ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
ᠠᠯᠠᠱ᠌ᠠ ᠪᠠᠷᠠᠭᠤᠨ ᠬᠤᠰᠢᠭᠤ᠄ ᠰᠢᠵᠢᠷ ᠠᠯᠲᠠᠨ ᠡᠯᠡᠰᠦ ᠮᠠᠩᠬ᠎ᠠ ᠵᠢ ᠰᠣᠶᠣᠯ ᠵᠢᠭᠤᠯᠴᠢᠯᠠᠯ᠎ᠤᠨ ᠨᠡᠷᠡᠳᠦ ᠲᠡᠮᠳᠡᠭ ᠪᠤᠯᠭ᠋ᠠᠵᠤ ᠪᠠᠶ᠋ᠢᠨ᠎ᠠ
ᠨᠡᠶ᠋ᠢᠲᠡᠯᠡᠭᠰᠡᠨ ᠴᠠᠭ᠄ 2025-04-27


    ᠵᠤᠭ᠋ᠠᠴᠠᠭᠰᠠᠳ ᠰᠦᠷᠯᠢᠭ ᠰᠠᠶ᠋ᠢᠬᠠᠨ ᠡᠯᠡᠰᠦ ᠮᠠᠩᠬᠠᠨ᠎ᠤ ᠥᠩᠭᠡ ᠦᠵᠡᠮᠵᠢ᠎ᠳᠤ ᠰᠣᠭᠲᠣᠭᠤᠷᠠᠨ᠂ ᠦᠢ᠍ᠯᠡᠰ ᠪᠤᠰᠬᠠᠬ᠍ᠴᠢ ᠠᠵᠠ ᠲᠣᠬᠢᠶᠠᠯ᠎ᠢ ᠡᠷᠢᠯᠬᠢᠯᠡᠨ ᠦᠨᠳᠦᠰᠦᠯᠡᠵᠦ᠂ ᠣᠷᠣᠨ ᠪᠦᠰᠡ ᠵᠢᠨ ᠬᠠᠮᠲᠤᠷᠠᠯᠴᠠᠭ᠎ᠠ ᠦᠷᠭᠦᠯᠵᠢᠯᠡᠨ ᠭᠦᠨᠵᠡᠭᠡᠶ᠋ᠢᠷᠡᠵᠦ᠂ ᠰᠣᠶᠣᠯ ᠵᠢᠭᠤᠯᠴᠢᠯᠠᠯ᠎ᠤᠨ ᠠᠵᠢᠯᠯᠠᠭ᠎ᠠ ᠭᠤᠶ᠋ᠢᠳᠠ ᠰᠠᠶ᠋ᠢᠬᠠᠨ ᠶᠠᠪᠤᠭᠳᠠᠨ ᠠᠯᠠᠱ᠌ᠠ ᠪᠠᠷᠠᠭᠤᠨ ᠬᠤᠰᠢᠭᠤ ᠶᠠᠭ ᠳᠡᠯᠡᠬᠡᠢ ᠵᠢᠨ ᠲᠡᠰ᠎ᠤᠨ ᠵᠢᠭᠤᠯᠴᠢᠯᠠᠯ᠎ᠤᠨ ᠬᠠᠷᠠᠯᠲᠠᠲᠤ ᠣᠷᠣᠨ᠎ᠢ ᠪᠠᠶ᠋ᠢᠭᠤᠯᠬᠤ ᠬᠠᠷᠠᠯᠲᠠ ᠲᠡᠶ᠋ᠢᠰᠢ ᠯᠠᠪᠳᠠᠭᠤᠨ ᠵᠶ᠋ᠠᠷ ᠤᠷᠤᠭᠰᠢᠯᠠᠵᠤ ᠪᠠᠶ᠋ᠢᠨ᠎ᠠ᠃

    ᠣᠶ᠋ᠢᠷ᠎ᠠ ᠵᠢᠨ ᠵᠢᠯ᠎ᠠᠴᠠ ᠨᠠᠭ᠋ᠠᠰᠢ᠂ ᠠᠯᠠᠱ᠌ᠠ ᠪᠠᠷᠠᠭᠤᠨ ᠬᠤᠰᠢᠭᠤ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ ᠵᠢ ᠭᠦᠨᠵᠡᠭᠡᠶ ᠬᠡᠷᠡᠭᠵᠢᠭᠦᠯᠵᠦ᠂ ᠵᠢᠭᠤᠯᠴᠢᠯᠠᠯ᠎ᠤᠨ ᠦᠢ᠍ᠯᠡᠳᠬᠦᠨ᠎ᠤ ᠰᠢᠨ᠎ᠡ ᠵᠢ ᠡᠭᠦᠳᠬᠦ᠂ ᠰᠠᠭᠤᠷᠢ ᠲᠥᠬᠦᠭᠡᠷᠦᠮᠵᠢ ᠵᠢ ᠲᠡᠭᠦᠯᠳᠡᠷᠵᠢᠭᠦᠯᠬᠦ᠂ ᠣᠨᠣᠴᠠᠲᠠᠶ᠎ᠪᠠᠷ ᠡᠵᠡᠩᠨᠡᠨ ᠪᠣᠷᠣᠯᠠᠭᠤᠯᠬᠤ ᠪᠠ ᠦᠢ᠍ᠯᠡᠴᠢᠯᠡᠭᠡ ᠵᠢ ᠰᠢᠯᠢᠳᠡᠭᠵᠢᠭᠦᠯᠬᠦ᠎ᠪᠠᠷ ᠳᠠᠮᠵᠢᠭᠤᠯᠤᠨ᠂ ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠵᠤ᠂ 《ᠬᠠᠨ ᠲᠡᠭᠷᠢ ᠠᠯᠠᠱ᠌ᠠ》 ᠵᠢᠭᠤᠯᠴᠢᠯᠠᠯ᠎ᠤᠨ ᠲᠥᠷᠥᠯ ᠲᠡᠮᠳᠡᠭ᠎ᠢ ᠨᠡᠩ ᠠᠯᠳᠠᠷᠰᠢᠭᠤᠯᠤᠬᠰᠠᠨ ᠪᠠᠶ᠋ᠢᠨ᠎ᠠ᠃

    2024 ᠣᠨ᠎ᠤ 7 ᠰᠠᠷ᠎ᠠ᠎ᠳᠤ ᠪᠠᠳᠠᠢ ᠵᠢᠨ ᠵᠢᠷᠠᠨ ᠡᠯᠡᠰᠦᠨ᠎ᠤ ᠡᠯᠡᠰᠦᠨ ᠴᠤᠬᠢᠶ᠎ᠠ ᠨᠠᠭᠤᠷ ᠪᠦᠷᠢᠳᠦ 《ᠳᠡᠯᠡᠬᠡᠶ ᠵᠢᠨ ᠪᠤᠳᠠᠰ᠎ᠤᠨ ᠪᠤᠰᠤ ᠥᠪ᠎ᠤᠨ ᠨᠡᠷᠡᠰ᠎ᠤᠨ ᠵᠢᠭᠰᠠᠭ᠋ᠠᠯᠲᠠ》᠎ᠳᠤ ᠠᠮᠵᠢᠯᠲᠠ᠎ᠲᠠᠢ ᠵᠢᠭᠰᠠᠭ᠋ᠠᠭᠳᠠᠬᠤ ᠵᠢ ᠳᠠᠭ᠋ᠠᠯᠳᠤᠨ᠂ ᠡᠨᠡ ᠬᠦ᠌ ᠥᠨᠳᠥᠷ ᠰᠦᠷᠯᠢᠭ ᠡᠯᠡᠰᠦᠨ ᠴᠤᠬᠢᠶ᠎ᠠ᠂ ᠰᠤᠪᠤᠳ᠎ᠤᠨ ᠬᠡᠷᠡᠯ ᠰᠢᠭ ᠨᠠᠭᠤᠷ ᠵᠢᠷᠠᠨ ᠬᠢᠭᠡᠳ 《ᠲᠡᠯᠡᠭᠡᠢ ᠵᠢᠨ ᠡᠯᠡᠰᠦᠨ ᠴᠦᠯ᠎ᠤᠨ ᠵᠦᠮᠤᠯᠠᠩᠮᠠ ᠤᠷᠬᠢᠯ》 ᠭᠡᠮᠡᠭᠳᠡᠭᠰᠡᠨ ᠪᠢᠯᠢᠭᠦᠳᠦ ᠵᠢᠨ ᠴᠤᠬᠢᠶ᠎ᠠ ᠵᠢ ᠪᠠᠭᠲᠠᠭ᠋ᠠᠬᠰᠠᠨ ᠠᠯᠲᠠᠨ ᠰᠢᠷᠭ᠋ᠠᠯ ᠡᠯᠡᠰᠦ ᠮᠠᠩᠬ᠎ᠠ᠎ᠨᠢ ᠮᠠᠰᠢ ᠤᠯᠠᠨ ᠲᠤᠰᠬᠠᠶ ᠮᠡᠷᠭᠡᠵᠢᠯ᠎ᠤᠨ ᠡᠯᠡᠰᠦᠨ ᠴᠥᠯ᠎ᠤᠨ ᠵᠢᠭᠤᠯᠴᠢᠯᠠᠬ᠍ᠴᠢᠳ᠎ᠤᠨ ᠠᠩᠬᠠᠷᠤᠯ᠎ᠢ ᠲᠠᠳᠠᠵᠤ᠂ ᠥᠪᠡᠷ ᠵᠶ᠋ᠠᠨ ᠲᠡᠷᠭᠡ ᠵᠢᠯᠣᠭᠤᠳᠬᠤ ᠵᠢᠭᠤᠯᠴᠢᠯᠠᠯ᠎ᠢ ᠡᠬᠢᠯᠡᠭᠦᠯᠦᠭᠰᠡᠨ ᠪᠠᠶ᠋ᠢᠨ᠎ᠠ᠃

