(ᠰᠤᠷᠪᠤᠯᠵᠢᠯᠠᠭᠴᠢ ᠯᠢᠶᠠᠩ ᠵᠢᠩ ᠱᠤ᠌) ᠦᠴᠦᠸᠠᠨ ᠰᠢᠶᠠᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠣᠪᠴᠢᠶ᠎ᠠ ᠵᠢᠨ ᠠᠵᠢᠯᠲᠠᠨ᠎ᠤ ᠲᠠᠨᠢᠯᠴᠠᠭᠤᠯᠤᠭᠰᠠᠨ ᠵᠶ᠋ᠠᠷ᠂ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠵᠢᠨ ᠳᠠᠯᠠᠨ ᠬᠠᠷ᠎ᠠ ᠠᠭᠤᠯᠠ ᠵᠢᠨ ᠤᠯᠤᠰ᠎ᠤᠨ ᠲᠡᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠳᠣᠲᠣᠷᠠᠬᠢ ᠠᠵᠤ ᠦᠢ᠍ᠯᠡᠳᠪᠦᠷᠢ ᠠᠭᠤᠷᠬᠠᠢ ᠵᠢᠨ ᠠᠵᠤ ᠠᠬᠤᠶ᠋ᠢᠯᠠᠯ ᠤᠬᠤᠷᠢᠨ ᠭᠠᠷᠬᠤ ᠬᠤᠯᠪᠣᠭᠳᠠᠯ ᠪᠦᠬᠦᠢ ᠲᠥᠰᠥᠯ ᠵᠢᠴᠢ ᠲᠥᠪ᠎ᠤᠨ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠶ᠋ᠢᠴᠠᠭ᠋ᠠᠵᠤ ᠬᠠᠷᠢᠭᠤ ᠲᠤᠰᠬᠠᠭᠰᠠᠨ ᠰᠠᠨᠠᠯ᠎ᠢ ᠴᠡᠭᠴᠡᠯᠡᠨ ᠰᠠᠶ᠋ᠢᠵᠢᠷᠠᠭᠤᠯᠬᠤ ᠲᠥᠰᠥᠯ᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠦᠴᠦᠸᠠᠨ ᠰᠢᠶᠠᠨ ᠠᠵᠤ ᠦᠢ᠍ᠯᠡᠳᠪᠦᠷᠢ ᠠᠭᠤᠷᠬᠠᠢ ᠵᠢᠨ ᠠᠵᠤ ᠠᠬᠤᠶ᠋ᠢᠯᠠᠯ᠎ᠢ ᠴᠡᠪᠡᠷᠯᠡᠨ ᠤᠬᠤᠷᠢᠭᠤᠯᠤᠨ ᠭᠠᠷᠭ᠋ᠠᠬᠤ ᠠᠵᠢᠯ᠎ᠢ ᠪᠦᠬᠦ ᠬᠦᠴᠦᠨ ᠵᠶ᠋ᠠᠷ ᠵᠶ᠋ᠠᠨ ᠠᠬᠢᠭᠤᠯᠪᠠ᠃ ᠣᠳᠣᠬᠠᠨ᠎ᠳᠤ᠂ ᠦᠴᠦᠸᠠᠨ ᠰᠢᠶᠠᠨ ᠳᠠᠯᠠᠨ ᠬᠠᠷ᠎ᠠ ᠠᠭᠤᠯᠠ ᠵᠢᠨ ᠤᠯᠤᠰ᠎ᠤᠨ ᠲᠡᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠳᠣᠲᠣᠷᠠᠬᠢ 51 ᠠᠭᠤᠷᠬᠠᠢ ᠵᠢ ᠬᠠᠭ᠋ᠠᠵᠤ᠂ ᠠᠭᠤᠷᠬᠠᠢ ᠵᠢᠨ ᠡᠷᠬᠡ ᠵᠢᠨ ᠵᠥᠪᠰᠢᠶᠡᠷᠡᠯ᠎ᠤᠨ ᠪᠢᠴᠢᠭ᠎ᠢ ᠲᠠᠩᠰᠠᠨ᠎ᠠᠴᠠ ᠬᠠᠰᠤᠵᠤ ᠬᠦᠴᠦᠨ ᠦᠭᠡᠢ ᠪᠣᠯᠭ᠋ᠠᠬᠤ ᠠᠵᠢᠯ᠎ᠢ ᠪᠦᠬᠦᠨ᠎ᠢ ᠳᠠᠭᠤᠰᠬᠠᠵᠠᠢ᠃