ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
ᠡᠵᠡᠨ ᠬᠣᠷᠣᠭ᠎ᠠ ᠬᠣᠰᠢᠭᠤᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ 2024 ᠣᠨ᠎ᠤ ᠨᠡᠢ᠌ᠲᠡ ᠵᠢᠨ ᠠᠰᠠᠷᠠᠮᠵᠢ ᠵᠢᠨ ᠣᠶ ᠵᠢ ᠬᠢᠨᠠᠨ ᠬᠡᠮᠵᠢᠬᠦ ᠠᠵᠢᠯ᠎ᠢ ᠪᠥᠬᠥ ᠲᠠᠯ᠎ᠠ᠎ᠪᠠᠷ ᠥᠷᠨᠢᠭᠦᠯᠪᠡ
ᠨᠡᠶ᠋ᠢᠲᠡᠯᠡᠭᠰᠡᠨ ᠴᠠᠭ᠄ 2025-05-13


    ᠡᠵᠡᠨ ᠬᠤᠷᠤᠭ᠎ᠠ ᠬᠤᠰᠢᠭᠤᠨ᠎ᠤ ᠨᠡᠢ᠌ᠲᠡ ᠵᠢᠨ ᠠᠰᠠᠷᠠᠮᠵᠢ ᠵᠢᠨ ᠣᠶ ᠵᠢᠨ ᠣᠳᠣᠬᠢ ᠪᠠᠢ᠌ᠳᠠᠯ ᠪᠠ ᠬᠤᠪᠢᠷᠠᠯᠲᠠ ᠵᠢᠨ ᠪᠠᠢ᠌ᠳᠠᠯ᠎ᠢ ᠪᠥᠬᠥ ᠲᠠᠯ᠎ᠠ᠎ᠪᠠᠷ ᠡᠵᠡᠮᠰᠢᠬᠦ ᠵᠢᠨ  ᠲᠥᠯᠥᠭᠡ᠂ ᠣᠢ᠌ᠷ᠎ᠠ᠎ᠳᠤ᠂ ᠡᠵᠡᠨ ᠬᠣᠷᠣᠭ᠎ᠠ ᠬᠣᠰᠢᠭᠤᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠳᠡᠭᠡᠳᠦ ᠱᠠᠲᠤᠨ᠎ᠤ ᠬᠠᠮᠢᠶ᠎ᠠ ᠪᠥᠬᠥᠶ ᠠᠵᠢᠯ᠎ᠤᠨ  ᠪᠠᠢ᠌ᠷᠢᠯᠠᠭᠤᠯᠤᠯᠲᠠ ᠶᠣᠰᠣᠭ᠋ᠠᠷ᠂ 2024 ᠣᠨ᠎ᠤ ᠨᠡᠢ᠌ᠲᠡ ᠵᠢᠨ ᠠᠰᠠᠷᠠᠮᠵᠢ ᠵᠢᠨ ᠣᠶ ᠵᠢ ᠬᠢᠨᠠᠨ ᠬᠡᠮᠵᠢᠬᠦ ᠠᠵᠢᠯ᠎ᠢ ᠪᠥᠬᠥ ᠲᠠᠯ᠎ᠠ᠎ᠪᠠᠷ ᠥᠷᠨᠢᠭᠦᠯᠪᠡ᠃     
     ᠲᠣᠰ ᠤᠳᠠᠭ᠋ᠠᠨ᠎ᠤ ᠬᠢᠨᠠᠨ ᠬᠡᠮᠵᠢᠯᠲᠡ᠎ᠨᠢ 2023 ᠣᠨ᠎ᠤ ᠤᠯᠤᠰ᠎ᠤᠨ ᠲᠠᠰ᠎ᠤᠨ ᠨᠡᠢ᠌ᠲᠡ ᠵᠢᠨ ᠠᠰᠠᠷᠠᠮᠵᠢ ᠵᠢᠨ ᠣᠶ ᠵᠢᠨ ᠬᠢᠨᠠᠨ ᠬᠡᠮᠵᠢᠯᠲᠡ ᠵᠢᠨ ᠦᠷ᠎ᠡ ᠪᠦᠲᠦᠭᠡᠯ᠎ᠢ ᠰᠢᠨᠡᠳᠬᠡᠭᠰᠡᠨ ᠲᠣᠭ᠎ᠠ ᠪᠠᠷᠢᠮᠲᠠ᠎ᠪᠠᠷ ᠰᠠᠭᠤᠷᠢ ᠪᠣᠯᠭ᠋ᠠᠵᠤ᠂ ᠡᠬᠡ ᠵᠢᠷᠤᠭ᠎ᠲᠠᠬᠢ ᠭᠠᠵᠠᠷ᠎ᠤᠨ ᠲᠥᠷᠥᠯ ᠬᠢᠭᠡᠳ ᠤᠷᠭᠤᠮᠠᠯ᠎ᠤᠨ ᠬᠤᠴᠢᠯᠭ᠎ᠠ ᠵᠢᠨ  ᠪᠦᠷᠬᠦᠴᠡ ᠵᠢᠨ ᠲᠥᠷᠥᠯ ᠵᠦᠢᠯ᠎ᠳᠤ ᠣᠷᠣᠰᠢᠵᠤ ᠪᠠᠢ᠌ᠭ᠎ᠠ ᠯᠣᠭᠢᠭ᠎ᠤᠨ ᠨᠢᠭᠡᠳᠦᠯ ᠥᠬᠡᠶ ᠠᠰᠠᠭᠤᠳᠠᠯ᠎ᠢ ᠭᠣᠤᠯᠳᠠᠯᠭ᠎ᠠ᠎ᠲᠠᠢ ᠰᠢᠢᠳᠪᠦᠷᠢᠯᠡᠵᠦ᠂ ᠬᠢᠨᠠᠨ ᠬᠡᠮᠵᠢᠯᠲᠡ  ᠵᠢᠨ ᠲᠣᠭ᠎ᠠ ᠪᠠᠷᠢᠮᠲᠠ ᠵᠢᠨ ᠣᠨᠣᠪᠴᠢᠲᠤ ᠴᠢᠨᠠᠷ ᠪᠠ ᠨᠠᠢ᠌ᠳᠠᠪᠤᠷᠢᠲᠤ ᠴᠢᠨᠠᠷ᠎ᠢ ᠬᠦᠴᠦᠯᠡᠨ ᠳᠡᠭᠡᠭᠰᠢᠯᠡᠭᠦᠯᠦᠨ᠎ᠡ᠃ ᠲᠣᠰ ᠤᠳᠠᠭ᠋ᠠᠨ᠎ᠤ ᠬᠢᠨᠠᠨ ᠬᠡᠮᠵᠢᠬᠦ ᠠᠵᠢᠯ᠎ᠢ ᠴᠢᠨᠠᠷ  ᠰᠠᠢ᠌ᠲᠠᠶ ᠥᠨᠳᠥᠷ ᠪᠦᠲᠦᠮᠵᠢᠲᠡᠶ ᠪᠡᠶᠡᠯᠡᠭᠦᠯᠬᠦ ᠵᠢ ᠪᠠᠲᠤᠯᠠᠬᠤ ᠵᠢᠨ ᠲᠥᠯᠥᠭᠡ᠂ ᠡᠵᠡᠨ ᠬᠣᠷᠣᠭ᠎ᠠ ᠬᠣᠰᠢᠭᠤᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ  ᠲᠣᠪᠴᠢᠶ᠎ᠠ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠬᠣᠰᠢᠭᠤᠨ᠎ᠤ ᠪᠠᠢ᠌ᠭ᠋ᠠᠯᠢ ᠵᠢᠨ ᠡᠬᠢ ᠪᠠᠶᠠᠯᠢᠭ᠎ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠵᠢᠨ ᠲᠣᠪᠴᠢᠶ᠎ᠠ  ᠵᠢᠴᠢ ᠡᠯ᠎ᠡ ᠪᠠᠯᠭ᠋ᠠᠰᠤᠨ᠎ᠤ ᠬᠠᠮᠢᠶ᠎ᠠ ᠪᠥᠬᠥᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠎ᠲᠠᠢ ᠬᠠᠮᠲᠤᠷᠠᠨ ᠰᠠᠭᠤᠷᠢ ᠲᠣᠭ᠎ᠠ ᠪᠠᠷᠢᠮᠲᠠ ᠵᠢ ᠴᠤᠭᠯᠠᠭᠤᠯᠬᠤ ᠵᠢᠨ ᠬᠠᠮᠲᠤ  ᠬᠢᠨᠠᠨ ᠬᠠᠷᠭᠤᠭᠤᠯᠪᠠ᠃ ᠡᠭᠦᠨ᠎ᠤ ᠬᠠᠮᠲᠤ᠂ ᠬᠣᠰᠢᠭᠤᠨ᠎ᠤ ᠲᠡᠦᠬᠡ ᠵᠢᠨ ᠳᠤᠷᠠᠰᠬᠠᠯᠲᠤ ᠵᠦᠢᠯᠡᠰ᠎ᠤᠨ ᠲᠣᠪᠴᠢᠶ᠎ᠠ᠎ᠲᠠᠢ ᠬᠠᠮᠵᠢᠯᠴᠠᠨ ᠨᠡᠢ᠌ᠲᠡ ᠵᠢᠨ ᠠᠰᠠᠷᠠᠮᠵᠢ ᠵᠢᠨ ᠣᠶ ᠵᠢᠨ ᠬᠡᠪᠴᠢᠶᠡᠨ᠎ᠳᠠᠬᠢ ᠲᠡᠦᠬᠡ ᠵᠢᠨ ᠳᠤᠷᠠᠰᠬᠠᠯᠲᠤ ᠵᠦᠢᠯᠡᠰ᠎ᠢ ᠤᠷᠢᠳ ᠵᠶ᠋ᠠᠷ ᠬᠢᠨᠠᠨ ᠪᠠᠢ᠌ᠴᠠᠭ᠋ᠠᠬᠤ ᠠᠵᠢᠯ᠎ᠢ ᠥᠷᠨᠢᠭᠦᠯᠵᠦ᠂ ᠲᠡᠦᠬᠡ ᠵᠢᠨ ᠳᠤᠷᠠᠰᠬᠠᠯᠲᠤ ᠵᠦᠢᠯᠡᠰ᠎ᠢ ᠬᠠᠮᠠᠭ᠋ᠠᠯᠠᠬᠤ ᠬᠢᠭᠡᠳ ᠨᠡᠢ᠌ᠲᠡ ᠵᠢᠨ ᠠᠰᠠᠷᠠᠮᠵᠢ ᠵᠢᠨ ᠣᠶ ᠵᠢᠨ ᠬᠠᠮᠢᠶᠠᠷᠤᠯᠲᠠ ᠵᠢ ᠡᠮᠬᠢ ᠵᠢᠷᠤᠮ᠎ᠲᠠᠢ ᠵᠣᠯᠭ᠋ᠠᠭᠤᠯᠬᠤ ᠵᠢ ᠦᠨᠡᠨ ᠬᠦ᠌ ᠪᠠᠲᠤᠯᠠᠨ᠎ᠠ᠃
    ᠲᠣᠰ ᠤᠳᠠᠭ᠋ᠠᠨ᠎ᠤ ᠨᠡᠢ᠌ᠲᠡ ᠵᠢᠨ ᠠᠰᠠᠷᠠᠮᠵᠢ ᠵᠢᠨ ᠣᠶ ᠵᠢᠨ ᠣᠨ᠎ᠤ ᠬᠢᠨᠠᠨ ᠬᠡᠮᠵᠢᠬᠦ ᠠᠵᠢᠯ᠎ᠨᠢ 2024 ᠣᠨ᠎ᠤ ᠬᠣᠰᠢᠭᠤᠨ᠎ᠤ ᠤᠯᠤᠰ᠎ᠤᠨ ᠲᠠᠰ᠎ᠤᠨ  ᠨᠡᠢ᠌ᠲᠡ ᠵᠢᠨ ᠠᠰᠠᠷᠠᠮᠵᠢ ᠵᠢᠨ ᠣᠶ ᠵᠢᠨ ᠲᠣᠭ᠎ᠠ ᠪᠠᠷᠢᠮᠲᠠ ᠵᠢᠨ ᠰᠢᠰᠲ᠋ᠧᠮ᠎ᠢ ᠪᠥᠬᠥ ᠲᠠᠯ᠎ᠠ᠎ᠪᠠᠷ ᠰᠢᠨᠡᠳᠬᠡᠵᠦ᠂ ᠬᠠᠮᠢᠶ᠎ᠠ ᠪᠥᠬᠥᠶ ᠲᠣᠭ᠎ᠠ ᠪᠠᠷᠢᠮᠲᠠ ᠵᠢᠨ ᠮᠡᠳᠡᠭᠡ ᠵᠠᠩᠭᠢ ᠵᠢ ᠲᠡᠭᠦᠯᠳᠡᠷᠵᠢᠭᠦᠯᠦᠨ᠂ ᠨᠡᠢ᠌ᠲᠡ ᠵᠢᠨ ᠠᠰᠠᠷᠠᠮᠵᠢ ᠵᠢᠨ ᠣᠶ ᠵᠢᠨ ᠪᠥᠲᠥᠭᠡᠨ ᠪᠠᠢ᠌ᠭᠤᠯᠤᠯᠲᠠ ᠪᠠ ᠬᠠᠮᠠᠭ᠋ᠠᠯᠠᠯᠲᠠ ᠬᠠᠮᠢᠶᠠᠷᠤᠯᠲᠠ ᠵᠢᠨ ᠦᠷ᠎ᠡ ᠪᠦᠲᠦᠮᠵᠢ ᠵᠢ ᠪᠤᠰᠤᠳᠴᠢ᠎ᠪᠠᠷ ᠦᠨᠡᠯᠡᠵᠦ᠂ ᠲᠠᠷᠠᠭ᠋ᠠᠴᠢ ᠵᠢᠨ ᠬᠠᠮᠢᠶᠠᠷᠤᠯᠲᠠ ᠵᠢᠨ ᠰᠢᠢᠳᠪᠦᠷᠢᠲᠦ ᠪᠣᠳᠣᠯᠭ᠎ᠠ᠎ᠳᠤ ᠪᠠᠲᠤ ᠪᠠᠬᠢ ᠲᠤᠯᠭ᠋ᠠᠭᠤᠷᠢᠯᠠᠯ ᠬᠠᠩᠭ᠋ᠠᠬᠤ ᠵᠢᠨ ᠲᠥᠯᠥᠭᠡ ᠶᠤᠮ᠃  
     ᠤᠯᠤᠰ᠎ᠤᠨ ᠲᠠᠰ᠎ᠤᠨ ᠨᠡᠢ᠌ᠲᠡ ᠵᠢᠨ ᠠᠰᠠᠷᠠᠮᠵᠢ ᠵᠢᠨ ᠣᠶ ᠵᠢᠨ ᠬᠢᠨᠠᠨ ᠰᠢᠨᠵᠢᠬᠦ ᠠᠵᠢᠯ᠎ᠢ ᠦᠷᠭᠦᠯᠵᠢᠯᠡᠨ ᠥᠷᠨᠢᠭᠦᠯᠬᠦ᠎ᠪᠠᠷ ᠳᠠᠮᠵᠢᠭᠤᠯᠤᠨ᠂ ᠨᠡᠢ᠌ᠲᠡ ᠵᠢᠨ  ᠠᠰᠠᠷᠠᠮᠵᠢ ᠵᠢᠨ ᠣᠶ ᠵᠢᠨ ᠬᠠᠮᠢᠶᠠᠷᠤᠯᠲᠠ ᠵᠢ ᠲᠤᠢ᠌ᠯ᠎ᠤᠨ ᠣᠨᠣᠪᠴᠢᠲᠠᠶ ᠪᠣᠯᠭ᠋ᠠᠬᠤ ᠪᠠ ᠰᠢᠨᠵᠢᠯᠡᠬᠦ ᠤᠬᠠᠭ᠋ᠠᠨᠴᠢᠯᠠᠬᠤ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂  ᠣᠶ ᠰᠢᠭᠤᠶ ᠵᠢᠨ ᠦᠢᠯᠡᠰ᠎ᠤᠨ ᠬᠥᠭᠵᠢᠯᠲᠡ ᠵᠢᠨ ᠲᠥᠯᠥᠪᠵᠢᠭᠦᠯᠭᠡ ᠵᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠬᠤ᠂ ᠵᠦᠶ ᠵᠣᠬᠢᠰᠲᠠᠶ ᠬᠠᠮᠠᠭ᠋ᠠᠯᠠᠬᠤ ᠠᠷᠭ᠎ᠠ ᠬᠡᠮᠵᠢᠶ᠎ᠡ ᠵᠢ ᠲᠣᠭᠲᠠᠭ᠋ᠠᠬᠤ᠎ᠳᠤ ᠨᠠᠷᠢᠨ ᠪᠣᠳᠠᠲᠠᠶ ᠣᠨᠣᠯ᠎ᠤᠨ ᠰᠠᠭᠤᠷᠢ ᠵᠢ ᠬᠠᠩᠭ᠋ᠠᠨ᠎ᠠ᠃

 

ᠢᠷᠡᠯᠲᠡ᠄ ᠡᠵᠡᠨ ᠬᠤᠷᠤᠭ᠎ᠠ ᠬᠤᠰᠢᠭᠤᠨ᠎ᠤ ᠠᠷᠠᠳ᠎ᠤᠨ ᠵᠠᠰᠠᠭ᠎ᠤᠨ ᠤᠷᠳᠤᠨ
          
ᠬᠠᠮᠢᠶ᠎ᠡ ᠪᠦᠬᠦᠢ ᠰᠣᠨᠢᠨ
ᠲᠣᠭᠲᠠᠬᠤ ᠰᠢᠶᠠᠨ ᠣᠶ ᠰᠢᠭᠤᠢ ᠡᠪᠡᠰᠦ ᠪᠡᠯᠴᠢᠭᠡᠷ᠎ᠤᠨ ᠡᠬᠢ ᠪᠠᠶᠠᠯᠢᠭ᠎ᠤᠨ ᠬᠠᠮᠠᠭ᠋ᠠᠯᠠᠯᠲᠠ ᠵᠢ ᠴᠢᠩᠭ᠋ᠠᠳᠬᠠᠵᠦ ᠪᠠᠶ᠋ᠢᠨ᠎ᠠ
