᠢᠭᠤᠯᠬᠤ᠎ᠳᠤ ᠬᠦᠴᠦᠲᠡᠶ ᠲᠤᠯᠭ᠋ᠠᠭᠤᠷᠢᠯᠠᠯ ᠬᠠᠩᠭ᠋ᠠᠬᠤ ᠬᠡᠷᠡᠭᠲᠡᠶ᠃ ᠰᠢᠤᠸᠠᠢ ᠬᠠᠢ ᠯᠢᠨ᠂ ᠠᠮᠤᠷᠪᠣᠯᠠᠭ
   

ᠢᠷᠡᠯᠲᠡ᠄ ᠳᠠᠯᠠᠳ ᠬᠤᠰᠢᠭᠤᠨ᠎ᠤ ᠠᠷᠠᠳ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠠᠪᠠᠭ᠎ᠠ ᠬᠤᠰᠢᠭᠤᠨ᠎ᠤ ᠣᠶ ᠰᠢᠭᠤᠶ ᠨᠤᠲᠤᠭ ᠪᠡᠯᠴᠢᠭᠡᠷ ᠪᠠ ᠤᠰᠤᠨ ᠠᠰᠢᠭᠯᠠᠯᠲᠠ ᠵᠢᠨ ᠲᠣᠪᠴᠢᠶ᠎ᠠ 2024 ᠣᠨ᠎ᠤ ᠬᠥᠷᠥᠰᠥ ᠰᠢᠷᠣᠶ ᠵᠢ ᠬᠠᠮᠠᠭ᠋ᠠᠯᠠᠬᠤ ᠠᠯᠤᠰ ᠡᠵᠡᠮᠰᠢᠯ᠎ᠤᠨ ᠬᠢᠨᠠᠯᠲᠠ ᠬᠠᠮᠢᠶᠠᠷᠤᠯᠲᠠ ᠵᠢᠨ ᠲᠤᠬᠠᠶ ᠵᠢᠨ ᠲᠠᠯᠠᠪᠠᠶ ᠵᠢᠨ ᠳᠠᠬᠢᠨ ᠬᠢᠨᠠᠬᠤ ᠠᠵᠢᠯ᠎ᠢ ᠢᠳᠡᠪᠬᠢᠲᠡᠶ ᠥᠷᠨᠢᠭᠦᠯᠪᠡ
ᠠᠯᠠᠱ᠌ᠠ ᠪᠠᠷᠠᠭᠤᠨ ᠬᠤᠰᠢᠭᠤ᠄ ᠰᠢᠵᠢᠷ ᠠᠯᠲᠠᠨ ᠡᠯᠡᠰᠦ ᠮᠠᠩᠬ᠎ᠠ ᠵᠢ ᠰᠣᠶᠣᠯ ᠵᠢᠭᠤᠯᠴᠢᠯᠠᠯ᠎ᠤᠨ ᠨᠡᠷᠡᠳᠦ ᠲᠡᠮᠳᠡᠭ ᠪᠤᠯᠭ᠋ᠠᠵᠤ ᠪᠠᠶ᠋ᠢᠨ᠎ᠠ
ᠮᠠᠨ᠎ᠤ ᠠᠶ᠋ᠢᠮᠠᠭ ᠨᠢᠰᠬᠡᠯ ᠵᠶ᠋ᠠᠷ ᠤᠢ ᠰᠢᠭᠤᠢ ᠵᠢᠨ ᠲᠦᠢ᠍ᠮᠡᠷ᠎ᠢ ᠤᠷᠢᠳᠴᠢᠯᠠᠨ ᠰᠡᠷᠬᠡᠶ᠋ᠢᠯᠡᠵᠦ ᠪᠠᠶ᠋ᠢᠨ᠎ᠠ
ᠠᠯᠠᠱ᠌ᠠ ᠪᠠᠷᠠᠭᠤᠨ ᠬᠤᠰᠢᠭᠤ᠄ ᠰᠢᠵᠢᠷ ᠠᠯᠲᠠᠨ ᠡᠯᠡᠰᠦ ᠮᠠᠩᠬ᠎ᠠ ᠵᠢ ᠰᠣᠶᠣᠯ ᠵᠢᠭᠤᠯᠴᠢᠯᠠᠯ᠎ᠤᠨ ᠨᠡᠷᠡᠳᠦ ᠲᠡᠮᠳᠡᠭ ᠪᠤᠯᠭ᠋ᠠᠵᠤ ᠪᠠᠶ᠋ᠢᠨ᠎ᠠ
ᠡᠵᠡᠨ ᠬᠣᠷᠣᠭ᠎ᠠ ᠬᠣᠰᠢᠭᠤᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ 2024 ᠣᠨ᠎ᠤ ᠨᠡᠢ᠌ᠲᠡ ᠵᠢᠨ ᠠᠰᠠᠷᠠᠮᠵᠢ ᠵᠢᠨ ᠣᠶ ᠵᠢ ᠬᠢᠨᠠᠨ ᠬᠡᠮᠵᠢᠬᠦ ᠠᠵᠢᠯ᠎ᠢ ᠪᠥᠬᠥ ᠲᠠᠯ᠎ᠠ᠎ᠪᠠᠷ ᠥᠷᠨᠢᠭᠦᠯᠪᠡ
 
             蒙ICP备05000248号