    ᠵᠢᠭᠤᠯᠴᠢᠯᠠᠯ᠎ᠤᠨ ᠠᠵᠤ ᠠᠬᠤᠶ ᠲᠠᠰᠤᠷᠠᠯᠲᠠ ᠥᠬᠡᠶ ᠬᠦᠭᠵᠢᠵᠤ ᠪᠠᠶ᠋ᠢᠭ᠎ᠠ᠎ᠨᠢ ᠠᠯᠠᠱ᠌ᠠ ᠪᠠᠷᠠᠭᠤᠨ ᠬᠤᠰᠢᠭᠤ ᠵᠢᠭᠤᠯᠴᠢᠯᠠᠯ᠎ᠤᠨ ᠬᠥᠭᠵᠢᠯᠲᠡ ᠵᠢᠨ ᠰᠢᠨ᠎ᠡ ᠬᠤᠪᠢᠰᠤᠯᠲᠠ᠂ ᠴᠠᠭ ᠦᠶ᠎ᠡ ᠵᠢᠨ ᠬᠥᠭᠵᠢᠯᠲᠡ ᠵᠢᠨ ᠰᠢᠨ᠎ᠡ ᠪᠠᠶ᠋ᠢᠳᠠᠯ᠎ᠢ ᠣᠨᠣᠪᠴᠢᠲᠠᠶ ᠡᠵᠡᠮᠳᠡᠭᠰᠡᠨ᠎ᠠᠴᠠ ᠰᠢᠯᠳᠠᠭ᠋ᠠᠯᠠᠬᠳᠠᠨ᠎ᠠ᠃

    ᠲᠦᠷᠦᠭᠦᠬᠡᠨ᠂ ᠠᠯᠠᠱ᠌ᠠ ᠪᠠᠷᠠᠭᠤᠨ ᠬᠤᠰᠢᠭᠤᠨ᠎ᠤ ᠠᠷᠠᠳ᠎ᠤᠨ ᠵᠠᠰᠠᠭ᠎ᠤᠨ ᠣᠷᠳᠣᠨ ᠭᠠᠨᠰᠦ ᠮᠤᠵᠢ ᠵᠢᠨ ᠵᠢᠨᠴᠠᠩ ᠬᠤᠲᠠ ᠵᠢᠨ ᠵᠢᠨᠴᠤᠸᠠᠨ ᠲᠣᠭᠤᠷᠢᠭ᠎ᠤᠨ ᠠᠷᠠᠳ᠎ᠤᠨ ᠵᠠᠰᠠᠭ᠎ᠤᠨ ᠣᠷᠳᠣᠨ᠎ᠲᠠᠢ ᠰᠤᠷᠭ᠋ᠠᠨ ᠬᠥᠮᠦᠵᠢᠯ᠂ ᠡᠮ ᠡᠮᠨᠡᠯᠭᠡ᠂ ᠰᠣᠶᠣᠯ ᠵᠢᠭᠤᠯᠴᠢᠯᠠᠯ᠎ᠤᠨ ᠬᠦᠷᠢᠶᠡᠨ᠎ᠳᠠᠬᠢ ᠬᠠᠮᠲᠤᠷᠠᠯᠴᠠᠭ᠋ᠠᠨ᠎ᠤ ᠪᠦᠳᠦᠭᠦᠪᠴᠢ ᠬᠡᠯᠡᠯᠴᠡᠭᠡᠷ ᠲᠤᠬᠳᠠᠵᠤ᠂ ᠬᠤᠶᠠᠷ ᠭᠠᠵᠠᠷ᠎ᠤᠨ ᠣᠷᠳᠣ ᠬᠤᠭᠤᠴᠠᠭ᠋ᠠᠨ᠎ᠤ ᠲᠣᠭᠲᠠᠭᠤᠨ ᠬᠠᠮᠲᠤᠷᠠᠯᠴᠠᠭ᠋ᠠᠨ᠎ᠤ ᠲᠣᠭᠲᠠᠴᠠ ᠵᠢ ᠪᠠᠶ᠋ᠢᠭᠤᠯᠤᠨ᠂ ᠬᠤᠶᠠᠷ ᠭᠠᠵᠠᠷ᠎ᠤᠨ ᠰᠤᠷᠭ᠋ᠠᠨ ᠬᠥᠮᠦᠵᠢᠯ᠂ ᠡᠮ ᠡᠮᠨᠡᠯᠭᠡ᠂ ᠰᠣᠶᠣᠯ ᠵᠢᠭᠤᠯᠴᠢᠯᠠᠯ ᠵᠡᠷᠭᠡ ᠬᠦᠷᠢᠶᠡᠨ᠎ᠳᠠᠬᠢ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠵᠦ᠂ ᠣᠷᠣᠨ ᠪᠦᠰᠡ ᠵᠢᠨ ᠬᠠᠮᠵᠢᠯᠴᠠᠨ ᠬᠥᠭᠵᠢᠬᠦ ᠵᠢ ᠠᠬᠢᠭᠤᠯᠬᠤ ᠵᠢ ᠵᠤᠷᠢᠬᠰᠠᠨ ᠪᠠᠶ᠋ᠢᠨ᠎ᠠ᠃

    ᠠᠯᠠᠱ᠌ᠠ ᠪᠠᠷᠠᠭᠤᠨ ᠬᠤᠰᠢᠭᠤᠨ᠎ᠤ ᠰᠣᠶᠣᠯ ᠵᠢᠭᠤᠯᠴᠢᠯᠠᠯ ᠷᠠᠳᠢᠣ᠋ ᠲᠧᠯᠸᠢᠰ ᠲᠣᠪᠴᠢᠶᠠᠨ᠎ᠤ ᠳᠡᠳ᠋ ᠳᠠᠷᠤᠭ᠎ᠠ ᠳ᠋ᠦᠩ ᠮᠧᠶ᠄ 《ᠲᠣᠰ ᠤᠳᠠᠭ᠋ᠠᠨ᠎ᠤ ᠬᠡᠯᠡᠯᠴᠡᠭᠡᠷ᠎ᠲᠤ ᠭᠠᠷ᠎ᠤᠨ ᠥᠰᠥᠭ ᠵᠢᠷᠤᠬᠰᠠᠨ᠎ᠨᠢ ᠬᠤᠶᠠᠷ ᠲᠠᠯ᠎ᠠ᠎ᠪᠠᠷ ᠵᠶ᠋ᠠᠨ ᠥᠪᠡᠷᠮᠢᠴᠡ ᠣᠨᠴᠠᠯᠢᠭ᠎ᠲᠠᠢ ᠰᠣᠳᠣᠨ ᠵᠢᠭᠤᠯᠴᠢᠯᠠᠯ᠎ᠤᠨ ᠵᠠᠮ ᠱᠤᠭᠤᠮ᠎ᠢ ᠨᠡᠶ᠋ᠢᠳᠡᠯᠡᠨ᠂ 〈ᠲᠣᠷᠭ᠋ᠠᠨ ᠵᠠᠮ〉᠎ᠤᠨ ᠵᠢᠭᠤᠯᠴᠢᠯᠠᠯ᠎ᠤᠨ ᠲᠣᠮᠣ ᠨᠠᠷᠠᠲᠤ ᠲᠡᠮᠳᠡᠭ᠎ᠢ ᠭᠠᠷ ᠬᠤᠯᠪᠣᠨ ᠡᠭᠦᠳᠴᠦ᠂ ᠵᠢᠭᠤᠯᠴᠢᠯᠠᠯ ᠵᠶ᠋ᠠᠷ ᠠᠷᠠᠳ᠎ᠲᠤ ᠠᠰᠢᠭ ᠬᠦᠷᠲᠡᠭᠡᠬᠦ ᠲᠥᠷᠥ ᠵᠢᠨ ᠪᠣᠳᠣᠯᠭ᠎ᠠ ᠵᠢ ᠬᠠᠮᠲᠤᠷᠠᠨ ᠨᠡᠶ᠋ᠢᠲᠡᠯᠡᠵᠦ᠂ ᠰᠣᠶᠣᠯ ᠵᠢᠭᠤᠯᠴᠢᠯᠠᠯ᠎ᠤᠨ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠲᠠᠪᠴᠠᠩ᠎ᠢ ᠪᠠᠶ᠋ᠢᠭᠤᠯᠵᠡᠢ᠃ ᠡᠭᠦᠨ᠎ᠤ ᠬᠠᠮᠲᠤ᠂ ᠣᠷᠳᠣ ᠬᠤᠭᠤᠴᠠᠭ᠋ᠠᠨ᠎ᠤ ᠬᠠᠮᠲᠤᠷᠠᠯᠴᠠᠭ᠋ᠠᠨ᠎ᠤ ᠬᠠᠷᠢᠴᠠᠭ᠎ᠠ ᠪᠠᠶ᠋ᠢᠭᠤᠯᠬᠤ᠎ᠪᠠᠷ ᠳᠡᠮᠵᠢᠨ᠂ ᠴᠢᠳᠠᠪᠤᠷᠢᠲᠠᠨ᠎ᠤ ᠰᠣᠯᠢᠯᠴᠠᠭ᠎ᠠ ᠵᠢ ᠴᠢᠩᠭ᠋ᠠᠳᠬᠠᠵᠤ᠂ ᠰᠣᠶᠣᠯ ᠵᠢᠭᠤᠯᠴᠢᠯᠠᠯ᠎ᠤᠨ ᠠᠵᠢᠯ ᠡᠷᠬᠢᠯᠡᠭᠴᠢᠳ᠎ᠤᠨ ᠪᠦᠬᠦᠯᠢ ᠴᠣᠭᠴᠠ ᠵᠢᠨ ᠬᠡᠪ ᠪᠣᠯᠪᠠᠰᠤᠷᠠᠯ᠎ᠢ ᠳᠡᠭᠡᠭᠰᠢᠯᠡᠭᠦᠯᠤᠨ᠂ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠬᠠᠮᠲᠤ᠎ᠪᠠᠷ ᠠᠰᠢᠭ ᠭᠥᠷᠳᠡᠬᠦ ᠵᠢ ᠪᠡᠶᠡᠯᠡᠭᠦᠯᠦᠨ᠎ᠡ》 ᠭᠡᠵᠤ ᠲᠠᠨᠢᠯᠴᠠᠭᠤᠯᠪᠠ᠃

    ᠤᠮᠠᠷᠠᠲᠤ ᠬᠢᠯᠢ ᠵᠢᠨ ᠰᠣᠶᠣᠯ᠎ᠤᠨ ᠠᠭᠤᠯᠤᠭᠳᠠᠬᠤᠨ ᠪᠠ ᠲᠤᠬᠠᠶ ᠵᠢᠨ ᠭᠠᠵᠠᠷ᠎ᠤᠨ ᠥᠪᠡᠷᠮᠢᠴᠡ ᠵᠢᠭᠤᠯᠴᠢᠯᠠᠯ᠎ᠤᠨ ᠡᠬᠢ ᠪᠠᠶᠠᠯᠢᠭ᠎ᠲᠤ ᠲᠦᠰᠢᠭᠯᠡᠨ᠂ ᠠᠯᠠᠱ᠌ᠠ ᠪᠠᠷᠠᠭᠤᠨ ᠬᠤᠰᠢᠭᠤ ᠵᠢᠭᠤᠯᠴᠢᠯᠠᠯ᠎ᠤᠨ ᠰᠠᠭᠤᠷᠢ ᠲᠦᠬᠦᠭᠡᠷᠦᠮᠵᠢ ᠵᠢᠨ ᠪᠥᠲᠥᠭᠡᠨ ᠪᠠᠶ᠋ᠢᠭᠤᠯᠤᠯᠲᠠ ᠵᠢ ᠶᠡᠬᠡᠪᠡᠷ ᠴᠢᠩᠭ᠋ᠠᠳᠬᠠᠵᠤ᠂ ᠵᠢᠭᠤᠯᠴᠢᠯᠠᠯ᠎ᠤᠨ ᠦᠢ᠍ᠯᠡᠴᠢᠯᠡᠭᠡᠨ᠎ᠤ ᠶᠠᠰᠤ ᠴᠢᠨᠠᠷ᠎ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠵᠢᠭᠤᠯᠴᠢᠯᠠᠯ᠎ᠤᠨ ᠰᠣᠳᠣᠨ ᠵᠠᠮ ᠱᠤᠭᠤᠮ᠎ᠢ ᠨᠠᠷᠢᠨ ᠨᠢᠮᠪᠠᠶ ᠪᠠᠶ᠋ᠢᠷᠢᠯᠠᠭᠤᠯᠪᠠ᠃ 2024 ᠣᠨ᠎ᠳᠤ᠂ ᠠᠯᠠᠱ᠌ᠠ ᠪᠠᠷᠠᠭᠤᠨ ᠬᠤᠰᠢᠭᠤ 325.7 ᠲᠦᠮᠡᠨ ᠬᠥᠮᠦᠨ ᠤᠳᠠᠭ᠎ᠠ ᠵᠢᠨ ᠵᠤᠭ᠋ᠠᠴᠠᠭᠰᠠᠳ᠎ᠢ ᠭᠥᠯᠢᠶᠡᠨ ᠠᠪᠴᠤ᠂ ᠠᠳᠠᠯᠢ ᠬᠤᠭᠤᠴᠠᠭ᠋ᠠᠨ᠎ᠤ᠎ᠬᠢ᠎ᠠᠴᠠ 25.7%᠎ᠪᠠᠷ ᠨᠡᠮᠡᠭᠳᠡᠵᠦ᠂ ᠵᠤᠭ᠋ᠠᠴᠠᠭᠰᠠᠳ᠎ᠤᠨ ᠶᠡᠷᠦᠩᠬᠡᠶ ᠵᠠᠷᠤᠯᠭ᠎ᠠ 24.9 ᠳ᠋ᠦᠩᠰᠢᠭᠤᠷ ᠲᠥᠭᠦᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 28%᠎ᠪᠠᠷ ᠨᠡᠮᠡᠭᠳᠡᠪᠡ᠃

    ᠡᠨᠡ ᠵᠢᠯ᠎ᠤᠨ 4 ᠰᠠᠷ᠎ᠠ ᠵᠢᠨ ᠳᠤᠮᠳᠠᠴᠢ᠎ᠪᠠᠷ᠂ ᠠᠯᠠᠱ᠌ᠠ ᠪᠠᠷᠠᠭᠤᠨ ᠬᠤᠰᠢᠭᠤ 《ᠲᠠ ᠰᠠᠶ᠋ᠢᠨ ᠦᠦ᠂ ᠪᠠᠳᠠᠢ ᠵᠢᠨ ᠵᠢᠷᠠᠨ》 100 ᠰᠢᠷᠢᠰ ᠠᠵᠢᠯᠯᠠᠭ᠎ᠠ ᠵᠢᠨ ᠬᠠᠪᠤᠷ᠎ᠤᠨ ᠤᠯᠠᠷᠢᠯ᠎ᠤᠨ ᠡᠬᠢᠯᠡᠯᠲᠡ ᠵᠢᠨ ᠤᠷᠤᠯᠳᠤᠭ᠋ᠠᠨ ᠶᠠᠪᠤᠭᠳᠠᠭᠤᠯᠤᠨ᠎ᠠ᠃ 8 ᠰᠠᠷ᠎ᠠ ᠵᠢᠨ 8᠎ᠤ ᠡᠳᠦᠷ᠎ᠠᠴᠠ 10᠎ᠤ ᠡᠳᠦᠷ ᠪᠣᠯᠲᠠᠯ᠎ᠠ᠂ ᠪᠠᠳᠠᠢ ᠵᠢᠨ ᠨᠠᠭᠤᠷ᠎ᠲᠤ ᠬᠤᠷᠢᠳᠤᠭ᠋ᠠᠷ ᠬᠤᠭᠤᠴᠠᠭ᠋ᠠᠨ᠎ᠤ ᠬᠡᠭᠡᠷᠡᠯᠡᠨ ᠠᠶᠠᠯᠠᠬᠤ e ᠠᠩᠬᠢ ᠵᠢᠨ ᠠᠯᠠᠱ᠌ᠠ ᠵᠢᠨ ᠪᠠᠭ᠋ᠠᠲᠤᠷᠴᠤᠳ᠎ᠤᠨ ᠴᠤᠭᠯᠠᠭ᠋ᠠᠨ᠎ᠢ ᠡᠷᠭᠢᠯᠡᠨ᠂ ᠡᠯᠡᠰᠦᠨ ᠴᠥᠯ᠎ᠤᠨ ᠳᠠᠭᠤᠤ ᠬᠥᠭᠵᠢᠮ᠎ᠤᠨ ᠨᠠᠶ᠋ᠢᠷ ᠵᠡᠷᠭᠡ ᠪᠠᠶᠠᠯᠢᠭ ᠰᠠᠶ᠋ᠢᠬᠠᠨ ᠤᠷᠠᠨ ᠰᠠᠶ᠋ᠢᠬᠠᠨ᠎ᠤ ᠠᠵᠢᠯᠯᠠᠭ᠎ᠠ ᠥᠷᠨᠢᠭᠦᠯᠬᠦ ᠪᠣᠯᠤᠨ᠎ᠠ᠃ 10 ᠰᠠᠷ᠎ᠠ ᠵᠢᠨ 1᠎ᠤ ᠡᠳᠦᠷ᠎ᠠᠴᠠ 4᠎ᠤ ᠡᠳᠦᠷ ᠪᠣᠯᠲᠠᠯ᠎ᠠ᠂ 《ᠲᠠ ᠰᠠᠶ᠋ᠢᠨ ᠦᠦ᠂ ᠪᠠᠳᠠᠢ ᠵᠢᠨ ᠵᠢᠷᠠᠨ》 100 ᠰᠢᠷᠢᠰ ᠠᠵᠢᠯᠯᠠᠭ᠎ᠠ ᠵᠢᠨ ᠵᠢᠯ᠎ᠤᠨ ᠶᠡᠷᠦᠩᠬᠡᠶ ᠰᠢᠢ᠍ᠳᠪᠦᠷᠢᠲᠦ ᠤᠷᠤᠯᠳᠤᠭ᠋ᠠᠨ᠎ᠢ ᠶᠠᠪᠤᠭᠳᠠᠭᠤᠯᠬᠤ ᠪᠣᠯᠤᠨ᠎ᠠ᠃ ᠳ᠋ᠦᠩ ᠮᠧᠶ᠄ 《ᠪᠢᠳᠡ 〈ᠲᠠ ᠰᠠᠶ᠋ᠢᠨ ᠦᠦ᠂ ᠪᠠᠳᠠᠢ ᠵᠢᠨ ᠵᠢᠷᠠᠨ〉 ᠰᠢᠷᠢᠰ ᠠᠵᠢᠯᠯᠠᠭ᠎ᠠ᠎ᠪᠠᠷ ᠵᠤᠭ᠋ᠠᠴᠠᠭᠰᠠᠳ᠎ᠲᠤ ᠪᠦᠬᠦ ᠵᠢᠯ᠎ᠳᠤ ᠠᠳᠠᠯᠢ ᠪᠤᠰᠤ ᠡᠯᠡᠰᠦ ᠮᠠᠩᠬᠠᠨ᠎ᠤ ᠵᠠᠩ ᠦᠢ᠍ᠯᠡ ᠵᠢ ᠮᠡᠳᠡᠷᠡᠭᠦᠯᠦᠨ᠎ᠠ》 ᠭᠡᠵᠤ ᠪᠠᠶ᠋ᠢᠪᠠ᠃

