ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠪᠦᠬᠦ ᠪᠥᠮᠪᠥᠷᠴᠡᠭ᠎ᠤᠨ ᠬᠠᠮᠤᠭ᠎ᠤᠨ ᠶᠡᠭᠡ ᠴᠢᠯᠥᠭᠡᠲᠦ ᠠᠷᠠᠯᠵᠢᠶᠠᠨ᠎ᠤ ᠬᠡᠯᠡᠯᠴᠡᠭᠡᠷ ᠵᠢᠩᠬᠢᠨᠢ᠎ᠪᠠᠷ ᠲᠣᠭᠲᠠᠪᠠ!
ᠨᠡᠶ᠋ᠢᠲᠡᠯᠡᠭᠰᠡᠨ ᠴᠠᠭ᠄ 2020-11-18

      ᠳᠥᠷᠪᠡᠳᠦᠭᠡᠷ ᠤᠳᠠᠭ᠋ᠠᠨ᠎ᠤ ᠣᠷᠣᠨ ᠪᠦᠰᠡ ᠵᠢᠨ ᠪᠦᠬᠦ ᠲᠠᠯ᠎ᠠ ᠵᠢᠨ ᠠᠵᠤ ᠠᠬᠤᠢ ᠵᠢᠨ ᠬᠠᠨᠢᠲᠠᠨ᠎ᠤ ᠬᠠᠷᠢᠴᠠᠭ᠎ᠠ ᠵᠢᠨ ᠬᠡᠯᠡᠯᠴᠡᠭᠡᠷ᠎ᠤᠨ ᠤᠳᠤᠷᠢᠳᠬᠤ ᠬᠥᠮᠦᠰ᠎ᠤᠨ ᠬᠤᠷᠠᠯ 11 ᠳ᠋ᠦ᠍ᠭᠡᠷ ᠰᠠᠷ᠎ᠠ ᠵᠢᠨ 15᠎ᠤ ᠡᠳᠦᠷ ᠬᠤᠷᠠᠯᠳᠤᠵᠤ᠂ ᠵᠡᠭᠦᠨ ᠡᠮᠦᠨᠡᠲᠦ ᠠᠽᠢᠶ᠎ᠠ ᠵᠢᠨ ᠬᠤᠯᠪᠣᠭ᠋ᠠᠨ᠎ᠤ ᠠᠷᠪᠠᠨ ᠤᠯᠤᠰ ᠵᠢᠴᠢ ᠳᠤᠮᠳᠠᠳᠤ ᠤᠯᠤᠰ᠂ ᠶᠠᠫᠣᠨ᠂ ᠺᠣᠷᠢᠶᠠ᠂ ᠠᠦ᠋ᠰᠲᠷᠠᠯᠢᠶ᠎ᠠ᠂ ᠰᠢᠨ᠎ᠡ ᠽᠢᠯᠠᠨᠳ᠋ ᠵᠡᠷᠭᠡ 15 ᠤᠯᠤᠰ᠂ ᠣᠷᠣᠨ ᠪᠦᠰᠡ ᠵᠢᠨ ᠪᠦᠬᠦ ᠲᠠᠯ᠎ᠠ ᠵᠢᠨ ᠠᠵᠤ ᠠᠬᠤᠶ ᠵᠢᠨ ᠬᠠᠨᠢᠲᠠᠨ᠎ᠤ ᠬᠠᠷᠢᠴᠠᠭ᠎ᠠ ᠵᠢᠨ ᠬᠡᠯᠡᠯᠴᠡᠭᠡᠷ (RCEP)᠎ᠲᠤ ᠵᠢᠩᠬᠢᠨᠢ᠎ᠪᠠᠷ ᠭᠠᠷ᠎ᠤᠨ ᠦᠰᠦᠭ ᠵᠢᠷᠤᠭᠰᠠᠨ᠎ᠨᠢ ᠪᠦᠬᠦ ᠪᠥᠮᠪᠥᠷᠴᠡᠭ᠎ᠤᠨ ᠬᠡᠪᠴᠢᠶ᠎ᠡ᠎ᠪᠠᠷ ᠬᠠᠮᠤᠭ᠎ᠤᠨ ᠶᠡᠭᠡ ᠴᠢᠯᠥᠭᠡᠲᠦ ᠠᠷᠠᠯᠵᠢᠶᠠᠨ᠎ᠤ ᠬᠡᠯᠡᠯᠴᠡᠭᠡᠷ ᠵᠢᠩᠬᠢᠨᠢ᠎ᠪᠠᠷ ᠲᠣᠭᠲᠠᠭᠰᠠᠨ᠎ᠢ ᠬᠠᠷᠠᠭᠤᠯᠵᠤ ᠪᠠᠶ᠋ᠢᠨ᠎ᠠ᠃ RCEP᠎ᠲᠤ ᠭᠠᠷ᠎ᠤᠨ ᠦᠰᠦᠭ ᠵᠢᠷᠤᠭᠰᠠᠨ᠎ᠨᠢ ᠭᠠᠵᠠᠷ ᠣᠷᠣᠨ᠎ᠤ ᠤᠯᠤᠰ᠎ᠤᠳ ᠪᠣᠳᠠᠲᠤ ᠠᠵᠢᠯᠯᠠᠭ᠎ᠠ᠎ᠪᠠᠷ ᠵᠶ᠋ᠠᠨ ᠤᠯᠠᠨ ᠲᠠᠯᠠᠲᠤ ᠠᠷᠠᠯᠵᠢᠶᠠᠨ᠎ᠤ ᠪᠠᠶ᠋ᠢᠭᠤᠯᠤᠯ᠎ᠢ ᠬᠠᠮᠠᠭ᠋ᠠᠯᠠᠵᠤ᠂ ᠨᠡᠭᠡᠭᠡᠯᠲᠡᠲᠦ ᠬᠡᠯᠪᠡᠷᠢ ᠵᠢᠨ ᠳᠡᠯᠡᠬᠡᠶ ᠵᠢᠨ ᠠᠵᠤ ᠠᠬᠤᠶ ᠵᠢ ᠪᠦᠳᠦᠭᠡᠨ ᠪᠠᠶ᠋ᠢᠭᠤᠯᠬᠤ ᠴᠢᠬᠤᠯᠠ ᠨᠢᠭᠡ ᠠᠯᠬᠤᠮ ᠮᠥᠨ᠂ ᠲᠡᠷᠡ᠎ᠨᠢ ᠣᠷᠣᠨ ᠪᠦᠰᠡ ᠵᠢᠨ ᠠᠵᠤ ᠠᠬᠤᠶ ᠵᠢᠨ ᠨᠢᠭᠡ ᠴᠤᠭᠴᠠᠵᠢᠯᠲᠠ ᠵᠢ ᠭᠦᠨᠵᠡᠭᠡᠶ᠋ᠢᠷᠡᠭᠦᠯᠬᠦ᠂ ᠪᠦᠬᠦ ᠪᠥᠮᠪᠥᠷᠴᠡᠭ᠎ᠤᠨ ᠠᠵᠤ ᠠᠬᠤᠶ ᠵᠢ ᠲᠣᠭᠲᠠᠪᠤᠷᠢᠵᠢᠭᠤᠯᠬᠤ᠎ᠳᠤ ᠪᠡᠯᠭᠡ ᠲᠡᠮᠳᠡᠭ᠎ᠤᠨ ᠴᠢᠨᠠᠷᠲᠠᠶ ᠠᠴᠢ ᠬᠤᠯᠪᠣᠭᠳᠠᠯ᠎ᠲᠠᠢ ᠶᠤᠮ᠃



   
      ᠬᠡᠯᠡᠯᠴᠡᠭᠡᠷ᠎ᠨᠢ 8 ᠵᠢᠯ ᠦᠷᠭᠦᠯᠵᠢᠯᠡᠪᠡ

      ᠬᠡᠯᠡᠯᠴᠡᠭᠡᠷ᠎ᠢ ᠵᠡᠭᠦᠨ ᠡᠮᠦᠨᠡᠲᠦ ᠠᠽᠢᠶ᠎ᠠ ᠵᠢᠨ ᠤᠯᠤᠰ᠎ᠤᠳ᠎ᠤᠨ ᠬᠤᠯᠪᠣᠭ᠎ᠠ ᠵᠢᠨ 10 ᠤᠯᠤᠰ᠎ᠠᠴᠠ ᠰᠠᠨᠠᠭ᠋ᠠᠴᠢᠯᠠᠵᠤ᠂ ᠳᠤᠮᠳᠠᠳᠤ ᠤᠯᠤᠰ᠂ ᠶᠠᠫᠣᠨ᠂ ᠺᠣᠷᠢᠶᠠ᠂ ᠠᠦ᠋ᠰᠲᠷᠠᠯᠢᠶ᠎ᠠ᠂ ᠰᠢᠨ᠎ᠡ ᠽᠢᠯᠠᠨᠳ᠋᠂ ᠡᠨᠡᠳᠬᠡᠭ ᠵᠡᠷᠭᠡ 6 ᠶᠠᠷᠢᠯᠴᠠᠭ᠋ᠠᠨ᠎ᠤ ᠬᠠᠨᠢᠲᠠᠨ ᠤᠯᠤᠰ᠎ᠢ ᠣᠷᠣᠯᠴᠠᠭᠤᠯᠬᠤ᠎ᠪᠠᠷ ᠤᠷᠢᠵᠤ᠂ ᠪᠣᠭᠤᠮᠲᠠ ᠵᠢᠨ ᠭᠠᠶ᠋ᠢᠯᠢ ᠵᠢᠴᠢ ᠪᠣᠭᠤᠮᠲᠠ ᠵᠢᠨ ᠭᠠᠶ᠋ᠢᠯᠢ ᠵᠢᠨ ᠪᠤᠰᠤ ᠬᠤᠷᠢᠭ᠎ᠠ ᠵᠢ ᠪᠠᠭ᠋ᠠᠰᠬᠠᠵᠦ᠂ 16 ᠤᠯᠤᠰ᠎ᠤᠨ ᠨᠢᠭᠡᠳᠦᠯᠲᠡᠶ ᠵᠠᠬ᠎ᠠ ᠳᠡᠯᠭᠡᠭᠦᠷ᠎ᠤᠨ ᠴᠢᠯᠥᠭᠡᠲᠦ ᠠᠷᠠᠯᠵᠢᠶᠠᠨ᠎ᠤ ᠬᠡᠯᠡᠯᠴᠡᠭᠡᠷ᠎ᠢ ᠪᠠᠶ᠋ᠢᠭᠤᠯᠬᠤ᠎ᠪᠠᠷ ᠵᠣᠷᠢᠯᠭ᠎ᠠ᠎ᠪᠠᠨ ᠪᠣᠯᠭ᠋ᠠᠪᠠ᠃

      ᠬᠡᠯᠡᠯᠴᠡᠭᠡᠷ᠎ᠨᠢ 2012 ᠣᠨ᠎ᠤ 11 ᠳ᠋ᠦ᠍ᠭᠡᠷ ᠰᠠᠷ᠎ᠠ᠎ᠳᠤ ᠵᠢᠩᠬᠢᠨᠢ᠎ᠪᠠᠷ ᠡᠬᠢᠯᠡᠵᠦ᠂ ᠳᠤᠮᠳᠠ ᠵᠢᠵᠢᠭ ᠠᠵᠤ ᠠᠬᠤᠶ᠋ᠢᠯᠠᠯ᠂ ᠪᠡᠯᠡ ᠣᠷᠤᠭᠤᠯᠤᠯᠲᠠ᠂ ᠠᠵᠤ ᠠᠬᠤᠶ ᠮᠡᠷᠭᠡᠵᠢᠯ᠎ᠤᠨ ᠬᠠᠮᠲᠤᠷᠠᠯᠴᠠᠭ᠎ᠠ᠂ ᠡᠳ᠋ ᠪᠠᠷᠠᠭ᠎ᠠ ᠪᠣᠯᠣᠨ ᠦᠢ᠍ᠯᠡᠴᠢᠯᠡᠭᠡᠨ᠎ᠤ ᠠᠷᠠᠯᠵᠢᠶ᠎ᠠ ᠵᠡᠷᠭᠡ 10 ᠰᠢᠬᠠᠮ ᠬᠦᠷᠢᠶ᠎ᠡ ᠴᠠᠷᠠᠭ᠋ᠠᠨ᠎ᠳᠤ ᠬᠤᠯᠪᠣᠭᠳᠠᠵᠠᠢ᠃ 2019 ᠣᠨ᠎ᠤ 11 ᠳ᠋ᠦ᠍ᠭᠡᠷ ᠰᠠᠷ᠎ᠠ ᠵᠢᠨ 4᠎ᠤ ᠡᠳᠦᠷ᠂ ᠭᠤᠷᠪᠠᠳᠤᠭ᠋ᠠᠷ ᠤᠳᠠᠭ᠋ᠠᠨ᠎ᠤ 《ᠣᠷᠣᠨ ᠪᠦᠰᠡ ᠵᠢᠨ ᠪᠦᠬᠦ ᠲᠠᠯ᠎ᠠ ᠵᠢᠨ ᠠᠵᠤ ᠠᠬᠤᠶ ᠵᠢᠨ ᠬᠠᠨᠢᠲᠠᠨ᠎ᠤ ᠬᠠᠷᠢᠴᠠᠭ᠋ᠠᠨ᠎ᠤ ᠬᠡᠯᠡᠯᠴᠡᠭᠡᠷ》᠎ᠤᠨ ᠤᠳᠤᠷᠢᠳᠬᠤ ᠬᠥᠮᠦᠰ᠎ᠤᠨ ᠬᠤᠷᠠᠯ᠎ᠠᠴᠠ ᠬᠠᠮᠲᠤᠷᠠᠭᠰᠠᠨ ᠢᠯᠡᠷᠬᠡᠶ᠋ᠢᠯᠡᠯᠲᠡ ᠨᠡᠶ᠋ᠢᠲᠡᠯᠡᠵᠦ᠂ 15 ᠪᠦᠷᠢᠯᠳᠦᠬᠦᠨ ᠤᠯᠤᠰ ᠪᠦᠬᠦ ᠲᠣᠪᠬᠢᠮᠠᠯ᠎ᠤᠨ ᠬᠡᠯᠡᠯᠴᠡᠭᠡ ᠵᠢᠴᠢ ᠮᠥᠨ ᠴᠢᠨᠠᠷ ᠳᠡᠭᠡᠷᠡᠬᠢ ᠪᠤᠶ ᠪᠦᠬᠦᠢ ᠵᠠᠬ᠎ᠠ ᠳᠡᠯᠭᠡᠭᠦᠷ᠎ᠲᠤ ᠣᠷᠣᠬᠤ ᠵᠢ ᠵᠥᠪᠰᠢᠶᠡᠷᠡᠬᠦ ᠬᠡᠯᠡᠯᠴᠡᠭᠡ᠎ᠪᠠᠨ ᠳᠠᠭᠤᠰᠬᠠᠵᠤ᠂ ᠬᠠᠤᠯᠢ ᠴᠠᠭ᠋ᠠᠵᠠ ᠵᠢᠨ ᠪᠢᠴᠢᠭ ᠮᠠᠲ᠋ᠧᠷᠢᠶᠠᠯ᠎ᠢ ᠬᠢᠨᠠᠨ ᠬᠠᠷᠭᠤᠭᠤᠯᠬᠤ ᠠᠵᠢᠯ ᠵᠶ᠋ᠠᠨ ᠡᠬᠢᠯᠡᠭᠦᠯᠪᠡ᠂ ᠡᠨᠡᠳᠬᠡᠭ 《ᠴᠢᠬᠤᠯᠠ ᠠᠰᠠᠭᠤᠳᠠᠯ ᠬᠠᠷᠠᠬᠠᠨ ᠰᠢᠢ᠍ᠳᠪᠦᠷᠢᠯᠡᠭᠳᠡᠭᠡ ᠥᠬᠡᠶ》 ᠭᠡᠳ ᠲᠦᠷ ᠴᠠᠭ ᠬᠡᠯᠡᠯᠴᠡᠭᠡᠷ᠎ᠲᠤ ᠤᠷᠤᠭᠰᠠᠨ ᠥᠬᠡᠶ᠃

      ᠬᠡᠪᠴᠢᠶ᠎ᠡ᠎ᠨᠢ ᠪᠦᠬᠦ ᠳᠡᠯᠡᠬᠡᠢ᠎ᠳᠤ ᠬᠠᠮᠤᠭ ᠶᠡᠭᠡ

     2018 ᠣᠨ ᠪᠣᠯᠲᠠᠯᠠᠬᠢ ᠪᠦᠷᠢᠳᠬᠡᠯ᠎ᠤᠨ ᠲᠤᠭ᠎ᠠ ᠪᠠᠷᠢᠮᠲᠠ᠎ᠠᠴᠠ ᠦᠵᠡᠪᠡᠯ᠂ ᠬᠡᠯᠡᠯᠴᠡᠭᠡᠷ᠎ᠤᠨ 15 ᠪᠦᠷᠢᠯᠳᠦᠬᠦᠨ ᠤᠯᠤᠰ᠎ᠨᠢ ᠪᠦᠬᠦ ᠪᠥᠮᠪᠥᠷᠴᠡᠭ᠎ᠤᠨ ᠪᠠᠷᠤᠭ 23 ᠳ᠋ᠦᠩᠰᠢᠭᠤᠷ ᠬᠥᠮᠦᠨ ᠠᠮᠠ ᠵᠢ ᠬᠠᠮᠤᠷᠴᠤ᠂ ᠪᠦᠬᠦ ᠪᠥᠮᠪᠥᠷᠴᠡᠭ᠎ᠤᠨ ᠬᠥᠮᠦᠨ ᠠᠮᠠ ᠵᠢᠨ 30% ᠵᠢ ᠡᠵᠡᠯᠡᠵᠡᠢ; GDP ᠵᠢᠨ ᠨᠡᠶ᠋ᠢᠯᠡᠪᠦᠷᠢ᠎ᠨᠢ 25 ᠲᠦᠮᠡᠨ ᠳ᠋ᠦᠩᠰᠢᠭᠤᠷ ᠳ᠋ᠣᠯᠯᠠᠷ᠎ᠢ ᠳᠠᠪᠠᠵᠤ᠂ ᠪᠠᠭᠲᠠᠵᠤ ᠪᠠᠶ᠋ᠢᠭ᠎ᠠ ᠣᠷᠣᠨ ᠪᠦᠰᠡ᠎ᠨᠢ ᠳᠡᠯᠡᠬᠡᠢ ᠵᠢᠨ ᠬᠠᠮᠤᠭ᠎ᠤᠨ ᠶᠡᠭᠡ ᠴᠢᠯᠥᠭᠡᠲᠦ ᠠᠷᠠᠯᠵᠢᠶᠠᠨ᠎ᠤ ᠣᠷᠣᠨ ᠪᠣᠯᠣᠭᠰᠠᠨ ᠪᠠᠶ᠋ᠢᠨ᠎ᠠ᠃

      ᠣᠯᠠᠨ ᠵᠦᠢ᠍ᠯ᠎ᠤᠨ ᠰᠢᠨ᠎ᠡ ᠠᠷᠠᠯᠵᠢᠶᠠᠨ᠎ᠤ ᠬᠡᠯᠪᠡᠷᠢ ᠵᠢ ᠣᠷᠤᠭᠤᠯᠪᠠ

      ᠬᠡᠯᠡᠯᠴᠡᠭᠡᠷ᠎ᠨᠢ ᠪᠦᠬᠦ ᠪᠥᠮᠪᠥᠷᠴᠡᠭ᠎ᠤᠨ ᠠᠷᠠᠯᠵᠢᠶᠠᠨ᠎ᠤ ᠬᠥᠭᠵᠢᠯᠲᠡ ᠵᠢᠨ ᠬᠠᠨᠳᠤᠰᠢ ᠵᠢ ᠴᠢᠩᠭ᠎ᠠ ᠮᠥᠷᠳᠡᠵᠦ᠂ ᠮᠠᠰᠢ ᠣᠯᠠᠨ ᠰᠢᠨ᠎ᠡ ᠠᠷᠠᠯᠵᠢᠶᠠᠨ᠎ᠤ ᠬᠡᠯᠪᠡᠷᠢ ᠵᠢ ᠣᠷᠤᠭᠤᠯᠵᠠᠢ᠂ ᠡᠯᠺᠸᠲᠷᠤᠨ ᠬᠤᠳᠠᠯᠳᠤᠭ᠋ᠠᠨ᠎ᠤ ᠶᠠᠪᠤᠳᠠᠯ ᠪᠣᠯ ᠳᠠᠷᠤᠶ ᠲᠡᠭᠦᠨ᠎ᠤ ᠳᠣᠲᠣᠷᠠᠬᠢ ᠨᠢᠭᠡ᠎ᠨᠢ ᠪᠣᠯᠤᠨ᠎ᠠ᠃ ᠡᠯᠺᠸᠲᠷᠤᠨ ᠬᠤᠳᠠᠯᠳᠤᠭ᠋ᠠᠨ᠎ᠤ ᠶᠠᠪᠤᠳᠠᠯ᠎ᠠᠴᠠ ᠭᠠᠳᠠᠨ᠎ᠠ᠂ ᠬᠡᠯᠡᠯᠴᠡᠭᠡᠷ᠎ᠲᠤ ᠪᠠᠰᠠ ᠮᠡᠳᠡᠯᠭᠡ ᠵᠢᠨ ᠪᠦᠲᠦᠭᠡᠭᠳᠡᠬᠦᠨ᠎ᠤ ᠥᠮᠴᠢᠯᠡᠬᠦ ᠡᠷᠬᠡ᠂ ᠥᠷᠢᠰᠥᠯᠳᠦᠭᠡᠨ᠎ᠤ ᠲᠦᠷᠦ ᠵᠢᠨ ᠪᠣᠳᠣᠯᠭ᠎ᠠ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ᠂ ᠳᠤᠮᠳᠠ ᠵᠢᠵᠢᠭ ᠠᠵᠤ ᠠᠬᠤᠶ᠋ᠢᠯᠠᠯ ᠵᠡᠷᠭᠡ ᠠᠭᠤᠯᠭ᠎ᠠ ᠵᠢ ᠪᠠᠭᠲᠠᠭ᠋ᠠᠵᠤ᠂ ᠳᠡᠯᠡᠬᠡᠶ ᠵᠢᠨ ᠠᠷᠠᠯᠵᠢᠶᠠᠨ᠎ᠤ ᠵᠣᠬᠢᠶᠠᠨ ᠪᠠᠶ᠋ᠢᠭᠤᠯᠤᠯᠲᠠ ᠵᠢᠨ ᠲᠣᠭᠲᠠᠭ᠋ᠠᠭᠰᠠᠨ ᠬᠡᠪᠴᠢᠶᠡᠨ᠎ᠠᠴᠠ ᠳᠠᠪᠠᠵᠠᠶ᠃
   
   

ᠢᠷᠡᠯᠲᠡ᠄ ᠦᠪᠦᠷ ᠮᠣᠩᠭᠣᠯ᠎ᠤᠨ ᠦᠪᠡᠷᠲᠡᠭᠡᠨ ᠵᠠᠰᠠᠬᠣ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠦᠪᠦᠷ ᠮᠤᠩᠭᠤᠯ ᠪᠤᠯᠤᠨ ᠨᠢᠩᠰᠢᠶᠠ ᠵᠢᠨ ᠾᠧ ᠯᠠᠨ ᠱᠠᠨ ᠠᠭᠤᠯᠠ ᠵᠢᠨ ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠬᠠᠮᠢᠶᠠᠷᠤᠯᠳᠠ ᠵᠢᠨ ᠲᠣᠪᠴᠢᠶ᠎ᠠ ᠬᠠᠮᠳᠤᠷᠠᠨ ᠭᠤᠴᠢᠳᠤᠭ᠋ᠠᠷ ᠤᠳᠠᠭ᠋ᠠᠨ᠎ᠤ ᠾᠧ ᠯᠠᠨ ᠱᠠᠨ ᠠᠭᠤᠯᠠ ᠵᠢᠨ ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠤᠷᠤᠨ᠎ᠤ ᠭᠠᠯ ᠰᠡᠷᠭᠡᠶ᠋ᠢᠯᠡᠬᠦ ᠬᠢᠨᠠᠨ ᠪᠠᠢ᠌ᠴᠠᠭ᠋ᠠᠯᠳᠠ ᠵᠢᠨ ᠠᠵᠢᠯ ᠥᠷᠨᠢᠭᠦᠯᠪᠡ
ᠥᠪᠥᠷ ᠮᠣᠩᠭᠣᠯ᠎ᠤᠨ ᠬᠤᠩᠭᠤ ᠵᠢᠨ ᠲᠠᠪᠠᠭ᠎ᠠ᠎ᠳᠠᠬᠢ ᠤᠯᠤᠰ᠎ᠤᠨ ᠣᠶ ᠰᠢᠭᠤᠶ ᠵᠢᠨ ᠴᠡᠴᠡᠷᠯᠢᠭ᠎ᠤᠨ ᠵᠡᠷᠯᠢᠭ ᠲᠣᠷᠤᠭ ᠪᠤᠭᠤ 3400 ᠭᠠᠷᠤᠶ ᠪᠣᠯᠵᠣ ᠨᠡᠮᠡᠭᠳᠡᠪᠡ
ᠪᠦᠬᠦ ᠤᠷᠤᠨ᠎ᠤ ᠰᠢᠨ᠎ᠡ ᠳᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠬᠡᠶ᠋ᠢᠯᠡᠨ ᠡᠵᠡᠮᠳᠡᠬᠦ ᠠᠵᠢᠯ᠎ᠤᠨ ᠲᠧᠯᠸᠢᠰ ᠤᠳᠠᠰᠤ ᠬᠤᠷᠠᠯ ᠬᠤᠷᠠᠯᠳᠤᠪᠠ
ᠲᠠᠯ᠎ᠠ ᠨᠤᠲᠤᠭ᠎ᠲᠤ ᠨᠡᠭᠦᠷᠡᠰᠦᠨ ᠠᠭᠤᠷᠬᠠᠢ ᠵᠢᠨ ᠲᠦᠷᠦᠯ ᠵᠦᠢ᠍ᠯ᠎ᠢ ᠳᠠᠬᠢᠵᠦ ᠰᠢᠨ᠎ᠡ᠎ᠪᠠᠷ ᠤᠷᠤᠭᠤᠯᠬᠤ ᠦᠭᠡᠢ ᠭᠡᠪᠡ
ᠣᠢ ᠰᠢᠭᠤᠢ ᠵᠢᠨ ᠪᠦᠷᠭᠦᠴᠡ ᠵᠢᠨ ᠨᠤᠷᠮ᠎ᠠ ᠵᠢ 23.5%᠎ᠳᠤ ᠬᠦᠷᠭᠡᠨ᠎ᠠ
 
             蒙ICP备05000248号