2020 ᠣᠨᠤ 11 ᠰᠠᠷᠠ ᠵᠢᠨ 26ᠤ ᠡᠳᠦᠷᠠᠴᠠ 27ᠤ ᠡᠳᠦᠷ ᠪᠣᠯᠲᠠᠯᠠ᠂ ᠥᠪᠥᠷ ᠮᠣᠩᠭᠣᠯᠤᠨ ᠾᠧ ᠯᠠᠨ ᠱᠠᠨ ᠠᠭᠤᠯᠠ ᠵᠢᠨ ᠤᠯᠤᠰᠤᠨ ᠲᠠᠰᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨᠤ ᠬᠠᠮᠢᠶᠠᠷᠤᠯᠲᠠ ᠵᠢᠨ ᠲᠣᠪᠴᠢᠶᠠ ᠪᠣᠯᠤᠨ ᠨᠢᠩᠰᠢᠶᠠ ᠵᠢᠨ ᠾᠧ ᠯᠠᠨ ᠱᠠᠨ ᠠᠭᠤᠯᠠ ᠵᠢᠨ ᠤᠯᠤᠰᠤᠨ ᠲᠠᠰᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨᠤ ᠬᠠᠮᠢᠶᠠᠷᠤᠯᠲᠠ ᠵᠢᠨ ᠲᠣᠪᠴᠢᠶᠠ ᠬᠠᠷᠢᠯᠴᠠᠨ ᠰᠤᠷᠤᠯᠴᠠᠵᠤ᠂ ᠳᠠᠪᠠᠭᠤᠯᠢᠭ ᠵᠶ᠋ᠠᠨ ᠬᠠᠷᠢᠯᠴᠠᠨ ᠨᠦᠬᠦᠪᠦᠷᠢᠯᠡᠵᠦ᠂ ᠬᠠᠮᠲᠤᠪᠠᠷ ᠰᠡᠷᠭᠡᠢ᠌ᠯᠡᠨ ᠵᠠᠰᠠᠵᠤ᠂ ᠢᠲᠡᠭᠡᠯ ᠵᠤᠷᠢᠭ ᠵᠶ᠋ᠠᠨ ᠬᠠᠮᠳᠤᠳᠬᠠᠨ ᠣᠶ ᠰᠢᠭᠤᠶ ᠵᠢ ᠬᠠᠮᠠᠭ᠋ᠠᠯᠠᠬᠤᠪᠠᠷ ᠵᠣᠷᠢᠯᠭᠠ ᠪᠣᠯᠭ᠋ᠠᠵᠤ᠂ 2020 ᠣᠨᠤ ᠥᠪᠥᠷ ᠮᠣᠩᠭᠣᠯ ᠨᠢᠩᠰᠢᠶᠠ ᠵᠢᠨ ᠾᠧ ᠯᠠᠨ ᠱᠠᠨ ᠠᠭᠤᠯᠠ ᠵᠢᠨ ᠤᠯᠤᠰᠤᠨ ᠲᠠᠰᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨᠤ ᠭᠤᠴᠢᠳᠤᠭ᠋ᠠᠷ ᠤᠳᠠᠭ᠋ᠠᠨᠤ ᠣᠶ ᠰᠢᠭᠤᠶ ᠵᠢ ᠬᠠᠮᠠᠭ᠋ᠠᠯᠠᠵᠤ ᠭᠠᠯ ᠰᠡᠷᠭᠡᠶ᠋ᠢᠯᠡᠬᠦ ᠬᠠᠷᠢᠯᠴᠢᠨ ᠪᠠᠶ᠋ᠢᠴᠠᠭ᠋ᠠᠬᠤ ᠠᠵᠢᠯᠢ ᠵᠣᠬᠢᠶᠠᠨ ᠪᠠᠶ᠋ᠢᠭᠤᠯᠤᠨ ᠥᠷᠨᠢᠭᠦᠯᠪᠡ᠃