     ᠠᠯᠠᠱ᠌ᠠ ᠪᠠᠷᠠᠭᠤᠨ ᠬᠤᠰᠢᠭᠤ 《ᠤᠷᠤᠯᠳᠤᠭ᠋ᠠᠨ + ᠵᠢᠭᠤᠯᠴᠢᠯᠠᠯ》᠎ᠤᠨ ᠵᠠᠭᠪᠤᠷ᠎ᠤᠨ ᠲᠣᠭᠤᠷᠢᠨ᠎ᠳᠤ᠂ ᠭᠤᠤᠯ ᠰᠡᠳᠦᠪᠲᠦ ᠰᠣᠶᠣᠯ ᠵᠢᠭᠤᠯᠴᠢᠯᠠᠯ᠎ᠤᠨ ᠠᠵᠢᠯᠯᠠᠭ᠎ᠠ ᠵᠢ ᠲᠠᠰᠤᠷᠠᠯᠲᠠ ᠥᠬᠡᠶ ᠪᠠᠶᠠᠯᠢᠭᠵᠢᠭᠤᠯᠵᠤ᠂ ᠬᠡᠭᠡᠷᠡᠯᠡᠨ ᠠᠶᠠᠯᠠᠬᠤ e ᠠᠩᠬᠢ ᠵᠢᠨ ᠠᠯᠠᠱ᠌ᠠ ᠵᠢᠨ ᠪᠠᠭ᠋ᠠᠲᠤᠷᠴᠤᠳ᠎ᠤᠨ ᠴᠤᠭᠯᠠᠭ᠋ᠠᠨ᠂ 《ᠲᠠ ᠰᠠᠶ᠋ᠢᠨ ᠦᠦ᠂ ᠪᠠᠳᠠᠢ ᠵᠢᠨ ᠵᠢᠷᠠᠨ》 100 ᠰᠢᠷᠢᠰ ᠠᠵᠢᠯᠯᠠᠭ᠎ᠠ ᠵᠢᠨ ᠲᠥᠷᠥᠯ ᠲᠡᠮᠳᠡᠭ᠎ᠤᠨ ᠨᠥᠯᠥᠭᠡᠯᠡᠬᠦ ᠬᠦᠴᠦᠨ᠎ᠢ ᠦᠷᠭᠦᠯᠵᠢᠯᠡᠨ ᠠᠰᠢᠭᠯᠠᠵᠤ᠂ 《ᠪᠠᠷᠠᠭᠤᠨ ᠬᠤᠰᠢᠭᠤᠨ᠎ᠳᠤ ᠬᠥᠷᠬᠦ ᠥᠬᠡᠶ ᠪᠤᠯ ᠪᠠᠭ᠋ᠠᠲᠤᠷ ᠪᠤᠰᠤ》 ᠲᠥᠷᠥᠯ ᠲᠡᠮᠳᠡᠭ᠎ᠤᠨ ᠳᠦᠷᠢ ᠲᠥᠷᠬᠦ ᠵᠢ ᠪᠣᠶ ᠪᠣᠯᠭ᠋ᠠᠵᠤ᠂ ᠰᠣᠶᠣᠯ ᠵᠢᠭᠤᠯᠴᠢᠯᠠᠯ᠎ᠤᠨ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠲᠦᠷᠭᠡᠳᠭᠡᠨ ᠠᠬᠢᠭᠤᠯᠬᠤ ᠪᠣᠯᠤᠨ᠎ᠠ᠃
  
   

 

ᠢᠷᠡᠯᠲᠡ᠄ ᠠᠯᠠᠱ᠌ᠠ ᠵᠢᠨ ᠡᠳᠦᠷ᠎ᠤᠨ ᠰᠤᠨᠢᠨ
          
ᠬᠠᠮᠢᠶ᠎ᠡ ᠪᠦᠬᠦᠢ ᠰᠣᠨᠢᠨ