ᠤᠯᠠᠭ᠋ᠠᠨᠬᠠᠳᠠ ᠬᠣᠲᠠ ᠵᠢᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠵᠢᠨ ᠰᠡᠷᠡᠮᠵᠢᠯᠡᠭᠦᠯᠬᠦ ᠬᠥᠮᠦᠵᠢᠯ᠎ᠤᠨ ᠬᠤᠷᠠᠯ ᠬᠤᠷᠠᠯᠳᠤᠭᠤᠯᠪᠠ
ᠮᠠᠨᠵᠤᠤᠷ ᠬᠤᠲᠠ ᠣᠶ ᠰᠢᠭᠤᠶ ᠡᠪᠡᠰᠦ ᠪᠡᠯᠴᠢᠭᠡᠷ᠎ᠢ ᠰᠦᠢ᠍ᠳᠭᠡᠬᠦ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠲᠤᠰᠬᠠᠶ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠤᠬᠠᠭᠤᠯᠭ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ ᠵᠢ ᠵᠣᠬᠢᠶᠠᠨ ᠪᠠᠶ᠋ᠢᠭᠤᠯᠵᠤ ᠥᠷᠨᠢᠭᠦᠯᠪᠡ
ᠪᠠᠢ ᠮᠢᠶᠣᠣ ᠽᠢ ᠪᠠᠯᠭ᠋ᠠᠰᠤ᠎ᠨᠢ ᠬᠤᠰᠢᠭᠤᠨ᠎ᠤ ᠭᠠᠯ ᠤᠨᠲᠠᠷᠠᠭ᠋ᠠᠬᠤ ᠶᠡᠭᠡ ᠠᠩᠭᠢ᠎ᠲᠠᠢ ᠬᠠᠮᠲᠤᠷᠠᠨ ᠭᠠᠯ ᠤᠨᠲᠠᠷᠠᠭ᠋ᠠᠬᠤ ᠰᠣᠷᠢᠯᠲᠠ ᠵᠢᠨ ᠠᠵᠢᠯᠯᠠᠭ᠎ᠠ ᠥᠷᠨᠢᠭᠦᠯᠪᠡ
ᠦᠪᠦᠷ ᠮᠣᠩᠭᠣᠯ᠎ᠤᠨ ᠬᠢᠩᠭ᠋ᠠᠨ ᠠᠶ᠋ᠢᠮᠠᠭ᠎ᠤᠨ ᠬᠣᠷᠴᠢᠨ ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠤᠢ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠢᠷᠠᠭᠤ ᠠᠯᠳᠠᠷ᠎ᠨᠢ ᠦᠨᠭᠭᠡᠷᠡᠭᠰᠡᠨ᠎ᠢ ᠦᠨᠡᠯᠠᠨ ᠢᠷᠡᠭᠡᠳᠦᠶ ᠵᠢ ᠵᠢᠷᠤᠭᠯᠠᠵᠦ ᠪᠤᠢ
 
             蒙ICP备05000248号