27ᠤ ᠡᠳᠦᠷ᠂ ᠥᠪᠥᠷ ᠮᠣᠩᠭᠣᠯᠤᠨ ᠾᠧ ᠯᠠᠨ ᠱᠠᠨ ᠠᠭᠤᠯᠠ ᠵᠢᠨ ᠤᠯᠤᠰᠤᠨ ᠲᠠᠰᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨᠤ ᠬᠠᠮᠢᠶᠠᠷᠤᠯᠲᠠ ᠵᠢᠨ ᠲᠣᠪᠴᠢᠶᠠ ᠪᠣᠯᠤᠨ ᠨᠢᠩᠰᠢᠶᠠ ᠵᠢᠨ ᠾᠧ ᠯᠠᠨ ᠱᠠᠨ ᠠᠭᠤᠯᠠ ᠵᠢᠨ ᠤᠯᠤᠰᠤᠨ ᠲᠠᠰᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨᠤ ᠬᠠᠮᠢᠶᠠᠷᠤᠯᠲᠠ ᠵᠢᠨ ᠲᠣᠪᠴᠢᠶᠠᠨᠢ ᠬᠣᠶᠠᠷ ᠡᠳᠦᠷᠤᠨ ᠬᠤᠭᠤᠴᠠᠭᠠᠲᠠᠢ ᠨᠠᠮᠤᠨ ᠪᠠᠶ᠋ᠢᠭᠤᠯᠤᠯᠲᠠ᠂ ᠣᠶ ᠰᠢᠭᠤᠶ ᠵᠢᠨ ᠭᠠᠯ ᠰᠡᠷᠭᠡᠶ᠋ᠢᠯᠡᠬᠦ᠂ ᠡᠬᠢ ᠪᠠᠶᠠᠯᠢᠭᠤᠨ ᠬᠠᠮᠠᠭ᠋ᠠᠯᠠᠯᠲᠠ᠂ ᠣᠶ ᠰᠢᠭᠤᠶ ᠵᠢᠨ ᠶᠠᠪᠤᠳᠠᠯᠤᠨ ᠬᠠᠤᠯᠢ ᠬᠡᠷᠡᠭᠵᠢᠬᠦᠯᠦᠯᠳᠡ᠂ ᠰᠢᠨᠵᠢᠯᠡᠬᠦ ᠤᠬᠠᠭ᠋ᠠᠨᠤ ᠰᠤᠳᠤᠯᠤᠯ ᠤᠬᠠᠭᠤᠯᠭᠠ ᠬᠥᠮᠦᠵᠢᠯ ᠵᠡᠷᠭᠡ ᠣᠶ ᠰᠢᠭᠤᠶ ᠵᠢ ᠬᠠᠮᠠᠭ᠋ᠠᠯᠠᠵᠤ ᠭᠠᠯ ᠰᠡᠷᠭᠡᠶ᠋ᠢᠯᠡᠬᠦ ᠬᠠᠷᠢᠯᠴᠠᠨ ᠪᠠᠶ᠋ᠢᠴᠠᠭ᠋ᠠᠬᠤ ᠠᠵᠢᠯᠳᠤ ᠴᠢᠭᠯᠡᠭᠦᠯᠦᠨ ᠶᠠᠷᠢᠯᠴᠠᠬᠤ ᠬᠤᠷᠠᠯ ᠬᠢᠪᠠ᠃ ᠬᠤᠷᠠᠯ ᠳᠡᠭᠡᠷᠡ᠂ ᠬᠣᠶᠠᠷ ᠲᠠᠯᠠ ᠵᠢᠨ ᠬᠠᠷᠢᠭᠤᠴᠠᠯᠭ᠋ᠠᠲᠠᠨ ᠡᠨᠡ ᠵᠢᠯᠤᠨ ᠨᠠᠮᠤᠨ ᠪᠠᠶ᠋ᠢᠭᠤᠯᠤᠯᠲᠠ᠂ ᠣᠶ ᠰᠢᠭᠤᠶ ᠵᠢᠨ ᠡᠬᠢ ᠪᠠᠶᠠᠯᠢᠭᠤᠨ ᠬᠠᠮᠠᠭ᠋ᠠᠯᠠᠯᠲᠠ᠂ ᠣᠶ ᠰᠢᠭᠤᠶ ᠵᠢᠨ ᠭᠠᠯᠤᠨ ᠠᠶᠤᠯᠢ ᠰᠡᠷᠭᠡᠶ᠋ᠢᠯᠡᠨ ᠡᠵᠡᠮᠳᠡᠬᠦ᠂ ᠰᠢᠨᠵᠢᠯᠡᠬᠦ ᠤᠬᠠᠭ᠋ᠠᠨ ᠰᠤᠷᠭ᠋ᠠᠨ ᠬᠥᠮᠦᠵᠢᠯᠤᠨ ᠤᠬᠠᠭᠤᠯᠭᠠ ᠵᠡᠷᠭᠡ ᠲᠠᠯᠠ ᠵᠢᠨ ᠠᠵᠢᠯᠤᠨ ᠲᠤᠷᠰᠢᠯᠭᠠᠪᠠᠨ ᠰᠤᠯᠢᠯᠴᠠᠪᠠ᠃
ᠲᠤᠰ ᠤᠳᠠᠭ᠋ᠠᠨᠤ ᠠᠵᠢᠯᠯᠠᠭᠠᠨᠢ ᠾᠧ ᠯᠠᠨ ᠱᠠᠨ ᠠᠭᠤᠯᠠ ᠵᠢᠨ ᠤᠯᠤᠰᠤᠨ ᠲᠠᠰᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨᠤ ᠣᠶ ᠰᠢᠭᠤᠶ ᠵᠢ ᠬᠠᠮᠠᠭ᠋ᠠᠯᠠᠵᠤ ᠭᠠᠯ ᠰᠡᠷᠭᠡᠶ᠋ᠢᠯᠡᠬᠦ ᠠᠵᠢᠯᠢ ᠯᠠᠪᠳᠠᠭᠤᠨ ᠪᠠᠲᠤᠲᠠᠶ ᠰᠠᠶ᠋ᠢᠲᠤᠷ ᠬᠢᠵᠦ᠂ ᠬᠣᠶ᠋ᠢᠰᠢᠳᠠ ᠣᠶ ᠰᠢᠭᠤᠶ ᠵᠢᠨ ᠭᠠᠯᠤᠨ ᠠᠶᠤᠯᠢ ᠤᠯᠠᠮ ᠨᠢᠭᠡ ᠠᠯᠬᠤᠮ ᠰᠡᠷᠭᠡᠶ᠋ᠢᠯᠡᠨ ᠬᠣᠷᠢᠭᠯᠠᠬᠤ᠂ ᠠᠮᠢ ᠠᠬᠤᠶ ᠵᠢᠨ ᠣᠷᠴᠢᠨ ᠲᠣᠭᠣᠷᠢᠨᠢ ᠰᠠᠶ᠋ᠢᠵᠢᠷᠠᠭᠤᠯᠬᠤ᠂ ᠾᠧ ᠯᠠᠨ ᠱᠠᠨᠤ ᠣᠶ ᠰᠢᠭᠤᠶ ᠵᠢᠨ ᠡᠬᠢ ᠪᠠᠶᠠᠯᠢᠭᠢ ᠬᠠᠮᠠᠭ᠋ᠠᠯᠠᠬᠤ ᠴᠢᠭᠯᠡᠯᠢ ᠲᠣᠳᠣᠷᠬᠠᠶ ᠵᠢᠭ᠋ᠠᠵᠤ ᠥᠭᠴᠡᠶ᠃