ᠭᠠᠯ ᠤᠨᠲᠠᠷᠠᠭ᠋ᠠᠬᠤ ᠠᠮᠤᠷ ᠲᠦᠪᠰᠢᠨ᠎ᠤ ᠤᠬᠠᠮᠰᠠᠷ ᠵᠶ᠋ᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠪᠥᠬᠦ ᠪᠠᠯᠭ᠋ᠠᠰᠤᠨ᠎ᠤ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠴᠢᠳᠠᠪᠤᠷᠢ ᠵᠢ ᠳᠡᠭᠡᠭᠰᠢᠯᠡᠭᠦᠯᠦᠨ᠂ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠱᠤᠭᠤᠮ᠎ᠢ ᠪᠠᠬᠢᠵᠢᠭᠦᠯᠬᠦ ᠵᠢᠨ ᠲᠥᠯᠥᠭᠡ᠂ 2025 ᠣᠨ᠎ᠤ 6 ᠰᠠᠷ᠎ᠠ ᠵᠢᠨ 15᠎ᠤ ᠡᠳᠦᠷ᠎ᠤᠨ ᠦᠳᠡ ᠵᠢᠨ ᠬᠤᠶ᠋ᠢᠨ᠎ᠠ᠂ ᠪᠠᠶ ᠮᠢᠶᠣᠣ ᠽᠢ ᠪᠠᠯᠭ᠋ᠠᠰᠤᠨ᠎ᠤ ᠬᠤᠰᠢᠭᠤᠨ᠎ᠤ ᠭᠠᠯ ᠤᠨᠲᠠᠷᠠᠭ᠋ᠠᠬᠤ ᠠᠪᠤᠷᠠᠨ ᠲᠤᠰᠠᠯᠠᠬᠤ ᠶᠡᠭᠡ ᠠᠩᠭᠢ᠎ᠲᠠᠢ ᠬᠠᠮᠲᠤᠷᠠᠨ ᠭᠠᠯ ᠤᠨᠲᠠᠷᠠᠭ᠋ᠠᠬᠤ ᠰᠣᠷᠢᠯᠲᠠ ᠵᠢᠨ ᠠᠵᠢᠯᠯᠠᠭ᠎ᠠ ᠵᠢ ᠵᠣᠬᠢᠶᠠᠨ ᠪᠠᠶ᠋ᠢᠭᠤᠯᠵᠤ ᠥᠷᠨᠢᠭᠦᠯᠪᠡ᠃ ᠲᠣᠰ ᠤᠳᠠᠭ᠋ᠠᠨ᠎ᠤ ᠠᠵᠢᠯᠯᠠᠭ᠎ᠠ᠎ᠨᠢ 《ᠣᠨᠣᠯ ᠪᠣᠯᠪᠠᠰᠤᠷᠠᠭᠤᠯᠬᠤ ᠪᠣᠳᠠᠲᠤ ᠪᠣᠯᠪᠠᠰᠤᠷᠠᠯ᠎ᠤᠨ ᠰᠣᠷᠢᠯᠲᠠ》 ᠵᠢ ᠬᠠᠷᠢᠯᠴᠠᠨ ᠤᠶᠠᠯᠳᠤᠭᠤᠯᠬᠤ ᠠᠷᠭ᠎ᠠ ᠮᠠᠶᠢᠭ ᠵᠶ᠋ᠠᠷ ᠳᠠᠮᠵᠢᠭᠤᠯᠤᠨ᠂ ᠪᠣᠯᠪᠠᠰᠤᠷᠠᠯ᠎ᠳᠤ ᠣᠷᠣᠯᠴᠠᠭᠰᠠᠳ᠎ᠤᠨ ᠭᠠᠯ᠎ᠤᠨ ᠠᠶᠤᠯ᠎ᠢ ᠰᠡᠷᠭᠡᠶ᠋ᠢᠯᠡᠨ ᠡᠵᠡᠮᠳᠡᠬᠦ ᠪᠠ ᠥᠪᠡᠷ᠎ᠢ᠎ᠪᠠᠨ ᠠᠪᠤᠷᠠᠬᠤ ᠬᠠᠷᠢᠯᠴᠠᠨ ᠠᠪᠤᠷᠠᠬᠤ ᠴᠢᠳᠠᠪᠤᠷᠢ ᠵᠢ ᠦᠨᠡᠨᠬᠦ ᠳᠡᠭᠡᠭᠰᠢᠯᠡᠭᠦᠯᠪᠡ᠃
