9 ᠰᠠᠷ᠎ᠠ ᠵᠢᠨ 21᠎ᠤ ᠡᠳᠦᠷ᠎ᠤᠨ ᠦᠳᠡ ᠵᠢᠨ ᠬᠣᠶ᠋ᠢᠨ᠎ᠠ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠯᠢ ᠪᠢᠩ ᠷᠦᠩ ᠠᠯᠠᠱ᠌ᠠ ᠠᠶ᠋ᠢᠮᠠᠭ᠎ᠤᠨ ᠮᠤᠨᠢ ᠠᠭᠤᠯᠠ ᠵᠢᠨ ᠤᠯᠤᠰ᠎ᠤᠨ ᠴᠡᠴᠡᠷᠯᠢᠭ᠎ᠢ ᠪᠥᠲᠥᠭᠡᠨ ᠪᠠᠶ᠋ᠢᠭᠤᠯᠬᠤ ᠠᠵᠢᠯ᠎ᠳᠤ ᠪᠠᠶ᠋ᠢᠴᠠᠭ᠋ᠠᠨ ᠰᠤᠳᠤᠯᠤᠯᠲᠠ ᠬᠢᠪᠠ᠃ ᠠᠯᠠᠱ᠌ᠠ ᠠᠶ᠋ᠢᠮᠠᠭ᠎ᠤᠨ ᠳᠡᠳ᠋ ᠠᠢ᠌ᠮᠠᠭ᠎ᠤᠨ ᠳᠠᠷᠤᠭ᠎ᠠ ᠯᠢᠦ ᠳ᠋ᠸ ᠵᠢᠴᠢ ᠠᠶ᠋ᠢᠮᠠᠭ᠂ ᠬᠣᠰᠢᠭᠤᠨ᠎ᠤ ᠬᠠᠮᠢᠶ᠎ᠠ ᠪᠥᠬᠥᠶ ᠬᠥᠮᠦᠰ ᠪᠠᠢ᠌ᠴᠠᠭ᠋ᠠᠨ ᠰᠤᠳᠤᠯᠤᠯᠳᠠ᠎ᠳᠤ ᠤᠷᠤᠯᠴᠠᠪᠠ᠃
ᠯᠢ ᠪᠢᠩ ᠷᠦᠩ ᠨᠠᠷ ᠤᠷᠢᠳ ᠬᠣᠵᠢᠳ ᠮᠤᠨᠢ ᠠᠭᠤᠯᠠ ᠵᠢᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠴᠠᠬᠤ᠎ᠲᠤ ᠬᠦᠲᠦᠯ᠂ ᠰᠠᠷᠯᠤᠭ᠎ᠤᠨ ᠲᠤᠭᠤᠷᠢᠮ᠎ᠳᠤ ᠬᠦᠷᠴᠦ ᠬᠠᠮᠠᠭ᠋ᠠᠯᠠᠯᠲᠠ ᠵᠢᠨ ᠣᠷᠣᠨ᠎ᠤ ᠠᠮᠢ ᠠᠬᠤᠢ ᠵᠢᠨ ᠬᠠᠮᠠᠭ᠋ᠠᠯᠠᠯᠲᠠ ᠵᠢᠨ ᠦᠷ᠎ᠡ ᠪᠦᠲᠦᠭᠡᠯ ᠪᠣᠯᠤᠨ ᠵᠤᠭ᠋ᠠᠴᠠᠯ᠎ᠤᠨ ᠤᠷᠤᠨ᠎ᠤ ᠦᠢ᠍ᠯᠡᠴᠢᠯᠡᠭᠡᠨ᠎ᠤ ᠴᠢᠳᠠᠮᠵᠢ ᠵᠢᠨ ᠪᠠᠶ᠋ᠢᠳᠠᠯ᠎ᠢ ᠰᠢᠨᠵᠢᠯᠡᠨ ᠪᠠᠶ᠋ᠢᠴᠠᠭ᠋ᠠᠵᠤ᠂ ᠪᠠᠰᠠ ᠤᠯᠤᠰ᠎ᠤᠨ ᠴᠡᠴᠡᠷᠯᠢᠭ᠎ᠢ ᠡᠭᠦᠳᠦᠨ ᠪᠠᠶ᠋ᠢᠭᠤᠯᠬᠤ ᠪᠡᠯᠡᠳᠬᠡᠯ ᠠᠵᠢᠯ ᠪᠠ ᠮᠤᠨᠢ ᠠᠭᠤᠯᠠ ᠵᠢᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠤᠨ᠂ ᠭᠦᠨᠵᠡᠭᠡᠶ ᠵᠠᠳᠠᠯᠤᠯᠲᠠ ᠬᠢᠵᠦ᠂ ᠮᠤᠨᠢ ᠠᠭᠤᠯᠠ ᠵᠢᠨ ᠤᠯᠤᠰ᠎ᠤᠨ ᠴᠡᠴᠡᠷᠯᠢᠭ᠎ᠤᠨ ᠪᠥᠲᠥᠭᠡᠨ ᠪᠠᠶ᠋ᠢᠭᠤᠯᠤᠯᠲᠠ᠂ ᠲᠦᠯᠦᠪᠵᠢᠬᠦᠯᠭᠡ ᠵᠡᠷᠭᠡ ᠠᠰᠠᠭᠤᠳᠠᠯ᠎ᠢ ᠬᠠᠮᠲᠤ᠎ᠪᠠᠷ ᠰᠤᠳᠤᠯᠤᠨ ᠶᠠᠷᠢᠯᠴᠠᠪᠠ᠃ ᠡᠭᠦᠨ᠎ᠤ ᠬᠠᠮᠲᠤ ᠲᠠᠷᠠᠭ᠋ᠠᠴᠢ ᠵᠢᠨ ᠠᠯᠬᠤᠮ᠎ᠤᠨ ᠤᠯᠤᠰ᠎ᠤᠨ ᠴᠡᠴᠡᠷᠯᠢᠭ᠎ᠤᠨ ᠪᠥᠲᠥᠭᠡᠨ ᠪᠠᠶ᠋ᠢᠭᠤᠯᠤᠯᠲᠠ ᠵᠢᠨ ᠠᠵᠢᠯ᠎ᠢ ᠠᠬᠢᠭᠤᠯᠬᠤ ᠠᠷᠭ᠎ᠠ ᠬᠡᠮᠵᠢᠶ᠎ᠡ᠎ᠳᠤ ᠰᠠᠨᠠᠯ ᠰᠠᠨᠠᠭᠤᠯᠭ᠎ᠠ ᠲᠤᠷᠠᠳᠪᠠ᠃ ᠲᠡᠷᠡ ᠵᠢᠭ᠋ᠠᠵᠤ ᠭᠠᠷᠭ᠋ᠠᠭᠰᠠᠨ᠎ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ᠎ᠤᠨ᠎ᠬᠢᠨ ᠤᠯᠤᠰ᠎ᠤᠨ ᠴᠡᠴᠡᠷᠯᠢᠭ᠎ᠢ ᠡᠭᠦᠳᠦᠨ ᠪᠠᠶ᠋ᠢᠭᠤᠯᠬᠤ ᠬᠥᠭᠵᠢᠯᠲᠡ ᠵᠢᠨ ᠠᠵᠠ ᠲᠣᠬᠢᠶᠠᠯ᠎ᠢ ᠴᠢᠩᠭ᠎ᠠ ᠠᠳᠬᠤᠵᠤ᠂ ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ᠎ᠲᠠᠢ ᠢᠳᠡᠪᠬᠢᠲᠡᠢ ᠠᠭᠤᠰᠤᠯᠴᠠᠭᠤᠯᠬᠤ ᠬᠡᠷᠡᠭᠲᠡᠶ ᠭᠡᠵᠡᠢ᠃ ᠠᠮᠢ ᠠᠬᠤᠢ ᠵᠢᠨ ᠳᠠᠪᠠᠭᠤᠯᠢᠭ᠎ᠲᠤ ᠲᠦᠰᠢᠭᠯᠡᠨ᠂ ᠰᠢᠨᠵᠢᠯᠡᠬᠦ ᠤᠬᠠᠭ᠋ᠠᠨᠴᠢ᠎ᠪᠠᠷ ᠠᠷᠭ᠎ᠠ ᠤᠬᠠᠭ᠋ᠠᠨ ᠰᠦᠪᠡᠭᠴᠢᠯᠡᠵᠦ᠂ ᠲᠤᠬᠠᠶ ᠵᠢᠨ ᠭᠠᠵᠠᠷ ᠣᠷᠣᠨ᠎ᠤ ᠪᠠᠶ᠋ᠢᠳᠠᠯ᠎ᠳᠤᠨᠢ ᠲᠤᠬᠢᠷᠠᠭᠤᠯᠤᠨ᠂ ᠡᠭᠦᠳᠦᠨ ᠪᠠᠶ᠋ᠢᠭᠤᠯᠬᠤ ᠳᠤᠮᠳᠠ ᠬᠠᠮᠠᠭ᠋ᠠᠯᠠᠬᠤ ᠪᠠ ᠬᠥᠭᠵᠢᠭᠦᠯᠬᠦ ᠵᠢᠨ ᠬᠠᠷᠢᠴᠠᠭ᠎ᠠ ᠵᠢ ᠰᠠᠶ᠋ᠢᠲᠤᠷ ᠰᠢᠢ᠍ᠳᠪᠦᠷᠢᠯᠡᠵᠦ᠂ ᠠᠮᠢ ᠠᠬᠤᠶ ᠪᠣᠯᠤᠨ ᠬᠥᠭᠵᠢᠯᠲᠡ ᠵᠢ ᠬᠠᠷᠢᠯᠴᠠᠨ ᠳᠣᠪᠣᠶ᠋ᠢᠯᠭ᠋ᠠᠵᠤ᠂ ᠤᠯᠤᠰ᠎ᠤᠨ ᠴᠡᠴᠡᠷᠯᠢᠭ᠎ᠢ ᠡᠭᠦᠳᠦᠨ ᠪᠠᠶ᠋ᠢᠭᠤᠯᠬᠤ ᠠᠵᠢᠯ᠎ᠢ ᠴᠢᠨᠠᠷ ᠰᠠᠶ᠋ᠢᠲᠠᠶ ᠠᠬᠢᠭᠤᠯᠬᠤ ᠬᠡᠷᠡᠭᠳᠡᠢ ᠭᠡᠵᠡᠢ᠃
ᠪᠠᠶ᠋ᠢᠴᠠᠭ᠋ᠠᠨ ᠰᠤᠳᠤᠯᠤᠯᠲᠠ ᠵᠢᠨ ᠳᠤᠮᠳᠠ᠂ ᠯᠢ ᠪᠢᠩ ᠷᠦᠩ ᠮᠤᠨᠢ ᠠᠭᠤᠯᠠ ᠵᠢᠨ ᠠᠮᠢ ᠠᠬᠤᠶ ᠵᠢᠨ ᠣᠷᠴᠢᠨ ᠲᠤᠭᠤᠷᠢᠨ᠂ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠢ ᠬᠠᠮᠠᠭ᠋ᠠᠯᠠᠭᠰᠠᠨ ᠦᠷ᠎ᠡ ᠪᠦᠲᠦᠭᠡᠯ ᠪᠠ ᠣᠶ ᠰᠢᠭᠤᠶ ᠵᠢᠨ ᠭᠠᠯ ᠰᠡᠷᠭᠡᠶ᠋ᠢᠯᠡᠬᠦ ᠠᠵᠢᠯ᠎ᠢ ᠬᠦᠢ᠍ᠴᠡᠳ ᠨᠤᠲᠠᠯᠠᠪᠠ᠃ ᠲᠡᠷᠡ ᠲᠤᠰ ᠤᠳᠠᠭ᠋ᠠᠨ᠎ᠤ ᠪᠠᠶ᠋ᠢᠴᠠᠭ᠋ᠠᠨ ᠰᠤᠳᠤᠯᠤᠯᠲᠠ ᠵᠢᠨ ᠵᠣᠷᠢᠯᠭ᠎ᠠ ᠪᠣᠯ ᠮᠤᠨᠢ ᠠᠭᠤᠯᠠ ᠵᠢᠨ ᠤᠯᠤᠰ᠎ᠤᠨ ᠴᠡᠴᠡᠷᠯᠢᠭ᠎ᠢ ᠬᠡᠷᠬᠢᠨ ᠪᠠᠶ᠋ᠢᠭᠤᠯᠬᠤ ᠵᠢ ᠪᠠᠶ᠋ᠢᠴᠠᠭ᠋ᠠᠨ ᠰᠤᠳᠤᠯᠵᠤ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠰᠢᠰᠲ᠋ᠧᠮ᠎ᠤᠨ ᠪᠠᠶ᠋ᠢᠭᠤᠯᠤᠯᠲᠠ ᠵᠢ ᠠᠬᠢᠭᠤᠯᠬᠤ ᠶᠠᠪᠤᠳᠠᠯ ᠪᠣᠯᠤᠨ᠎ᠠ᠃ ᠪᠣᠳᠠᠲᠤ ᠠᠵᠢᠯᠯᠠᠭ᠎ᠠ᠎ᠪᠠᠷ ᠵᠶ᠋ᠠᠨ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠤ ᠪᠤᠳᠤᠯᠭ᠎ᠠ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠪᠠ᠃ ᠲᠡᠷᠡ᠄ ᠮᠤᠨᠢ ᠠᠭᠤᠯᠠ ᠠᠭᠤᠯᠠ ᠡᠯᠪᠡᠭ ᠪᠠᠶᠠᠯᠢᠭ ᠠᠮᠢ ᠠᠬᠤᠢ ᠵᠢᠨ ᠡᠬᠢ ᠪᠠᠶᠠᠯᠢᠭ᠎ᠲᠠᠢ᠂ ᠠᠮᠢ ᠠᠬᠤᠢ ᠵᠢᠨ ᠣᠷᠣᠨ ᠪᠠᠢ᠌ᠷᠢ ᠲᠤᠶ᠋ᠢᠯ᠎ᠤᠨ ᠴᠢᠬᠤᠯᠠ ᠶᠤᠮ᠃ ᠭᠡᠪᠡᠴᠦ ᠮᠤᠨᠢ ᠠᠭᠤᠯᠠ ᠵᠢᠨ ᠪᠠᠶ᠋ᠢᠭ᠋ᠠᠯᠢ ᠵᠢᠨ ᠠᠮᠢ ᠠᠬᠤᠶ ᠵᠢᠨ ᠰᠢᠰᠲ᠋ᠧᠮ᠎ᠨᠢ ᠴᠦ᠍ ᠲᠤᠶ᠋ᠢᠯ᠎ᠤᠨ ᠬᠡᠪᠡᠷᠡᠭ ᠪᠤᠯᠤᠨ᠎ᠠ᠃ ᠮᠤᠨᠢ ᠠᠭᠤᠯᠠᠨ᠎ᠤ ᠠᠮᠢ ᠠᠬᠤᠶ ᠵᠢᠨ ᠣᠷᠴᠢᠨ ᠲᠣᠭᠣᠷᠢᠨ᠎ᠢ ᠨᠡᠩ ᠰᠢᠨᠵᠢᠯᠡᠬᠦ ᠤᠬᠠᠭ᠋ᠠᠨᠴᠢ ᠪᠥᠭᠡᠳ ᠵᠦᠶ ᠵᠣᠬᠢᠰᠲᠠᠶ ᠬᠠᠮᠠᠭ᠋ᠠᠯᠠᠬᠤ ᠵᠢᠨ ᠲᠥᠯᠥᠭᠡ ᠬᠦᠴᠦᠲᠡᠶ ᠠᠷᠭ᠎ᠠ ᠬᠡᠮᠵᠢᠶ᠎ᠡ ᠠᠪᠬᠤ ᠵᠢ ᠲᠤᠯᠭ᠋ᠠᠮ᠎ᠠ ᠱᠠᠭ᠋ᠠᠷᠳᠠᠵᠤ ᠪᠠᠢ᠌ᠨ᠎ᠠ᠃ ᠬᠠᠮᠠᠭ᠋ᠠᠯᠠᠯᠲᠠ ᠵᠢᠨ ᠣᠷᠣᠨ᠎ᠤ ᠬᠠᠮᠢᠶᠠᠷᠤᠯᠲᠠ ᠵᠢᠨ ᠰᠠᠯᠠᠭ᠎ᠠ ᠮᠥᠴᠢᠷ ᠬᠠᠮᠠᠭ᠋ᠠᠯᠠᠯᠲᠠ ᠵᠢᠨ ᠠᠷᠭ᠎ᠠ ᠬᠡᠮᠵᠢᠶ᠎ᠡ᠎ᠪᠠᠨ ᠦᠷᠭᠦᠯᠵᠢᠯᠡᠨ ᠴᠢᠩᠭ᠋ᠠᠳᠬᠠᠵᠤ᠂ ᠪᠠᠶ᠋ᠢᠭ᠋ᠠᠯᠢ ᠵᠢᠨ ᠠᠮᠢ ᠠᠬᠤᠶ ᠵᠢᠨ ᠰᠢᠰᠲ᠋ᠧᠮ᠎ᠤᠨ ᠪᠠᠢ᠌ᠭ᠋ᠠᠯᠢᠯᠢᠭ ᠰᠢᠨᠵᠢ᠂ ᠪᠦᠷᠢᠨ ᠪᠦᠲᠦᠨ ᠴᠢᠨᠠᠷ᠎ᠢ ᠬᠠᠮᠠᠭ᠋ᠠᠯᠠᠬᠤ ᠠᠵᠢᠯ᠎ᠢ ᠰᠠᠶ᠋ᠢᠲᠤᠷ ᠬᠢᠵᠦ᠂ ᠪᠠᠶ᠋ᠢᠭ᠋ᠠᠯᠢ ᠵᠢᠨ ᠡᠬᠢ ᠪᠠᠶᠠᠯᠢᠭ᠂ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ ᠵᠡᠷᠭᠡ ᠪᠠᠶ᠋ᠢᠳᠠᠯ᠎ᠳᠤ ᠪᠠᠶ᠋ᠢᠴᠠᠭ᠋ᠠᠨ ᠰᠤᠳᠤᠯᠤᠯᠲᠠ ᠬᠢᠬᠦ ᠬᠡᠷᠡᠭᠳᠡᠢ᠃ ᠭᠠᠯ ᠰᠡᠷᠭᠡᠶ᠋ᠢᠯᠡᠬᠦ ᠴᠢᠳᠠᠪᠤᠷᠢ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠣᠢ ᠰᠢᠭᠤᠶ ᠵᠢᠨ ᠭᠠᠯ ᠲᠦᠢ᠍ᠮᠡᠷ ᠭᠠᠷᠬᠤ ᠵᠢ ᠴᠢᠩᠭ᠎ᠠ ᠰᠡᠷᠭᠡᠶ᠋ᠢᠯᠡᠵᠦ᠂ ᠡᠷᠡᠰ ᠰᠢᠭᠤᠷᠬᠠᠶ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠪᠦᠲᠦᠮᠵᠢᠲᠡᠶ ᠬᠠᠮᠠᠭ᠋ᠠᠯᠠᠨ ᠠᠰᠢᠭᠯᠠᠵᠤ᠂ ᠮᠤᠨᠢ ᠠᠭᠤᠯᠠ ᠵᠢᠨ ᠤᠯᠤᠰ᠎ᠤᠨ ᠴᠡᠴᠡᠷᠯᠢᠭ᠎ᠢ ᠲᠦᠷᠭᠡᠳᠬᠡᠨ ᠪᠠᠶ᠋ᠢᠭᠤᠯᠬᠤ ᠪᠡᠯᠡᠳᠬᠡᠯ ᠠᠵᠢᠯ᠎ᠢ ᠰᠠᠶ᠋ᠢᠲᠤᠷ ᠬᠢᠬᠦ ᠬᠡᠷᠡᠭᠳᠡᠢ ᠭᠡᠵᠡᠢ᠃