ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠥᠪᠥᠷ ᠮᠣᠩᠭᠣᠯ᠎ᠤᠨ ᠬᠤᠩᠭᠤ ᠵᠢᠨ ᠲᠠᠪᠠᠭ᠎ᠠ᠎ᠳᠠᠬᠢ ᠤᠯᠤᠰ᠎ᠤᠨ ᠣᠶ ᠰᠢᠭᠤᠶ ᠵᠢᠨ ᠴᠡᠴᠡᠷᠯᠢᠭ᠎ᠤᠨ ᠵᠡᠷᠯᠢᠭ ᠲᠣᠷᠤᠭ ᠪᠤᠭᠤ 3400 ᠭᠠᠷᠤᠶ ᠪᠣᠯᠵᠣ ᠨᠡᠮᠡᠭᠳᠡᠪᠡ
ᠨᠡᠶ᠋ᠢᠲᠡᠯᠡᠭᠰᠡᠨ ᠴᠠᠭ᠄ 2020-12-02

      ᠰᠢᠨᠬᠤᠸᠠ ᠬᠣᠷᠢᠶᠠᠨ᠎ᠤ ᠬᠥᠬᠡᠬᠣᠲᠠ ᠵᠢᠨ 12 ᠰᠠᠷ᠎ᠠ ᠵᠢᠨ 1᠎ᠤ ᠡᠳᠦᠷ᠎ᠤᠨ ᠮᠡᠳᠡᠭᠡ (ᠰᠤᠷᠪᠤᠯᠵᠢᠯᠠᠭᠴᠢ ᠵᠢᠶᠠ ᠯᠢ ᠵᠢᠶᠦ᠋ᠨ) ᠰᠤᠷᠪᠤᠯᠵᠢᠯᠠᠭᠴᠢ ᠬᠠᠮᠢᠶ᠎ᠠ ᠪᠥᠬᠥᠶ ᠰᠠᠯᠠᠭ᠎ᠠ ᠮᠥᠴᠢᠷ᠎ᠠᠴᠠ ᠣᠶ᠋ᠢᠯᠠᠭ᠋ᠠᠭᠰᠠᠨ ᠵᠶ᠋ᠠᠷ᠂ ᠬᠤᠩᠭᠤ ᠵᠢᠨ ᠲᠠᠪᠠᠭ᠎ᠠ᠎ᠳᠠᠬᠢ ᠤᠯᠤᠰ᠎ᠤᠨ ᠣᠶ ᠰᠢᠭᠤᠶ ᠵᠢᠨ ᠴᠡᠴᠡᠷᠯᠢᠭ ᠳᠣᠲᠣᠷᠠᠬᠢ ᠵᠡᠷᠯᠢᠭ ᠲᠣᠷᠤᠭ ᠪᠤᠭᠤ ᠨᠢᠭᠡᠨᠲᠡ 10   ᠵᠢᠯ᠎ᠤᠨ ᠡᠮᠦᠨᠡᠬᠢ 1000 ᠭᠠᠷᠤᠶ ᠪᠠᠶ᠋ᠢᠭᠰᠠᠨ᠎ᠠᠴᠠ᠎ᠪᠠᠨ ᠨᠡᠮᠡᠭᠳᠡᠭᠡᠳ ᠣᠲᠣ ᠪᠣᠯᠲᠠᠯ᠎ᠠ 3400 ᠭᠠᠷᠤᠶ ᠪᠣᠯᠵᠠᠶ᠃        

      ᠡᠪᠦᠯ᠎ᠠᠴᠠ ᠨᠠᠰᠢ᠂ ᠶᠡᠬᠡ ᠬᠢᠩᠭ᠋ᠠᠨ ᠳᠠᠪᠠᠭ᠎ᠠ ᠵᠢᠨ ᠡᠮᠦᠨ᠎ᠡ ᠦᠵᠦᠭᠦᠷ᠂ ᠥᠪᠥᠷ ᠮᠣᠩᠭᠣᠯ᠎ᠤᠨ   ᠤᠯᠠᠭ᠋ᠠᠨᠬᠠᠳᠠ ᠬᠣᠲᠠ ᠵᠢᠨ ᠬᠡᠰᠢᠭᠲᠡᠨ ᠬᠤᠰᠢᠭᠤᠨ᠎ᠤ ᠬᠢᠯᠢ᠎ᠳᠤ ᠪᠠᠢ᠌ᠷᠢᠯᠠᠵᠤ ᠪᠠᠢ᠌ᠭ᠎ᠠ ᠬᠤᠩᠭᠤ ᠵᠢᠨ   ᠲᠠᠪᠠᠭ᠎ᠠ᠎ᠳᠠᠬᠢ ᠤᠯᠤᠰ᠎ᠤᠨ ᠣᠶ ᠰᠢᠭᠤᠶ ᠵᠢᠨ ᠴᠡᠴᠡᠷᠯᠢᠭ᠎ᠲᠤ᠂ ᠵᠡᠷᠯᠢᠭ ᠪᠤᠭᠤ ᠵᠢᠨ ᠪᠠᠷ᠎ᠠ ᠬᠠ ᠶᠠ ᠦᠭᠡᠢ ᠬᠠᠷᠠᠭᠳᠠᠵᠤ   ᠪᠠᠶ᠋ᠢᠨ᠎ᠠ᠃   ᠣᠶ᠋ᠢᠷ᠎ᠠ ᠵᠢᠨ ᠵᠢᠯ᠎ᠳᠤ᠂ ᠲᠤᠬᠠᠶ ᠵᠢᠨ ᠭᠠᠵᠠᠷ᠎ᠤᠨ ᠣᠶ ᠰᠢᠭᠤᠶ ᠵᠢᠨ ᠳᠣᠲᠣᠭ᠋ᠠᠳᠤ ᠵᠢ ᠬᠠᠮᠠᠭ᠋ᠠᠯᠠᠬᠤ ᠰᠠᠯᠠᠭ᠎ᠠ ᠮᠦᠴᠢᠷ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠲᠠᠯ᠎ᠠ᠎ᠪᠠᠷ ᠬᠠᠤᠯᠢ ᠬᠡᠷᠡᠭᠵᠢᠭᠦᠯᠬᠦ ᠡᠷᠴᠢᠮ ᠵᠶ᠋ᠠᠨ ᠨᠡᠮᠡᠭᠳᠡᠭᠦᠯᠬᠦ ᠵᠢᠨ ᠬᠠᠮᠲᠤ ᠰᠢᠭᠤᠶ᠋ᠢᠲᠤ ᠣᠷᠣᠨ᠎ᠤ ᠥᠷᠭᠡᠨ ᠣᠯᠠᠨ ᠰᠠᠭᠤᠭ᠋ᠠᠯᠢ ᠠᠷᠠᠳ᠎ᠲᠤ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠨ ᠬᠠᠶ᠋ᠢᠷᠠᠯᠠᠬᠤ ᠤᠬᠠᠭᠤᠯᠭ᠎ᠠ ᠬᠥᠮᠦᠵᠢᠯ   ᠬᠢᠵᠦ᠂ ᠪᠦᠬᠦ ᠨᠡᠶ᠋ᠢᠭᠡᠮ ᠵᠶ᠋ᠠᠷ ᠵᠶ᠋ᠠᠨ ᠬᠡᠭᠡᠷ᠎ᠡ ᠵᠢᠨ ᠠᠮᠢᠲᠠᠨ᠎ᠢ ᠬᠠᠶ᠋ᠢᠷᠠᠯᠠᠨ ᠬᠠᠯᠠᠮᠵᠢᠯᠠᠬᠤ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠣᠶ ᠪᠣᠯᠭ᠋ᠠᠬᠤ ᠵᠢ ᠤᠬᠠᠭᠤᠯᠵᠠᠢ᠃ ᠬᠤᠩᠭᠤ ᠵᠢᠨ ᠲᠠᠪᠠᠭ᠎ᠠ᠎ᠳᠠᠬᠢ ᠣᠢ ᠰᠢᠭᠤᠶ ᠵᠢᠨ ᠲᠠᠯᠠᠪᠠᠢ ᠵᠢᠨ ᠳᠠᠷᠤᠭ᠎ᠠ ᠴᠧᠨ ᠸᠠᠨ ᠮᠢᠩ᠎ᠤᠨ ᠲᠠᠨᠢᠯᠴᠠᠭᠤᠯᠤᠭᠰᠠᠨ ᠵᠶ᠋ᠠᠷ᠂ ᠠᠮᠢ ᠠᠬᠤᠶ ᠵᠢᠨ ᠣᠷᠴᠢᠨ ᠨᠥᠬᠥᠴᠡᠯ᠎ᠤᠨ ᠰᠠᠶ᠋ᠢᠵᠢᠷᠠᠯᠲᠠ ᠪᠠ ᠬᠥᠮᠦᠨ᠎ᠤ ᠬᠦᠴᠦ᠎ᠪᠠᠷ ᠬᠠᠮᠠᠭ᠋ᠠᠯᠠᠬᠤ ᠵᠢ ᠳᠠᠭ᠋ᠠᠯᠳᠤᠨ᠂ ᠬᠤᠩᠭᠤ ᠵᠢᠨ ᠲᠠᠪᠠᠭ᠎ᠠ᠎ᠳᠠᠬᠢ ᠤᠯᠤᠰ᠎ᠤᠨ ᠣᠶ   ᠰᠢᠭᠤᠶ ᠵᠢᠨ ᠴᠡᠴᠡᠷᠯᠢᠭ᠎ᠲᠠᠬᠢ ᠬᠡᠭᠡᠷ᠎ᠡ ᠵᠢᠨ ᠠᠮᠢᠲᠠᠨ᠎ᠤ ᠲᠣᠭ᠎ᠠ ᠦᠷᠭᠦᠯᠵᠢᠯᠡᠨ ᠨᠡᠮᠡᠭᠳᠡᠵᠦ ᠪᠠᠶ᠋ᠢᠨ᠎ᠠ᠃        
     1996 ᠣᠨ᠎ᠳᠤ ᠪᠠᠶ᠋ᠢᠭᠤᠯᠤᠭᠳᠠᠭᠰᠠᠨ ᠬᠤᠩᠭᠤ ᠵᠢᠨ ᠲᠠᠪᠠᠭ᠎ᠠ᠎ᠳᠠᠬᠢ ᠤᠯᠤᠰ᠎ᠤᠨ ᠣᠢ ᠰᠢᠭᠤᠶ ᠵᠢᠨ ᠴᠡᠴᠡᠷᠯᠢᠭ᠎ᠤᠨ ᠪᠠᠶ᠋ᠢᠭ᠋ᠠᠯᠢ ᠵᠢᠨ ᠦᠵᠡᠮᠵᠢ ᠡᠯᠪᠡᠭ ᠪᠠᠶᠠᠯᠢᠭ ᠣᠯᠠᠨ ᠶᠠᠩᠵᠤ ᠵᠢᠨ   ᠪᠠᠶ᠋ᠢᠳᠠᠭ᠃ ᠡᠨᠳᠡ ᠲᠠᠯ᠎ᠠ ᠨᠤᠲᠤᠭ᠂ ᠠᠭᠤᠯᠠᠷᠬᠠᠭ ᠭᠠᠵᠠᠷ᠂ ᠭᠣᠤᠯ᠎ᠤᠨ ᠬᠥᠨᠳᠡᠶ᠂ ᠨᠠᠭᠤᠷ ᠴᠥᠭᠥᠷᠥᠮ᠂ ᠨᠤᠭᠤ ᠭᠠᠵᠠᠷ᠂ ᠪᠤᠲᠠ ᠮᠣᠳᠤ᠂ ᠡᠯᠡᠰᠦᠷᠬᠡᠭ ᠭᠠᠵᠠᠷ   ᠵᠡᠷᠭᠡ ᠦᠵᠡᠮᠵᠢ ᠪᠣᠶ᠃ ᠪᠠᠰᠠ 《ᠮᠥᠰᠥᠲᠦᠯᠭᠡ ᠵᠢᠨ ᠣᠶ ᠰᠢᠭᠤᠶ》 ᠬᠡᠮᠡᠭᠳᠡᠭᠰᠡᠨ ᠳᠥᠷᠪᠡᠳᠡᠭᠴᠢ   ᠭᠠᠯᠪᠠ ᠵᠢᠨ ᠮᠥᠰᠥᠲᠦᠯᠭᠡ ᠵᠢᠨ ᠦᠯᠡᠳᠡᠭᠳᠡᠯ᠎ᠢ ᠬᠠᠳᠠᠭ᠋ᠠᠯᠠᠵᠤ ᠪᠠᠶ᠋ᠢᠨ᠎ᠠ᠃