ᠭᠠᠯ ᠤᠨᠲᠠᠷᠠᠭ᠋ᠠᠬᠤ ᠠᠪᠤᠷᠠᠨ ᠲᠤᠰᠠᠯᠠᠬᠤ ᠶᠡᠭᠡ ᠠᠩᠭᠢ ᠵᠢᠨ ᠲᠤᠰᠬᠠᠶ ᠮᠡᠷᠭᠡᠵᠢᠯ᠎ᠤᠨ ᠠᠵᠢᠯᠲᠠᠨ ᠣᠶ᠋ᠢᠷ᠎ᠠ ᠵᠢᠨ ᠬᠤᠭᠤᠴᠠᠭ᠋ᠠᠨ᠎ᠤ ᠭᠠᠯ᠎ᠤᠨ ᠠᠶᠤᠯ᠎ᠤᠨ ᠬᠡᠷᠡᠭ᠎ᠤᠨ ᠵᠢᠱ᠌ᠢᠶ᠎ᠡ᠎ᠲᠠᠢ ᠤᠶᠠᠯᠳᠤᠭᠤᠯᠤᠨ᠂ ᠭᠠᠯ᠎ᠤᠨ ᠠᠶᠤᠯ᠎ᠢ ᠰᠡᠷᠭᠡᠶ᠋ᠢᠯᠡᠬᠦ᠂ ᠠᠩᠬᠠᠨ᠎ᠤ ᠬᠤᠭᠤᠴᠠᠭ᠋ᠠᠨ᠎ᠳᠤ ᠭᠠᠯ ᠤᠨᠲᠠᠷᠠᠭ᠋ᠠᠬᠤ᠂ ᠲᠠᠷᠬᠠᠭ᠋ᠠᠵᠤ ᠠᠮᠢ ᠵᠢᠭᠤᠲᠠᠬᠤ ᠵᠡᠷᠭᠡ ᠭᠤᠤᠯᠳᠠᠯᠭ᠎ᠠ ᠵᠢ ᠨᠠᠷᠢᠨ ᠲᠠᠶ᠋ᠢᠯᠪᠤᠷᠢᠯᠠᠵᠤ᠂ ᠭᠠᠯ ᠤᠨᠲᠠᠷᠠᠭ᠋ᠠᠭᠤᠷ᠂ ᠭᠠᠯ ᠤᠨᠲᠠᠷᠠᠭ᠋ᠠᠬᠤ ᠭᠤᠤᠷᠰᠤ ᠵᠡᠷᠭᠡ ᠪᠠᠭ᠋ᠠᠵᠢ ᠬᠡᠷᠡᠭᠰᠡᠯ᠎ᠢ ᠬᠡᠷᠡᠭᠯᠡᠬᠦ ᠠᠷᠭ᠎ᠠ ᠵᠢ ᠭᠤᠤᠯᠳᠠᠯᠭ᠎ᠠ᠎ᠲᠠᠢ ᠳᠡᠯᠭᠡᠨ ᠦᠵᠡᠭᠦᠯᠬᠦ ᠵᠢᠨ ᠬᠠᠮᠲᠤ ᠠᠵᠤ ᠠᠬᠤᠶ᠋ᠢᠯᠠᠯ᠂ ᠬᠡᠷ ᠪᠦᠯᠢ ᠵᠡᠷᠭᠡ ᠠᠳᠠᠯᠢ ᠪᠤᠰᠤ ᠲᠠᠯᠠᠪᠤᠷ᠎ᠤᠨ ᠭᠠᠯ ᠤᠨᠲᠠᠷᠠᠭ᠋ᠠᠬᠤ ᠠᠮᠤᠷ ᠲᠦᠪᠰᠢᠨ᠎ᠤ ᠳᠠᠯᠳᠠ ᠬᠡᠮ᠎ᠳᠤ ᠴᠢᠭᠯᠡᠭᠦᠯᠦᠨ ᠴᠡᠭᠴᠡᠯᠡᠨ ᠰᠠᠶ᠋ᠢᠵᠢᠷᠠᠭᠤᠯᠬᠤ ᠰᠠᠨᠠᠭᠤᠯᠭ᠎ᠠ ᠳᠤᠷᠠᠳᠪᠠ᠃ ᠳᠠᠷᠠᠭ᠎ᠠ᠎ᠨᠢ᠂ ᠭᠠᠯ ᠤᠨᠲᠠᠷᠠᠭ᠋ᠠᠬᠤ ᠰᠣᠷᠢᠯᠲᠠ ᠵᠢᠨ ᠳᠠᠭᠤᠷᠢᠶᠠᠮᠠᠯ ᠠᠵᠢᠯ᠎ᠤᠨ ᠲᠠᠯᠠᠪᠤᠷ ᠭᠡᠨᠡᠳᠲᠡ ᠡᠭᠦᠰᠦᠭᠰᠡᠨ ᠭᠠᠯ᠎ᠤᠨ ᠪᠠᠶ᠋ᠢᠳᠠᠯ᠂ ᠰᠣᠷᠢᠯᠲᠠ᠎ᠳᠤ ᠣᠷᠣᠯᠴᠠᠭᠰᠠᠳ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ᠎ᠤᠨ ᠶᠣᠰᠣᠭ᠋ᠠᠷ ᠠᠵᠢᠯ ᠬᠤᠪᠢᠶᠠᠷᠢᠯᠠᠨ ᠬᠠᠮᠵᠢᠯᠴᠠᠵᠤ᠂ ᠲᠦᠭᠰᠢᠭᠦᠷᠢ ᠮᠡᠳᠡᠭᠦᠯᠬᠦ᠂ ᠲᠠᠷᠬᠠᠭ᠋ᠠᠬᠤ᠂ ᠭᠠᠯ ᠤᠨᠲᠠᠷᠠᠭ᠋ᠠᠬᠤ ᠵᠡᠷᠭᠡ ᠭᠤᠭᠴᠤᠭ᠎ᠠ ᠵᠢ ᠲᠦᠷᠭᠡᠨ ᠪᠡᠶᠡᠯᠡᠭᠦᠯᠪᠡ᠃ ᠭᠠᠯ ᠤᠨᠲᠠᠷᠠᠭ᠋ᠠᠬᠤ ᠠᠩᠭᠢ ᠵᠢᠨ ᠭᠡᠰᠢᠭᠦᠳ ᠲᠤᠬᠠᠶ ᠵᠢᠨ ᠲᠠᠯᠠᠪᠤᠷ᠎ᠲᠤ ᠣᠯᠠᠨ ᠲᠦᠮᠡᠨ᠎ᠢ ᠵᠢᠯᠣᠭᠤᠳᠤᠨ ᠭᠠᠯ ᠤᠨᠲᠠᠷᠠᠭ᠋ᠠᠭᠤᠷ ᠵᠶ᠋ᠠᠷ ᠢᠯᠡ ᠭᠠᠯ᠎ᠢ ᠤᠨᠲᠠᠷᠠᠭ᠋ᠠᠬᠤ ᠵᠢᠨ ᠬᠠᠮᠲᠤ ᠠᠮᠢ ᠵᠢᠭᠤᠲᠠᠬᠤ ᠵᠠᠮ᠎ᠤᠨ ᠰᠣᠷᠢᠯᠲᠠ ᠵᠢ ᠵᠣᠬᠢᠶᠠᠨ ᠪᠠᠶ᠋ᠢᠭᠤᠯᠵᠤ᠂ ᠠᠵᠢᠯᠯᠠᠭ᠎ᠠ᠎ᠨᠢ ᠵᠢᠷᠤᠮᠵᠢᠭ᠋ᠠᠳ᠂ ᠳᠠᠭ᠋ᠠᠬᠤ᠎ᠨᠢ ᠥᠨᠳᠥᠷ ᠪᠦᠲᠦᠮᠵᠢᠲᠡᠶ ᠪᠠᠶ᠋ᠢᠬᠤ ᠵᠢ ᠦᠨᠡᠨᠬᠦ ᠪᠠᠲᠤᠯᠠᠪᠠ᠃
ᠲᠠᠷᠠᠭ᠋ᠠᠴᠢ ᠵᠢᠨ ᠠᠯᠬᠤᠮ᠎ᠳᠤ᠂ ᠪᠠᠶ ᠮᠢᠶᠣᠣ ᠽᠢ ᠪᠠᠯᠭ᠋ᠠᠰᠤᠨ᠎ᠤ ᠵᠠᠰᠠᠭ᠎ᠤᠨ ᠣᠷᠳᠣᠨ ᠦᠷᠭᠦᠯᠵᠢᠯᠡᠨ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠎ᠲᠠᠢ ᠬᠤᠯᠪᠣᠭ᠋ᠠᠯᠠᠨ ᠭᠠᠯ ᠤᠨᠲᠠᠷᠠᠭ᠋ᠠᠬᠤ ᠠᠮᠤᠷ ᠲᠦᠪᠰᠢᠨ᠎ᠤ ᠤᠬᠠᠭᠤᠯᠭ᠎ᠠ ᠬᠥᠮᠦᠵᠢᠯ᠎ᠤᠨ ᠠᠵᠢᠯ᠎ᠢ ᠴᠢᠩᠭ᠋ᠠᠳᠬᠠᠵᠤ᠂ ᠭᠠᠯ ᠤᠨᠲᠠᠷᠠᠭ᠋ᠠᠬᠤ ᠰᠣᠷᠢᠯᠲᠠ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠵᠣᠬᠢᠶᠠᠨ ᠪᠠᠶ᠋ᠢᠭᠤᠯᠵᠤ᠂ ᠪᠥᠬᠦ ᠪᠠᠯᠭ᠋ᠠᠰᠤᠨ᠎ᠤ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠬᠠᠮᠠᠭ᠋ᠠᠯᠠᠬᠤ ᠪᠣᠯᠤᠨ᠎ᠠ᠃