ᠪᠦ᠋ ᠰᠢᠶᠤᠤ ᠯᠢᠨ ᠬᠤᠷᠠᠯ᠎ᠢ ᠡᠷᠬᠢᠯᠡᠭᠰᠡᠨ ᠪᠦᠬᠡᠳ ᠶᠠᠷᠢᠶ᠎ᠠ ᠳᠠᠯᠪᠢᠵᠠᠢ
12 ᠰᠠᠷ᠎ᠠ ᠵᠢᠨ 29᠎ᠤ ᠦᠳᠡ ᠵᠢᠨ ᠬᠤᠶ᠋ᠢᠨ᠎ᠠ᠂ ᠦᠪᠡᠷᠳᠡᠬᠡᠨ ᠵᠠᠰᠠᠬᠤ ᠤᠷᠤᠨ᠎ᠤ ᠰᠢᠨ᠎ᠡ ᠳᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠬᠡᠶ᠋ᠢᠯᠡᠨ ᠡᠵᠡᠮᠳᠡᠬᠦ ᠠᠵᠢᠯ᠎ᠤᠨ ᠵᠢᠯᠤᠭᠤᠳᠬᠤ ᠭᠠᠵᠠᠷ ᠪᠦᠬᠦ ᠤᠷᠤᠨ᠎ᠤ ᠰᠢᠨ᠎ᠡ ᠳᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠬᠡᠶ᠋ᠢᠯᠡᠨ ᠡᠵᠡᠮᠳᠡᠬᠦ ᠠᠵᠢᠯ᠎ᠤᠨ ᠲᠧᠯᠸᠢᠰ ᠤᠳᠠᠰᠤ ᠬᠤᠷᠠᠯ ᠬᠤᠷᠠᠯᠳᠤᠭᠤᠯᠵᠥ᠂ ᠤᠯᠤᠰ᠎ᠤᠨ ᠡᠷᠡᠬᠦᠯ ᠬᠠᠮᠠᠭ᠋ᠠᠯᠠᠯ ᠡᠷᠡᠬᠦᠯ ᠮᠠᠨᠳᠤ ᠵᠢᠨ ᠵᠦᠪᠯᠡᠯ᠎ᠤᠨ ᠰᠢᠨ᠎ᠡ ᠵᠢᠯ᠂ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ ᠬᠦᠳᠡᠭᠡ ᠳᠤᠰᠬᠤᠨ᠎ᠤ ᠰᠢᠨ᠎ᠡ ᠳᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠬᠡᠶ᠋ᠢᠯᠡᠨ ᠡᠵᠡᠮᠳᠡᠬᠦ ᠠᠵᠢᠯ᠎ᠢ ᠰᠠᠶ᠋ᠢᠳᠤᠷ ᠬᠢᠬᠦ ᠳᠤᠬᠠᠢ ᠪᠦᠬᠦ ᠤᠯᠤᠰ᠎ᠤᠨ ᠲᠧᠯᠸᠢᠰ ᠤᠳᠠᠰᠤ ᠬᠤᠷᠠᠯ᠎ᠤᠨ ᠵᠤᠷᠢᠬ ᠰᠠᠨᠠᠭ᠎ᠠ ᠵᠢ ᠤᠯᠠᠮᠵᠢᠯᠠᠵᠤ᠂ ᠳᠦᠷᠦ ᠵᠢᠨ ᠶᠠᠪᠤᠳᠠᠯ᠎ᠤᠨ ᠬᠤᠷᠢᠶᠠᠨ᠎ᠤ ᠬᠤᠯᠪᠤᠭ᠋ᠠᠯᠠᠨ ᠰᠡᠷᠬᠡᠶ᠋ᠢᠯᠡᠵᠥ ᠬᠤᠯᠪᠤᠭ᠋ᠠᠯᠠᠨ ᠡᠵᠡᠮᠳᠡᠬᠦ ᠳᠤᠬᠳᠠᠴᠠ ᠵᠢᠨ ᠪᠠᠶ᠋ᠢᠷᠢᠯᠠᠭᠤᠯᠤᠯᠳᠠ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠤᠨ᠂ ᠮᠠᠨ᠎ᠤ ᠤᠷᠤᠨ᠎ᠤ ᠰᠢᠨ᠎ᠡ ᠵᠢᠯ ᠴᠠᠭ᠋ᠠᠨ ᠰᠠᠷ᠎ᠠ ᠵᠢᠨ ᠬᠤᠭᠤᠴᠠᠭ᠎ᠠ ᠵᠢᠴᠢ ᠡᠨᠡ ᠡᠪᠤᠯ ᠢᠷᠡᠬᠦ ᠬᠠᠪᠤᠷ᠎ᠤᠨ ᠬᠢᠵᠢᠭ᠎ᠤᠨ ᠪᠠᠶ᠋ᠢᠳᠠᠯ᠎ᠢ ᠰᠡᠷᠬᠡᠶ᠋ᠢᠯᠡᠨ ᠡᠵᠡᠮᠳᠡᠬᠦ ᠠᠵᠢᠯ᠎ᠢ ᠳᠤᠬᠢᠷᠠᠭᠤᠯᠤᠨ ᠪᠠᠶ᠋ᠢᠷᠢᠯᠠᠭᠤᠯᠪᠠ᠃ ᠦᠪᠡᠷᠳᠡᠬᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠳᠡᠳ᠋ ᠱᠦᠵᠢ᠂ ᠦᠪᠡᠷᠳᠡᠬᠡᠨ ᠵᠠᠰᠠᠬᠤ ᠤᠷᠤᠨ᠎ᠤ ᠳᠡᠷᠢᠬᠦᠯᠡᠭᠴᠢ᠂ ᠦᠪᠡᠷᠳᠡᠬᠡᠨ ᠵᠠᠰᠠᠬᠤ ᠤᠷᠤᠨ᠎ᠤ ᠰᠢᠨ᠎ᠡ ᠳᠢᠳᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠬᠡᠶ᠋ᠢᠯᠡᠨ ᠡᠵᠡᠮᠳᠡᠬᠦ ᠠᠵᠢᠯ᠎ᠤᠨ ᠵᠢᠯᠤᠭᠤᠳᠬᠤ ᠭᠠᠵᠠᠷ᠎ᠤᠨ ᠶᠡᠷᠦᠩᠬᠡᠢ ᠵᠢᠯᠤᠭᠤᠳᠤᠬ᠍ᠴᠢ ᠪᠦ᠋ ᠰᠢᠶᠤᠤ ᠯᠢᠨ ᠬᠤᠷᠠᠯ᠎ᠢ ᠡᠷᠬᠢᠯᠡᠭᠰᠡᠨ ᠪᠦᠬᠡᠳ ᠶᠠᠷᠢᠶ᠎ᠠ ᠳᠠᠯᠪᠢᠵᠠᠢ᠃
ᠪᠦ᠋ ᠰᠢᠶᠤᠤ ᠯᠢᠨ᠂ ᠤᠳᠤᠬᠠᠨ᠎ᠤ ᠬᠢᠵᠢᠭ᠎ᠢ ᠰᠡᠷᠬᠡᠶ᠋ᠢᠯᠡᠨ ᠡᠵᠡᠮᠳᠡᠬᠦ ᠠᠵᠢᠯ᠎ᠤᠨ ᠪᠠᠶ᠋ᠢᠳᠠᠯ ᠡᠬᠡᠳᠡᠷᠡᠬᠡᠨ ᠪᠤᠳᠤᠯᠢᠶᠠᠨᠳᠠᠢ ᠬᠦᠨᠳᠤ ᠬᠡᠴᠡᠬᠦᠦ ᠪᠠᠶ᠋ᠢᠨ᠎ᠠ᠃ ᠤᠨ᠎ᠤ ᠰᠡᠬᠦᠯᠴᠢ ᠵᠢᠯ᠎ᠤᠨ ᠡᠬᠢ ᠪᠤᠯᠬᠤ᠎ᠪᠠᠷ᠂ ᠢᠯᠠᠩᠭᠤᠶ᠎ᠠ ᠴᠠᠭ᠋ᠠᠨ ᠰᠠᠷ᠎ᠠ ᠦᠢ᠍ᠷᠠᠳᠬᠤᠪᠠᠷ᠂ ᠬᠦᠮᠤᠨ ᠬᠠᠷ᠎ᠠ ᠵᠢᠨ ᠰᠢᠯᠵᠢᠯᠳᠡ ᠶᠡᠭᠡ᠂ ᠴᠤᠬᠯᠠᠷᠠᠬᠤ ᠴᠢᠨᠠᠷᠳᠠᠢ ᠠᠵᠢᠯᠯᠠᠭ᠎ᠠ ᠤᠯᠠᠨ ᠪᠤᠯᠳᠠᠭ ᠵᠶ᠋ᠠᠷ᠂ ᠬᠢᠵᠢᠭ ᠬᠠᠯᠳᠠᠪᠤᠷᠢᠯᠠᠨ ᠳᠠᠷᠬᠠᠬᠤ ᠠᠶᠤᠯ ᠳᠦᠭᠰᠢᠬᠦᠷᠢ ᠨᠡᠮᠡᠭᠳᠡᠨ᠂ ᠰᠡᠷᠬᠡᠶ᠋ᠢᠯᠡᠨ ᠡᠵᠡᠮᠳᠡᠬᠦ ᠬᠦᠴᠢᠷᠳᠡᠯ ᠶᠡᠬᠡᠰᠬᠦ ᠪᠤᠯᠤᠨ᠎ᠠ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ᠎ᠤᠨ᠎ᠬᠢᠨ ᠦᠴᠦᠬᠡᠨ ᠴᠤ᠌ ᠲᠠᠶ᠋ᠢᠪᠤᠰᠢᠷᠠᠬᠤ ᠪᠤᠳᠤᠯ᠂ ᠬᠠᠯᠠᠰᠢᠷᠠᠬᠤ ᠪᠤᠳᠤᠯ ᠤᠷᠤᠵᠤ ᠪᠤᠯᠬᠤ ᠦᠬᠡᠢ᠂ ᠳᠦᠷᠦ ᠵᠢᠨ ᠶᠠᠪᠤᠳᠠᠯ᠎ᠤᠨ ᠬᠤᠷᠢᠶᠠᠨ᠎ᠤ ᠬᠤᠯᠪᠤᠭ᠋ᠠᠯᠠᠨ ᠰᠡᠷᠬᠡᠶ᠋ᠢᠯᠡᠵᠥ ᠬᠤᠯᠪᠤᠭ᠋ᠠᠯᠠᠨ ᠡᠵᠡᠮᠳᠡᠬᠦ ᠳᠤᠬᠳᠠᠴᠠ ᠵᠢᠨ ᠰᠢᠢ᠍ᠳᠪᠦᠷᠢᠳᠤ ᠪᠤᠳᠤᠯᠭ᠎ᠠ ᠪᠠᠶ᠋ᠢᠷᠢᠯᠠᠭᠤᠯᠤᠯᠳᠠ᠂ ᠤᠯᠤᠰ᠎ᠤᠨ ᠡᠷᠡᠬᠦᠯ ᠬᠠᠮᠠᠭ᠋ᠠᠯᠠᠯ ᠡᠷᠡᠬᠦᠯ ᠮᠠᠨᠳᠤ ᠵᠢᠨ ᠵᠦᠪᠯᠡᠯ᠎ᠤᠨ ᠠᠵᠢᠯ᠎ᠤᠨ ᠱᠠᠭ᠋ᠠᠷᠳᠠᠯᠭ᠎ᠠ ᠪᠤᠯᠤᠨ ᠦᠪᠡᠷᠳᠡᠬᠡᠨ ᠵᠠᠰᠠᠬᠤ ᠤᠷᠤᠨ᠎ᠤ ᠳᠤᠬᠢᠷᠠᠭᠤᠯᠤᠯᠳᠠ ᠪᠠᠶ᠋ᠢᠷᠢᠯᠠᠭᠤᠯᠤᠯᠳᠠ ᠶᠤᠰᠤᠭ᠋ᠠᠷ᠂ ᠭᠠᠳᠠᠨ᠎ᠠ᠎ᠠᠴᠠ ᠬᠠᠯᠳᠠᠪᠤᠷᠢᠯᠠᠨ ᠤᠷᠤᠵᠥ ᠢᠷᠡᠬᠦ ᠵᠢ ᠰᠡᠷᠬᠡᠶ᠋ᠢᠯᠡᠬᠦ᠂ ᠳᠤᠳᠤᠭ᠋ᠠᠳᠤ᠎ᠳᠠᠭᠠᠨ ᠳᠠᠬᠢᠨ ᠳᠡᠯᠬᠡᠷᠡᠬᠦ ᠵᠢ ᠰᠡᠷᠬᠡᠶ᠋ᠢᠯᠡᠬᠦ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠲᠡᠷᠡ ᠶᠤᠰᠤᠭ᠋ᠠᠷ᠎ᠨᠢ ᠲᠦᠢ᠍ᠯᠪᠤᠷᠢᠳᠠᠢ ᠨᠠᠶ᠋ᠢᠳᠠᠪᠤᠷᠢᠵᠢᠭᠤᠯᠤᠨ᠂ ᠰᠢᠨ᠎ᠠ ᠵᠢᠯ ᠴᠠᠭ᠋ᠠᠨ ᠰᠠᠷ᠎ᠠ ᠵᠢᠨ ᠬᠤᠭᠤᠴᠠᠭ᠎ᠠ ᠵᠢᠴᠢ ᠡᠨᠡ ᠡᠪᠤᠯ ᠢᠷᠡᠬᠦ ᠬᠠᠪᠤᠷ᠎ᠤᠨ ᠬᠢᠵᠢᠭ᠎ᠤᠨ ᠪᠠᠶ᠋ᠢᠳᠠᠯ᠎ᠢ ᠰᠡᠷᠬᠡᠶ᠋ᠢᠯᠡᠨ ᠡᠵᠡᠮᠳᠡᠬᠦ ᠠᠵᠢᠯ᠎ᠢ ᠪᠦᠬᠦ ᠬᠦᠴᠦ᠎ᠪᠠᠷ ᠵᠶ᠋ᠠᠨ ᠰᠠᠶ᠋ᠢᠳᠤᠷ ᠠᠳᠬᠤᠬᠤ ᠬᠡᠷᠡᠭᠳᠡᠢ᠃ ᠬᠦᠮᠦᠨ ᠪᠤᠯᠭ᠋ᠠᠨ ᠬᠤᠪᠢ ᠬᠦᠮᠦᠨ᠎ᠤ ᠰᠡᠷᠬᠡᠶ᠋ᠢᠯᠡᠯᠳᠡ ᠬᠠᠮᠠᠭ᠋ᠠᠯᠠᠯᠳᠠ᠎ᠪᠠᠨ ᠴᠢᠩᠭ᠋ᠠᠳᠬᠠᠵᠥ᠂ ᠠᠮᠠᠪᠴᠢ ᠵᠡᠬᠦᠬᠦ᠂ ᠭᠠᠷ ᠵᠶ᠋ᠠᠨ ᠦᠷᠬᠦᠯᠵᠢ ᠤᠬᠢᠶᠠᠬᠤ ᠵᠡᠷᠬᠡ ᠰᠠᠶ᠋ᠢᠨ ᠰᠠᠶ᠋ᠢᠬᠠᠨ ᠡᠷᠡᠬᠦᠯ ᠬᠠᠮᠠᠭ᠋ᠠᠯᠠᠯ᠎ᠤᠨ ᠳᠠᠳᠬᠠᠯ᠎ᠢ ᠢᠮᠠᠬᠳᠠ ᠪᠠᠳᠤᠯᠠᠬᠤ ᠬᠡᠷᠡᠭᠳᠡᠢ ᠬᠡᠵᠥ ᠵᠢᠭ᠋ᠠᠵᠥ ᠭᠠᠷᠭ᠋ᠠᠪᠠ᠃
ᠪᠦ᠋ ᠰᠢᠶᠤᠤ ᠯᠢᠨ᠂ ᠨᠠᠮ᠎ᠤᠨ ᠳᠦᠪ ᠬᠤᠷᠢᠶᠠᠨ᠎ᠤ ᠱᠠᠭ᠋ᠠᠷᠳᠠᠯᠭ᠎ᠠ ᠶᠤᠰᠤᠭ᠋ᠠᠷ᠂ ᠡᠷᠬᠡᠪᠰᠢ ᠤᠳᠠᠭ᠋ᠠᠨ ᠳᠠᠭ᠋ᠠᠭ᠋ᠠᠮᠠᠭ᠋ᠠᠢ ᠳᠠᠶ᠋ᠢᠨ ᠬᠢᠬᠦ ᠦᠵᠡᠯ ᠰᠠᠨᠠᠭ᠋ᠠᠨ᠎ᠤ ᠪᠡᠯᠡᠳᠬᠡᠯ ᠪᠤᠯᠤᠨ ᠠᠵᠢᠯ᠎ᠤᠨ ᠪᠠᠯᠡᠳᠬᠡᠯᠢ ᠰᠠᠶ᠋ᠢᠳᠤᠷ ᠬᠢᠵᠥ᠂ ᠬᠢᠵᠢᠭ᠎ᠤᠨ ᠪᠠᠶ᠋ᠢᠳᠠᠯ᠎ᠢ ᠰᠡᠷᠬᠡᠶ᠋ᠢᠯᠡᠨ ᠡᠵᠡᠮᠳᠡᠬᠦ ᠵᠢ ᠪᠠᠶ᠋ᠢᠩᠭᠤᠵᠢᠭᠤᠯᠬᠤ ᠠᠵᠢᠯ᠎ᠢ ᠰᠠᠶ᠋ᠢᠳᠤᠷ ᠬᠢᠵᠥ᠂ ᠬᠢᠵᠢᠭ᠎ᠤᠨ ᠪᠠᠶ᠋ᠢᠳᠠᠯ᠎ᠢ ᠰᠡᠷᠬᠡᠶ᠋ᠢᠯᠡᠨ ᠡᠵᠡᠮᠳᠡᠬᠦ ᠪᠤᠯᠤᠨ ᠠᠵᠥ ᠠᠬᠤᠢ ᠨᠡᠶ᠋ᠢᠬᠡᠮ᠎ᠤᠨ ᠬᠦᠭᠵᠢᠯᠳᠡ ᠵᠢ ᠵᠤᠬᠢᠴᠠᠭᠤᠯᠤᠨ ᠠᠬᠢᠭᠤᠯᠬᠤ ᠳᠤᠮᠳᠠ ᠤᠷᠳᠤ ᠬᠤᠭᠤᠴᠠᠭ᠋ᠠᠨ᠎ᠤ ᠳᠤᠬᠳᠠᠴᠠ ᠵᠢ ᠳᠦᠷᠬᠡᠪᠴᠢᠯᠡᠨ ᠪᠠᠶ᠋ᠢᠭᠤᠯᠬᠤ ᠬᠡᠷᠡᠭᠳᠡᠢ᠃ ᠰᠡᠷᠬᠡᠶ᠋ᠢᠯᠡᠨ ᠡᠵᠡᠮᠳᠡᠬᠦ ᠡᠳ᠋ ᠪᠤᠳᠠᠰ ᠪᠤᠯᠤᠨ ᠮᠡᠷᠬᠡᠵᠢᠯ᠎ᠤᠨ ᠪᠠᠳᠤᠯᠠᠭ᠎ᠠ ᠵᠢ ᠴᠢᠩᠭ᠋ᠠᠳᠬᠠᠵᠥ᠂ ᠪᠦᠬᠡᠮ ᠬᠦᠴᠢᠯ᠎ᠤᠨ ᠰᠢᠯᠭ᠋ᠠᠨ ᠪᠠᠶ᠋ᠢᠴᠠᠭ᠋ᠠᠯᠳᠠ᠂ ᠬᠦᠯᠢᠶᠡᠨ ᠠᠪᠴᠤ ᠡᠮᠨᠡᠨ ᠵᠠᠰᠠᠬᠤ ᠡᠮᠨᠡᠯᠬᠡ ᠵᠢᠨ ᠬᠤᠷᠢᠶ᠎ᠠ ᠵᠢᠨ 《ᠭᠤᠷᠪᠠᠨ ᠤᠷᠤᠨ ᠬᠤᠶᠠᠷ ᠨᠡᠪᠳᠡᠷᠡᠬᠦ ᠵᠠᠮ᠎ᠢ ᠦᠬᠡᠷᠡᠴᠢᠯᠡᠨ ᠪᠠᠶ᠋ᠢᠭᠤᠯᠬᠤ》᠂ ᠰᠡᠷᠭᠡᠶ᠋ᠢᠯᠡᠯᠳᠡ ᠬᠠᠮᠠᠭ᠋ᠠᠯᠠᠯᠳᠠ ᠵᠢᠨ ᠬᠡᠷᠡᠭᠰᠡᠯ ᠪᠤᠯᠤᠨ ᠪᠠᠴᠢᠮ ᠠᠪᠤᠷᠠᠯᠳᠠ ᠵᠢᠨ ᠳᠦᠬᠦᠬᠡᠷᠤᠮᠵᠢ ᠵᠡᠷᠬᠡ ᠡᠳ᠋ ᠪᠤᠳᠠᠰ ᠵᠶ᠋ᠠᠨ ᠨᠦᠬᠡᠴᠡᠯᠡᠬᠦ ᠵᠢᠴᠢ ᠰᠡᠷᠬᠡᠶ᠋ᠢᠯᠡᠨ ᠡᠵᠡᠮᠳᠡᠬᠦ ᠠᠵᠢᠯᠳᠠᠨ᠎ᠤ ᠮᠡᠷᠬᠡᠵᠢᠯ᠎ᠤᠨ ᠪᠤᠯᠪᠠᠰᠤᠷᠠᠯ ᠬᠢᠬᠡᠳ ᠰᠤᠷᠢᠯᠳᠠ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠪᠡᠯᠡᠳᠬᠡᠯ ᠳᠦᠰᠦᠯ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠵᠢ ᠴᠤᠤᠷᠢᠶᠠᠳᠤᠨ ᠳᠠᠭ᠋ᠠᠬᠠᠤ ᠴᠢᠳᠠᠪᠤᠷᠢ ᠵᠢᠨ ᠪᠠᠶ᠋ᠢᠭᠤᠯᠤᠯᠳᠠ ᠵᠡᠷᠬᠡ ᠠᠵᠢᠯ᠎ᠢ ᠳᠦᠢ᠍ᠯᠪᠤᠷᠢᠳᠠᠢ ᠰᠠᠶ᠋ᠢᠳᠤᠷ ᠬᠢᠬᠦ ᠬᠡᠷᠡᠭᠳᠡᠢ ᠬᠡᠵᠥ ᠴᠢᠬᠤᠯᠠᠴᠢᠯᠠᠪᠠ᠃
ᠪᠦ᠋ ᠰᠢᠶᠤᠤ ᠯᠢᠨ᠂ ᠤᠳᠤᠬᠠᠨ᠎ᠳᠤ ᠠᠯᠢ ᠤᠯᠠᠨ ᠠᠵᠢᠯᠳᠠᠨ ᠡᠮᠤᠨ᠎ᠡ ᠹᠷᠤᠨᠲ᠎ᠲᠤ ᠶᠠᠭ᠋ᠠᠷᠠᠯᠳᠠᠢ ᠠᠵᠢᠯᠯᠠᠵᠥ᠂ ᠬᠢᠵᠢᠭ᠎ᠤᠨ ᠪᠠᠶ᠋ᠢᠳᠠᠯ᠎ᠢ ᠰᠡᠷᠬᠡᠶ᠋ᠢᠯᠡᠨ ᠡᠵᠡᠮᠳᠡᠬᠦ ᠵᠢᠨ ᠲᠦᠯᠦᠭᠡ ᠯᠤᠳᠤ ᠶᠡᠭᠡ ᠬᠤᠪᠢ ᠨᠡᠮᠡᠷᠢ ᠪᠠ ᠦᠷᠡᠭᠳᠡᠯ ᠭᠠᠷᠭ᠋ᠠᠵᠥ ᠪᠠᠶ᠋ᠢᠨ᠎ᠠ᠂ ᠨᠡᠶ᠋ᠢᠬᠡᠮ ᠳᠠᠶᠠᠭ᠋ᠠᠷ ᠵᠶ᠋ᠠᠨ ᠲᠡᠳᠡᠨ᠎ᠢ ᠬᠦᠨᠳᠦᠳᠬᠡᠨ᠎ᠲᠠᠭᠠᠨ ᠰᠤᠷᠤᠯᠴᠠᠭᠤᠰᠢᠳᠠᠢ ᠶᠤᠮ᠃ ᠡᠯ᠎ᠡ ᠭᠠᠵᠠᠷ ᠤᠷᠤᠨ ᠡᠯ᠎ᠡ ᠬᠤᠯᠪᠤᠬᠳᠠᠯ ᠪᠦᠬᠦᠢ ᠰᠠᠯᠠᠭ᠎ᠠ ᠮᠦᠴᠢᠷ᠎ᠤᠨ᠎ᠬᠢᠨ ᠡᠮᠤᠨ᠎ᠡ ᠹᠷᠤᠨᠲ᠎ᠤᠨ ᠠᠵᠢᠯᠳᠠᠨ᠎ᠤ ᠠᠵᠢᠯ᠎ᠳᠤ ᠨᠡᠩ ᠰᠠᠶ᠋ᠢᠨ ᠨᠦᠬᠦᠴᠡᠯ ᠪᠦᠷᠢᠯᠳᠦᠬᠦᠯᠤᠨ ᠦᠭᠴᠤ᠂ ᠨᠡᠩ ᠰᠠᠶ᠋ᠢᠨ ᠬᠠᠮᠠᠭ᠋ᠠᠯᠠᠯᠳᠠ ᠬᠠᠩᠭ᠋ᠠᠵᠥ᠂ ᠵᠦᠢ ᠵᠤᠬᠢᠰᠳᠠᠢ ᠳᠤᠬᠢᠷᠠᠭᠤᠯᠤᠨ ᠬᠤᠭᠤᠴᠠᠭ᠎ᠠ ᠳᠤᠬᠳᠠᠭ᠋ᠠᠨ ᠡᠬᠡᠯᠵᠢᠯᠡᠨ ᠵᠢᠵᠢᠬᠦᠷᠯᠡᠵᠥ᠂ ᠤᠷᠳᠤ ᠬᠤᠭᠤᠴᠠᠭ᠎ᠠ᠎ᠪᠠᠷ ᠵᠦᠳᠡᠷᠡᠯᠳᠠᠢ ᠠᠵᠢᠯᠯᠠᠬᠤ᠎ᠠᠴᠠ ᠵᠠᠶ᠋ᠢᠯᠠᠰᠬᠢᠬᠤ ᠬᠡᠷᠡᠭᠳᠡᠢ ᠬᠡᠵᠥ ᠵᠢᠭ᠋ᠠᠵᠥ ᠭᠠᠷᠭ᠋ᠠᠪᠠ᠃
ᠪᠦ᠋ ᠰᠢᠶᠤᠤ ᠯᠢᠨ᠂ ᠬᠢᠵᠢᠭ᠎ᠤᠨ ᠪᠠᠶ᠋ᠢᠳᠠᠯ᠎ᠢ ᠰᠡᠷᠬᠡᠶ᠋ᠢᠯᠡᠨ ᠡᠵᠡᠮᠳᠡᠬᠦ ᠠᠵᠢᠯ᠎ᠢ ᠴᠢᠬᠤᠯᠠ ᠶᠡᠭᠡ ᠤᠯᠤᠰ ᠳᠦᠷᠦ ᠵᠢᠨ ᠡᠬᠦᠷᠬᠡ ᠪᠤᠯᠭ᠋ᠠᠵᠥ᠂ ᠡᠯ᠎ᠡ ᠱᠠᠳᠤᠨ᠎ᠤ ᠨᠠᠮ᠎ᠤᠨ ᠬᠤᠷᠢᠶ᠎ᠠ᠂ ᠵᠠᠰᠠᠬ᠎ᠤᠨ ᠤᠷᠳᠤᠨ ᠪᠤᠯᠤᠨ ᠬᠢᠵᠢᠭ᠎ᠤᠨ ᠪᠠᠶ᠋ᠢᠳᠠᠯ᠎ᠢ ᠰᠡᠷᠬᠡᠶ᠋ᠢᠯᠡᠨ ᠡᠵᠡᠮᠳᠡᠬᠦ ᠠᠵᠢᠯ᠎ᠢ ᠵᠢᠯᠤᠭᠤᠳᠬᠤ ᠪᠠᠶ᠋ᠢᠭᠤᠯᠤᠮᠵᠢ ᠵᠢᠴᠢ ᠬᠤᠯᠪᠤᠭᠳᠠᠯ ᠪᠦᠬᠦᠢ ᠰᠠᠯᠠᠭ᠎ᠠ ᠮᠦᠴᠢᠷ᠎ᠤᠨ᠎ᠬᠢᠨ ᠦᠨᠡᠨ ᠬᠦ᠌ ᠬᠠᠷᠢᠭᠤᠴᠠᠯᠭ᠎ᠠ᠎ᠪᠠᠨ ᠭᠦᠢ᠍ᠴᠡᠳᠭᠡᠵᠦ᠂ ᠭᠤᠤᠯ ᠤᠳᠤᠷᠢᠳᠤᠯᠭ᠎ᠠ ᠡᠮᠦᠨ᠎ᠠ᠎ᠨᠢ ᠭᠠᠪᠰᠢᠭ᠋ᠠᠢ᠍ᠢ᠍ᠯᠠᠨ ᠵᠢᠭ᠋ᠠᠨ ᠵᠢᠯᠤᠭᠤᠳᠴᠤ᠂ ᠬᠤᠪᠢᠳᠠᠨ ᠬᠠᠮᠢᠶᠠᠷᠬᠤ ᠤᠳᠤᠷᠢᠳᠤᠯᠭ᠎ᠠ ᠠᠵᠢᠯ ᠬᠤᠪᠢᠶᠠᠨ ᠪᠠᠳᠤ ᠰᠠᠬᠢᠵᠥ᠂ 《ᠳᠦᠷᠪᠡᠨ ᠳᠠᠯ᠎ᠠ ᠵᠢᠨ ᠬᠠᠷᠢᠭᠤᠴᠠᠯᠭ᠎ᠠ》 ᠵᠢ ᠤᠯᠠᠮ ᠨᠢᠭᠡ ᠠᠯᠬᠤᠮ ᠴᠢᠩᠭ᠋ᠠᠳᠬᠠᠨ ᠪᠤᠳᠠᠶ᠋ᠢᠵᠢᠭᠤᠯᠤᠨ᠂ 《ᠡᠷᠳᠡ ᠢᠯᠡᠷᠡᠭᠦᠯᠵᠦ᠂ ᠡᠷᠳᠡ ᠮᠡᠳᠡᠭᠦᠯᠤᠨ᠂ ᠡᠷᠳᠡ ᠲᠤᠰᠠᠭ᠋ᠠᠷᠯᠠᠵᠦ᠂ ᠡᠷᠳᠡ ᠵᠠᠰᠠᠬᠤ》 ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠵᠥ᠂ ᠬᠢᠵᠢᠭ᠎ᠤᠨ ᠪᠠᠶ᠋ᠢᠳᠠᠯ ᠳᠠᠬᠢᠨ ᠬᠡᠴᠡᠭᠦᠳᠡᠬᠦ ᠦᠬᠡᠢ ᠪᠠᠶ᠋ᠢᠬᠤ ᠵᠢ ᠦᠨᠡᠨ ᠬᠦ᠌ ᠪᠠᠳᠤᠯᠠᠵᠥ᠂ ᠬᠢᠵᠢᠭ᠎ᠤᠨ ᠪᠠᠶ᠋ᠢᠳᠠᠯ᠎ᠢ ᠰᠡᠷᠬᠡᠶ᠋ᠢᠯᠡᠨ ᠡᠵᠡᠮᠳᠡᠬᠦ ᠠᠵᠢᠯ᠎ᠤᠨ ᠪᠦᠬᠦ ᠵᠢᠨ ᠢᠯᠠᠯᠳᠠ ᠵᠢ ᠤᠯᠬᠤ ᠬᠡᠷᠡᠭᠳᠡᠢ ᠬᠡᠵᠥ ᠵᠢᠭ᠋ᠠᠵᠥ ᠭᠠᠷᠭ᠋ᠠᠪᠠ᠃
ᠦᠪᠡᠷᠳᠡᠬᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠪᠠᠶ᠋ᠢᠩᠭᠤ ᠵᠢᠨ ᠬᠡᠰᠢᠬᠦᠨ᠂ ᠨᠠᠷᠢᠨ ᠪᠢᠴᠢᠭ᠎ᠤᠨ ᠳᠠᠷᠤᠭ᠎ᠠ᠂ ᠦᠪᠡᠷᠳᠡᠬᠡᠨ ᠵᠠᠰᠠᠬᠤ ᠤᠷᠤᠨ᠎ᠤ ᠪᠠᠶ᠋ᠢᠩᠭᠤ ᠵᠢᠨ ᠳᠡᠳ᠋ ᠳᠡᠷᠢᠬᠦᠯᠡᠭᠴᠢ᠂ ᠦᠪᠡᠷᠳᠡᠬᠡᠨ ᠵᠠᠰᠠᠬᠤ ᠤᠷᠤᠨ᠎ᠤ ᠬᠢᠵᠢᠭ᠎ᠤᠨ ᠪᠠᠶ᠋ᠢᠳᠠᠯ᠎ᠢ ᠰᠡᠷᠬᠡᠶ᠋ᠢᠯᠡᠨ ᠡᠵᠡᠮᠳᠡᠬᠦ ᠠᠵᠢᠯ᠎ᠤᠨ ᠵᠢᠯᠤᠭᠤᠳᠬᠤ ᠭᠠᠵᠠᠷ᠎ᠤᠨ ᠳᠡᠳ᠋ ᠶᠡᠷᠦᠩᠬᠡᠢ ᠵᠢᠯᠤᠭᠤᠳᠤᠬ᠍ᠴᠢ ᠵᠠᠩ ᠱᠤᠤ ᠴᠦᠨ ᠬᠤᠷᠠᠯ᠎ᠳᠤ ᠤᠷᠤᠯᠴᠠᠪᠠ᠃ ᠦᠪᠡᠷᠳᠡᠬᠡᠨ ᠵᠠᠰᠠᠬᠤ ᠤᠷᠤᠨ᠎ᠤ ᠳᠡᠳ᠋ ᠳᠡᠷᠢᠬᠦᠯᠡᠭᠴᠢ᠂ ᠦᠪᠡᠷᠳᠡᠬᠡᠨ ᠵᠠᠰᠠᠬᠤ ᠤᠷᠤᠨ᠎ᠤ ᠬᠢᠵᠢᠭ᠎ᠤᠨ ᠪᠠᠶ᠋ᠢᠳᠠᠯ᠎ᠢ ᠰᠡᠷᠬᠡᠶ᠋ᠢᠯᠡᠨ ᠡᠵᠡᠮᠳᠡᠬᠦ ᠠᠵᠢᠯ᠎ᠤᠨ ᠵᠢᠯᠤᠭᠤᠳᠬᠤ ᠭᠠᠵᠠᠷ᠎ᠤᠨ ᠳᠡᠳ᠋ ᠶᠡᠷᠦᠩᠬᠡᠢ ᠵᠢᠯᠤᠭᠤᠳᠤᠬ᠍ᠴᠢ ᠡᠸᠤ ᠶᠠᠩ ᠰᠢᠶᠤᠤ ᠬᠤᠢ ᠬᠢᠵᠢᠭ᠎ᠤᠨ ᠪᠠᠶ᠋ᠢᠳᠠᠯ᠎ᠢ ᠰᠡᠷᠬᠡᠶ᠋ᠢᠯᠡᠨ ᠡᠵᠡᠮᠳᠡᠬᠦ ᠠᠵᠢᠯ᠎ᠢ ᠳᠤᠬᠢᠷᠠᠭᠤᠯᠤᠨ ᠪᠠᠶ᠋ᠢᠷᠢᠯᠠᠭᠤᠯᠪᠠ᠃ ᠦᠪᠡᠷᠳᠡᠬᠡᠨ ᠵᠠᠰᠠᠬᠤ ᠤᠷᠤᠨ᠎ᠤ ᠳᠡᠳ᠋ ᠳᠡᠷᠢᠬᠦᠯᠡᠭᠴᠢ᠂ ᠦᠪᠡᠷᠳᠡᠬᠡᠨ ᠵᠠᠰᠠᠬᠤ ᠤᠷᠤᠨ᠎ᠤ ᠬᠢᠵᠢᠭ᠎ᠤᠨ ᠪᠠᠶ᠋ᠢᠳᠠᠯ᠎ᠢ ᠰᠡᠷᠬᠡᠶ᠋ᠢᠯᠡᠨ ᠡᠵᠡᠮᠳᠡᠬᠦ ᠠᠵᠢᠯ᠎ᠤᠨ ᠵᠢᠯᠤᠭᠤᠳᠬᠤ ᠭᠠᠵᠠᠷ᠎ᠤᠨ ᠳᠡᠳ᠋ ᠶᠡᠷᠦᠩᠬᠡᠢ ᠵᠢᠯᠤᠭᠤᠳᠤᠬ᠍ᠴᠢ ᠾᠧᠩ ᠰᠢᠶᠤᠤ ᠹᠠᠨ ᠬᠤᠷᠠᠯ᠎ᠳᠤ ᠤᠷᠤᠯᠴᠠᠪᠠ᠃ ᠦᠪᠡᠷᠳᠡᠬᠡᠨ ᠵᠠᠰᠠᠬᠤ ᠤᠷᠤᠨ᠎ᠤ ᠡᠷᠡᠬᠦᠯ ᠬᠠᠮᠠᠭ᠋ᠠᠯᠠᠯ ᠡᠷᠡᠬᠦᠯ ᠮᠠᠨᠳᠤ ᠵᠢᠨ ᠵᠦᠪᠯᠡᠯ᠎ᠤᠨ ᠬᠠᠷᠢᠭᠤᠴᠠᠯᠭ᠋ᠠᠳᠠᠨ ᠤᠯᠤᠰ᠎ᠤᠨ ᠡᠷᠡᠬᠦᠯ ᠬᠠᠮᠠᠭ᠋ᠠᠯᠠᠯ ᠡᠷᠡᠬᠦᠯ ᠮᠠᠨᠳᠤ ᠵᠢᠨ ᠵᠦᠪᠯᠡᠯ᠎ᠤᠨ ᠲᠧᠯᠸᠢᠰ ᠤᠳᠠᠰᠤ ᠬᠤᠷᠠᠯ᠎ᠤᠨ ᠵᠤᠷᠢᠬ ᠰᠠᠨᠠᠭ᠎ᠠ ᠵᠢ ᠤᠯᠠᠮᠵᠢᠯᠠᠪᠠ᠃
ᠬᠤᠷᠠᠯ᠎ᠢ ᠸᠢᠳᠢᠣ᠋ ᠬᠡᠯᠪᠡᠷᠢ᠎ᠪᠠᠷ ᠬᠤᠷᠠᠯᠳᠤᠭᠤᠯᠵᠥ᠂ ᠡᠯ᠎ᠡ ᠠᠶ᠋ᠢᠮᠠᠬ ᠬᠤᠳᠠ᠂ ᠬᠤᠰᠢᠭᠤ ᠰᠢᠶᠠᠨ (ᠬᠤᠳᠠ ᠳᠤᠭᠤᠷᠢᠬ)᠎ᠳᠤ ᠬᠤᠪᠢᠶᠠᠷᠢ ᠬᠤᠷᠠᠯ᠎ᠤᠨ ᠳᠠᠯᠠᠪᠠᠢ ᠳᠤᠬᠢᠷᠠᠭᠤᠯᠪᠠ᠃