ᠢᠷᠡᠯᠲᠡ᠄ ᠠᠷᠠᠳ᠎ᠤᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠪᠦᠬᠦ ᠤᠷᠤᠨ᠎ᠤ ᠰᠢᠨ᠎ᠡ ᠳᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠬᠡᠶ᠋ᠢᠯᠡᠨ ᠡᠵᠡᠮᠳᠡᠬᠦ ᠠᠵᠢᠯ᠎ᠤᠨ ᠲᠧᠯᠸᠢᠰ ᠤᠳᠠᠰᠤ ᠬᠤᠷᠠᠯ ᠬᠤᠷᠠᠯᠳᠤᠪᠠ
ᠲᠠᠯ᠎ᠠ ᠨᠤᠲᠤᠭ᠎ᠲᠤ ᠨᠡᠭᠦᠷᠡᠰᠦᠨ ᠠᠭᠤᠷᠬᠠᠢ ᠵᠢᠨ ᠲᠦᠷᠦᠯ ᠵᠦᠢ᠍ᠯ᠎ᠢ ᠳᠠᠬᠢᠵᠦ ᠰᠢᠨ᠎ᠡ᠎ᠪᠠᠷ ᠤᠷᠤᠭᠤᠯᠬᠤ ᠦᠭᠡᠢ ᠭᠡᠪᠡ
ᠣᠢ ᠰᠢᠭᠤᠢ ᠵᠢᠨ ᠪᠦᠷᠭᠦᠴᠡ ᠵᠢᠨ ᠨᠤᠷᠮ᠎ᠠ ᠵᠢ 23.5%᠎ᠳᠤ ᠬᠦᠷᠭᠡᠨ᠎ᠠ
ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ ᠪᠠ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠬᠠᠮᠳᠤᠷᠴᠤ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠳᠤ ᠬᠡᠷᠡᠭᠯᠡᠬᠦ ᠭᠠᠵᠠᠷ ᠪᠠ ᠣᠶ᠋ᠢᠲᠤ ᠭᠠᠵᠠᠷ᠎ᠢ ᠬᠢᠨᠠᠨ ᠪᠠᠶ᠋ᠢᠴᠠᠭ᠋ᠠᠵᠤ ᠬᠢᠨᠠᠨ ᠬᠠᠷᠭᠤᠭᠤᠯᠬᠤ ᠵᠢ ᠴᠢᠩᠭ᠋ᠠᠳᠬᠠᠵᠤ ᠪᠤᠢ
ᠲᠦᠯᠦᠭᠡᠯᠡᠭᠴᠢᠳ᠎ᠤᠨ ᠬᠠᠷᠠᠭ᠋ᠠᠨ᠎ᠳᠠᠬᠢ ᠮᠠᠯᠵᠢᠬᠤ ᠲᠠᠷᠢᠶᠠᠯᠠᠬᠤ ᠤᠷᠤᠨ᠎ᠤ ᠤᠳᠤᠬᠢᠴᠢᠯᠠᠯᠳᠠ
 
             蒙ICP备05000248号