ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
ᠠᠪᠠᠭ᠎ᠠ ᠬᠤᠰᠢᠭᠤᠨ᠎ᠤ ᠣᠶ ᠰᠢᠭᠤᠶ ᠨᠤᠲᠤᠭ ᠪᠡᠯᠴᠢᠭᠡᠷ ᠪᠠ ᠤᠰᠤᠨ ᠠᠰᠢᠭᠯᠠᠯᠲᠠ ᠵᠢᠨ ᠲᠣᠪᠴᠢᠶ᠎ᠠ 2024 ᠣᠨ᠎ᠤ ᠬᠥᠷᠥᠰᠥ ᠰᠢᠷᠣᠶ ᠵᠢ ᠬᠠᠮᠠᠭ᠋ᠠᠯᠠᠬᠤ ᠠᠯᠤᠰ ᠡᠵᠡᠮᠰᠢᠯ᠎ᠤᠨ ᠬᠢᠨᠠᠯᠲᠠ ᠬᠠᠮᠢᠶᠠᠷᠤᠯᠲᠠ ᠵᠢᠨ ᠲᠤᠬᠠᠶ ᠵᠢᠨ ᠲᠠᠯᠠᠪᠠᠶ ᠵᠢᠨ ᠳᠠᠬᠢᠨ ᠬᠢᠨᠠᠬᠤ ᠠᠵᠢᠯ᠎ᠢ ᠢᠳᠡᠪᠬᠢᠲᠡᠶ ᠥᠷᠨᠢᠭᠦᠯᠪᠡ
ᠨᠡᠶ᠋ᠢᠲᠡᠯᠡᠭᠰᠡᠨ ᠴᠠᠭ᠄ 2025-02-28

 
    ᠣᠶ᠋ᠢᠷ᠎ᠠ᠎ᠳᠤ᠂ ᠠᠪᠠᠭ᠎ᠠ ᠬᠤᠰᠢᠭᠤᠨ᠎ᠤ ᠣᠶ ᠰᠢᠭᠤᠶ ᠨᠤᠲᠤᠭ ᠪᠡᠯᠴᠢᠭᠡᠷ ᠪᠠ ᠤᠰᠤᠨ ᠠᠰᠢᠭᠯᠠᠯᠲᠠ ᠵᠢᠨ ᠲᠣᠪᠴᠢᠶ᠎ᠠ ᠠᠵᠢᠯᠲᠠᠨ ᠵᠶ᠋ᠠᠨ ᠵᠣᠬᠢᠶᠠᠨ ᠪᠠᠶ᠋ᠢᠭᠤᠯᠵᠤ᠂ 2024 ᠣᠨ᠎ᠤ ᠨᠢᠭᠡᠳᠦᠭᠡᠷ ᠬᠤᠭᠤᠴᠠᠭ᠎ᠠ᠂ ᠬᠤᠶᠠᠳᠤᠭ᠋ᠠᠷ ᠬᠤᠭᠤᠴᠠᠭ᠋ᠠᠨ᠎ᠤ ᠬᠥᠷᠥᠰᠥ ᠰᠢᠷᠣᠶ ᠵᠢ ᠬᠠᠮᠠᠭ᠋ᠠᠯᠠᠬᠤ ᠠᠯᠤᠰ ᠡᠵᠡᠮᠰᠢᠯ᠎ᠤᠨ ᠬᠢᠨᠠᠯᠲᠠ ᠬᠠᠮᠢᠶᠠᠷᠤᠯᠲᠠ ᠵᠢᠨ ᠵᠢᠷᠤᠭ᠎ᠤᠨ ᠲᠣᠯᠪᠤ ᠵᠢ ᠳᠠᠬᠢᠨ ᠬᠢᠨᠠᠬᠤ ᠠᠵᠢᠯ᠎ᠢ ᠵᠣᠬᠢᠶᠠᠨ ᠪᠠᠶ᠋ᠢᠭᠤᠯᠪᠠ᠃ ᠲᠣᠰ ᠵᠢᠯ᠎ᠳᠤ᠂ ᠤᠰᠤᠨ ᠠᠰᠢᠭᠯᠠᠯᠲᠠ ᠵᠢᠨ ᠶᠠᠮᠤᠨ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠠᠪᠠᠭ᠎ᠠ ᠬᠤᠰᠢᠭᠤᠨ᠎ᠤ 17 ᠬᠥᠷᠥᠰᠥ ᠰᠢᠷᠣᠶ ᠵᠢ ᠬᠠᠮᠠᠭ᠋ᠠᠯᠠᠬᠤ ᠠᠯᠤᠰ ᠡᠵᠡᠮᠰᠢᠯ᠎ᠤᠨ ᠬᠢᠨᠠᠯᠲᠠ ᠬᠠᠮᠢᠶᠠᠷᠤᠯᠲᠠ ᠵᠢᠨ ᠵᠢᠷᠤᠭ᠎ᠢ ᠪᠠᠭᠤᠯᠭ᠋ᠠᠵᠤ᠂ ᠡᠭᠦᠨ᠎ᠳᠤ ᠨᠢᠭᠡᠳᠦᠭᠡᠷ ᠬᠤᠭᠤᠴᠠᠭ᠎ᠠ᠎ᠨᠢ 14᠂ ᠬᠤᠶᠠᠳᠤᠭ᠋ᠠᠷ ᠬᠤᠭᠤᠴᠠᠭ᠎ᠠ᠎ᠨᠢ 3 ᠪᠣᠶ᠃ ᠳᠠᠬᠢᠨ ᠬᠢᠨᠠᠬᠤ ᠶᠠᠪᠤᠴᠠ᠎ᠳᠤ᠂ ᠠᠵᠢᠯᠲᠠᠳ 《ᠠᠯᠤᠰ ᠡᠵᠡᠮᠰᠢᠯ᠎ᠤᠨ ᠬᠢᠨᠠᠨ ᠬᠠᠮᠢᠶᠠᠷᠬᠤ ᠰᠢᠰᠲ᠋ᠧᠮ》᠎ᠢ ᠭᠦᠢ᠍ᠴᠡᠳ ᠠᠰᠢᠭᠯᠠᠨ᠂ ᠵᠢᠷᠤᠭ᠎ᠤᠨ ᠲᠣᠯᠪᠤ ᠨᠢᠭᠡᠪᠦᠷᠢ᠎ᠳᠤ ᠲᠥᠷᠥᠯ ᠵᠦᠢ᠍ᠯ᠎ᠤᠨ ᠰᠠᠭᠤᠷᠢ ᠮᠡᠳᠡᠭᠡ ᠵᠠᠩᠭᠢ ᠵᠢ ᠣᠷᠣᠭᠤᠯᠬᠤ᠂ ᠲᠤᠬᠠᠶ ᠵᠢᠨ ᠲᠠᠯᠠᠪᠤᠷ᠎ᠤᠨ ᠬᠡᠷᠡᠯ ᠵᠢᠷᠤᠭ᠎ᠢ ᠰᠡᠭᠦᠳᠡᠷᠯᠡᠬᠦ᠂ ᠪᠢᠴᠢᠭ ᠮᠠᠲ᠋ᠧᠷᠢᠶᠠᠯ᠎ᠢ ᠳᠡᠭᠡᠭᠰᠢ ᠳᠠᠮᠵᠢᠭᠤᠯᠬᠤ ᠵᠡᠷᠭᠡ ᠭᠤᠭᠴᠤᠭ᠎ᠠ ᠵᠢ ᠪᠠᠭᠲᠠᠭ᠋ᠠᠵᠤ᠂ ᠳᠠᠬᠢᠨ ᠬᠢᠨᠠᠬᠤ ᠠᠵᠢᠯ᠎ᠤᠨ ᠣᠨᠣᠪᠴᠢᠲᠤ ᠴᠢᠨᠠᠷ ᠪᠠ ᠪᠦᠷᠢᠨ ᠪᠦᠲᠦᠨ ᠴᠢᠨᠠᠷ᠎ᠢ ᠦᠨᠡᠨ ᠬᠦ᠌ ᠪᠠᠲᠤᠯᠠᠪᠠ᠃ ᠡᠭᠦᠨ᠎ᠤ ᠬᠠᠮᠲᠤ᠂ ᠠᠵᠢᠯᠯᠠᠬᠤ ᠳᠤᠭᠤᠶ᠋ᠢᠯᠠᠩ ᠪᠠᠰᠠ ᠲᠥᠷᠥᠯ ᠵᠦᠢ᠍ᠯ᠎ᠤᠨ ᠬᠠᠷᠢᠭᠤᠴᠠᠯᠭ᠋ᠠᠲᠠᠨ᠎ᠲᠠᠢ ᠰᠠᠨᠠᠯ ᠵᠶ᠋ᠠᠨ ᠭᠦᠨᠵᠡᠭᠡᠶ ᠰᠣᠯᠢᠯᠴᠠᠵᠤ᠂ ᠬᠥᠷᠥᠰᠥ ᠰᠢᠷᠣᠶ ᠵᠢ ᠬᠠᠮᠠᠭ᠋ᠠᠯᠠᠬᠤ ᠠᠵᠢᠯ᠎ᠤᠨ ᠴᠢᠬᠤᠯᠠ ᠴᠢᠨᠠᠷ᠎ᠢ ᠴᠢᠬᠤᠯᠠᠴᠢᠯᠠᠨ᠂ ᠡᠯ᠎ᠡ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠬᠤ ᠶᠠᠪᠤᠴᠠ᠎ᠳᠤ᠂ ᠬᠥᠷᠥᠰᠥ ᠰᠢᠷᠣᠶ ᠵᠢ ᠬᠠᠮᠠᠭ᠋ᠠᠯᠠᠬᠤ ᠵᠢ ᠢᠮᠠᠭᠲᠠ ᠴᠢᠬᠤᠯᠠ ᠪᠠᠶ᠋ᠢᠷᠢᠨ᠎ᠳᠤ ᠲᠠᠯᠪᠢᠵᠤ᠂ ᠡᠯ᠎ᠡ ᠵᠦᠢ᠍ᠯ᠎ᠤᠨ ᠤᠰᠤᠨ᠎ᠤ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ ᠵᠢ ᠴᠢᠩᠭ᠎ᠠ ᠨᠠᠶ᠋ᠢᠳᠠᠪᠤᠷᠢᠵᠢᠭᠤᠯᠤᠨ᠂ ᠠᠮᠢ ᠠᠬᠤᠶ ᠵᠢᠨ ᠣᠷᠴᠢᠨ ᠲᠣᠭᠤᠷᠢᠨ᠎ᠢ ᠦᠨᠡᠨᠬᠦ ᠰᠠᠶ᠋ᠢᠲᠤᠷ ᠬᠠᠮᠠᠭ᠋ᠠᠯᠠᠬᠤ ᠬᠡᠷᠡᠭᠲᠡᠶ ᠭᠡᠵᠦ ᠱᠠᠭ᠋ᠠᠷᠳᠠᠪᠠ᠃
    

ᠢᠷᠡᠯᠲᠡ᠄ ᠠᠪᠠᠭ᠎ᠠ ᠬᠤᠰᠢᠭᠤᠨ᠎ᠤ ᠵᠠᠰᠠᠭ᠎ᠤᠨ ᠤᠷᠳᠤᠨ᠂ ᠬᠠᠮ ᠵᠠᠭᠤᠴᠢᠯᠠᠭᠤᠷ᠎ᠤᠨ ᠲᠥᠪ
          