ᠡᠵᠡᠨ ᠬᠣᠷᠣᠭ᠎ᠠ ᠬᠣᠰᠢᠭᠤᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ 2024 ᠣᠨ᠎ᠤ ᠨᠡᠢ᠌ᠲᠡ ᠵᠢᠨ ᠠᠰᠠᠷᠠᠮᠵᠢ ᠵᠢᠨ ᠣᠶ ᠵᠢ ᠬᠢᠨᠠᠨ ᠬᠡᠮᠵᠢᠬᠦ ᠠᠵᠢᠯ᠎ᠢ ᠪᠥᠬᠥ ᠲᠠᠯ᠎ᠠ᠎ᠪᠠᠷ ᠥᠷᠨᠢᠭᠦᠯᠪᠡ
ᠲᠣᠭᠲᠠᠬᠤ ᠰᠢᠶᠠᠨ ᠣᠶ ᠰᠢᠭᠤᠢ ᠡᠪᠡᠰᠦ ᠪᠡᠯᠴᠢᠭᠡᠷ᠎ᠤᠨ ᠡᠬᠢ ᠪᠠᠶᠠᠯᠢᠭ᠎ᠤᠨ ᠬᠠᠮᠠᠭ᠋ᠠᠯᠠᠯᠲᠠ ᠵᠢ ᠴᠢᠩᠭ᠋ᠠᠳᠬᠠᠵᠦ ᠪᠠᠶ᠋ᠢᠨ᠎ᠠ
ᠤᠯᠠᠭ᠋ᠠᠨᠬᠠᠳᠠ ᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠵᠢᠨ ᠰᠡᠷᠡᠮᠵᠢᠯᠡᠭᠦᠯᠬᠦ ᠬᠥᠮᠦᠵᠢᠯ᠎ᠤᠨ ᠬᠤᠷᠠᠯ ᠬᠤᠷᠠᠯᠳᠤᠭᠤᠯᠪᠠ
ᠮᠠᠨᠵᠤᠤᠷ ᠬᠤᠲᠠ ᠣᠶ ᠰᠢᠭᠤᠶ ᠡᠪᠡᠰᠦ ᠪᠡᠯᠴᠢᠭᠡᠷ᠎ᠢ ᠰᠦᠢ᠍ᠳᠭᠡᠬᠦ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠲᠤᠰᠬᠠᠶ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠤᠬᠠᠭᠤᠯᠭ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ ᠵᠢ ᠵᠣᠬᠢᠶᠠᠨ ᠪᠠᠶ᠋ᠢᠭᠤᠯᠵᠤ ᠥᠷᠨᠢᠭᠦᠯᠪᠡ
ᠪᠠᠢ ᠮᠢᠶᠣᠣ ᠽᠢ ᠪᠠᠯᠭ᠋ᠠᠰᠤ᠎ᠨᠢ ᠬᠤᠰᠢᠭᠤᠨ᠎ᠤ ᠭᠠᠯ ᠤᠨᠲᠠᠷᠠᠭ᠋ᠠᠬᠤ ᠶᠡᠭᠡ ᠠᠩᠭᠢ᠎ᠲᠠᠢ ᠬᠠᠮᠲᠤᠷᠠᠨ ᠭᠠᠯ ᠤᠨᠲᠠᠷᠠᠭ᠋ᠠᠬᠤ ᠰᠣᠷᠢᠯᠲᠠ ᠵᠢᠨ ᠠᠵᠢᠯᠯᠠᠭ᠎ᠠ ᠥᠷᠨᠢᠭᠦᠯᠪᠡ
 
             蒙ICP备05000248号