ᠬᠠᠮᠢᠶ᠎ᠡ ᠪᠦᠬᠦᠢ ᠰᠣᠨᠢᠨ
ᠠᠯᠠᠱ᠌ᠠ ᠪᠠᠷᠠᠭᠤᠨ ᠬᠤᠰᠢᠭᠤ᠄ ᠰᠢᠵᠢᠷ ᠠᠯᠲᠠᠨ ᠡᠯᠡᠰᠦ ᠮᠠᠩᠬ᠎ᠠ ᠵᠢ ᠰᠣᠶᠣᠯ ᠵᠢᠭᠤᠯᠴᠢᠯᠠᠯ᠎ᠤᠨ ᠨᠡᠷᠡᠳᠦ ᠲᠡᠮᠳᠡᠭ ᠪᠤᠯᠭ᠋ᠠᠵᠤ ᠪᠠᠶ᠋ᠢᠨ᠎ᠠ
ᠮᠠᠨ᠎ᠤ ᠠᠶ᠋ᠢᠮᠠᠭ ᠨᠢᠰᠬᠡᠯ ᠵᠶ᠋ᠠᠷ ᠤᠢ ᠰᠢᠭᠤᠢ ᠵᠢᠨ ᠲᠦᠢ᠍ᠮᠡᠷ᠎ᠢ ᠤᠷᠢᠳᠴᠢᠯᠠᠨ ᠰᠡᠷᠬᠡᠶ᠋ᠢᠯᠡᠵᠦ ᠪᠠᠶ᠋ᠢᠨ᠎ᠠ
ᠠᠯᠠᠱ᠌ᠠ ᠪᠠᠷᠠᠭᠤᠨ ᠬᠤᠰᠢᠭᠤ᠄ ᠰᠢᠵᠢᠷ ᠠᠯᠲᠠᠨ ᠡᠯᠡᠰᠦ ᠮᠠᠩᠬ᠎ᠠ ᠵᠢ ᠰᠣᠶᠣᠯ ᠵᠢᠭᠤᠯᠴᠢᠯᠠᠯ᠎ᠤᠨ ᠨᠡᠷᠡᠳᠦ ᠲᠡᠮᠳᠡᠭ ᠪᠤᠯᠭ᠋ᠠᠵᠤ ᠪᠠᠶ᠋ᠢᠨ᠎ᠠ
ᠡᠵᠡᠨ ᠬᠣᠷᠣᠭ᠎ᠠ ᠬᠣᠰᠢᠭᠤᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ 2024 ᠣᠨ᠎ᠤ ᠨᠡᠢ᠌ᠲᠡ ᠵᠢᠨ ᠠᠰᠠᠷᠠᠮᠵᠢ ᠵᠢᠨ ᠣᠶ ᠵᠢ ᠬᠢᠨᠠᠨ ᠬᠡᠮᠵᠢᠬᠦ ᠠᠵᠢᠯ᠎ᠢ ᠪᠥᠬᠥ ᠲᠠᠯ᠎ᠠ᠎ᠪᠠᠷ ᠥᠷᠨᠢᠭᠦᠯᠪᠡ
ᠲᠣᠭᠲᠠᠬᠤ ᠰᠢᠶᠠᠨ ᠣᠶ ᠰᠢᠭᠤᠢ ᠡᠪᠡᠰᠦ ᠪᠡᠯᠴᠢᠭᠡᠷ᠎ᠤᠨ ᠡᠬᠢ ᠪᠠᠶᠠᠯᠢᠭ᠎ᠤᠨ ᠬᠠᠮᠠᠭ᠋ᠠᠯᠠᠯᠲᠠ ᠵᠢ ᠴᠢᠩᠭ᠋ᠠᠳᠬᠠᠵᠦ ᠪᠠᠶ᠋ᠢᠨ᠎ᠠ
 
             蒙ICP备05000248号