ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠰᠢ ᠵᠢᠨ ᠫᠢᠩ ᠬᠤᠤᠷ ᠴᠠᠭ᠋ᠠᠵᠠᠯᠠᠬᠤ ᠠᠵᠢᠯ᠎ᠳᠤ ᠴᠢᠬᠤᠯᠠ ᠵᠢᠭ᠋ᠠᠪᠤᠷᠢ ᠦᠭᠴᠤ ᠬᠤᠤᠷ ᠴᠠᠭ᠋ᠠᠵᠠᠯᠠᠬᠤ ᠴᠢᠭᠯᠡᠯᠲᠡ ᠵᠢ ᠴᠢᠩᠭ᠎ᠠ ᠬᠡᠷᠡᠭᠵᠢᠭᠦᠯᠬᠦ ᠵᠢ ᠪᠠᠷᠢᠮᠳᠠᠯᠠᠵᠦ ᠬᠤᠤᠷ ᠴᠠᠭ᠋ᠠᠵᠠᠯᠠᠬᠤ ᠠᠷᠠᠳ᠎ᠤᠨ ᠳᠠᠶ᠋ᠢᠨ᠎ᠢ ᠰᠠᠶ᠋ᠢᠳᠤᠷ ᠬᠢᠵᠦ ᠬᠤᠤᠷ ᠴᠠᠭ᠋ᠠᠵᠠᠯᠠᠬᠤ ᠠᠵᠢᠯ᠎ᠤᠨ ᠲᠠᠰᠤᠷᠠᠯᠲᠠ ᠦᠭᠡᠢ ᠰᠢᠨ᠎ᠡ ᠦᠷ᠎ᠡ ᠪᠦᠲᠦᠮᠵᠢ ᠣᠯᠬᠤ ᠵᠢ ᠠᠬᠢᠭᠤᠯᠬᠤ ᠬᠡᠷᠡᠭᠳᠡᠢ ᠭᠡᠵᠦ ᠴᠢᠬᠤᠯᠠᠴᠢᠯᠠᠪᠠ
ᠨᠡᠶ᠋ᠢᠲᠡᠯᠡᠭᠰᠡᠨ ᠴᠠᠭ᠄ 2020-06-24

      ᠰᠢᠨᠬᠤᠸᠠ ᠬᠤᠷᠢᠶᠠᠨ᠎ᠤ ᠪᠡᠭᠡᠵᠢᠩ᠎ᠤᠨ 6 ᠰᠠᠷ᠎ᠠ ᠵᠢᠨ 23᠎ᠤ ᠴᠠᠬᠢᠯᠭ᠋ᠠᠨ ᠮᠡᠳᠡᠭᠡ ᠤᠯᠠᠨ ᠤᠯᠤᠰ᠎ᠤᠨ ᠬᠤᠤᠷ ᠴᠠᠭ᠋ᠠᠵᠠᠯᠠᠬᠤ ᠡᠳᠦᠷ ᠬᠦᠷᠴᠤ ᠢᠷᠡᠬᠦ ᠲᠠᠰᠢᠷᠠᠮ᠎ᠳᠤ᠂ ᠪᠦᠬᠦ ᠤᠯᠤᠰ᠎ᠤᠨ ᠬᠤᠤᠷ ᠴᠠᠭ᠋ᠠᠵᠠᠯᠠᠬᠤ ᠠᠵᠢᠯ᠎ᠤᠨ ᠲᠡᠷᠢᠭᠦᠨ᠎ᠤ ᠬᠠᠮᠳᠤ ᠨᠢᠭᠡᠴᠢ ᠪᠤᠯᠤᠨ ᠲᠡᠷᠢᠭᠦᠨ᠎ᠤ ᠬᠤᠪᠢ ᠬᠦᠮᠦᠨ᠎ᠢ ᠬᠦᠬᠢᠭᠦᠯᠦᠨ ᠰᠠᠶ᠋ᠢᠰᠢᠶᠠᠬᠤ ᠬᠤᠷᠠᠯ 23᠎ᠤ ᠦᠳᠡ ᠵᠢᠨ ᠡᠮᠦᠨ᠎ᠠ ᠪᠡᠭᠡᠵᠢᠩ᠎ᠳᠤ ᠬᠤᠷᠠᠯᠳᠤᠵᠠᠢ᠃ ᠨᠠᠮ᠎ᠤᠨ ᠲᠦᠪ ᠬᠤᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠦᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠭᠦᠯᠡᠭᠴᠢ ᠰᠢ ᠵᠢᠨ ᠫᠢᠩ ᠴᠢᠬᠤᠯᠠ ᠵᠢᠭ᠋ᠠᠪᠤᠷᠢ ᠦᠭᠴᠤ᠂ ᠨᠠᠮ᠎ᠤᠨ ᠲᠦᠪ ᠬᠤᠷᠢᠶᠠᠨ᠎ᠤ ᠡᠮᠦᠨ᠎ᠠ᠎ᠠᠴᠠ᠂ ᠬᠦᠬᠢᠭᠦᠯᠦᠭᠳᠡᠨ ᠰᠠᠶ᠋ᠢᠰᠢᠶᠠᠭᠳᠠᠭᠰᠠᠨ ᠲᠡᠷᠢᠭᠦᠨ᠎ᠤ ᠬᠠᠮᠳᠤ ᠨᠢᠭᠡᠴᠢ ᠪᠤᠯᠤᠨ ᠲᠡᠷᠢᠭᠦᠨ᠎ᠤ ᠬᠤᠪᠢ ᠬᠦᠮᠦᠨ᠎ᠳᠤ ᠬᠠᠯᠠᠭᠤᠨ ᠪᠠᠶᠠᠷ ᠬᠦᠷᠭᠡᠵᠤ᠂ ᠪᠦᠬᠦ ᠤᠯᠤᠰ᠎ᠤᠨ ᠬᠤᠤᠷ ᠴᠠᠭ᠋ᠠᠵᠠᠯᠠᠬᠤ ᠹᠷᠤᠨᠲ᠎ᠤᠨ ᠨᠦᠭᠦᠳ᠎ᠢ ᠴᠢᠩ ᠰᠡᠳᠭᠢᠯ᠎ᠠᠴᠠ᠎ᠪᠠᠨ ᠲᠤᠬᠤᠨᠢᠭᠤᠯᠵᠤ ᠪᠠᠶ᠋ᠢᠬᠤ᠎ᠪᠠᠨ ᠢᠯᠡᠳᠭᠡᠵᠠᠢ᠃
      ᠰᠢ ᠵᠢᠨ ᠫᠢᠩ᠂ ᠤᠳᠤᠬᠠᠨ᠎ᠳᠤ ᠬᠢᠯᠢ ᠵᠢᠨ ᠳᠤᠳᠤᠷᠡᠬᠢ ᠪᠠ ᠬᠢᠯᠢ ᠵᠢᠨ ᠭᠠᠳᠠᠨᠠᠬᠢ ᠬᠤᠤᠷᠳᠤ ᠡᠳ᠋᠎ᠤᠨ ᠠᠰᠠᠭᠤᠳᠠᠯ᠂ ᠤᠯᠠᠮᠵᠢᠯᠠᠯ᠎ᠤᠨ ᠪᠠ ᠰᠢᠨ᠎ᠠ ᠬᠡᠯᠪᠡᠷᠢ ᠵᠢᠨ ᠬᠤᠤᠷᠳᠤ ᠡᠳ᠋᠎ᠤᠨ ᠬᠤᠤᠷ ᠬᠦᠨᠦᠭᠡᠯ᠂ ᠰᠦᠯᠵᠢᠶᠡᠨ ᠳᠡᠭᠡᠷᠡᠬᠢ ᠪᠠ ᠰᠦᠯᠵᠢᠶᠡᠨ᠎ᠤ ᠭᠠᠳᠠᠨᠠᠬᠢ ᠬᠤᠤᠷᠳᠤ ᠡᠳ᠋᠎ᠤᠨ ᠶᠠᠯᠠᠳᠤ ᠠᠵᠢᠯᠯᠠᠭ᠎ᠠ ᠬᠠᠷᠢᠯᠴᠠᠨ ᠰᠦᠯᠵᠢᠯᠳᠦᠵᠦ᠂ ᠤᠯᠠᠨ ᠲᠦᠮᠡᠨ᠎ᠤ ᠠᠮᠢ ᠨᠠᠰᠤᠨ᠎ᠤ ᠠᠮᠤᠷ ᠲᠦᠪᠰᠢᠨ ᠪᠠ ᠪᠡᠶ᠎ᠠ ᠮᠠᠬᠠᠪᠤᠳ᠎ᠤᠨ ᠡᠷᠡᠭᠦᠯ ᠮᠡᠨᠳᠦ᠂ ᠨᠡᠶ᠋ᠢᠭᠡᠮ᠎ᠤᠨ ᠲᠤᠭᠳᠠᠭᠤᠨ᠎ᠳᠤ ᠬᠦᠨᠳᠦ ᠨᠤᠴᠢᠳᠠᠢ ᠬᠤᠤᠷ ᠬᠦᠨᠦᠭᠡᠯ ᠤᠴᠠᠷᠠᠭᠤᠯᠵᠤ ᠪᠠᠶ᠋ᠢᠨ᠎ᠠ᠂ ᠡᠷᠬᠡᠪᠰᠢ ᠦᠩᠭᠡᠷᠡᠭᠰᠡᠨ᠎ᠲᠠᠢ᠎ᠪᠠᠨ ᠠᠳᠠᠯᠢ᠎ᠪᠠᠷ ᠬᠤᠤᠷ ᠴᠠᠭ᠋ᠠᠵᠠᠯᠠᠬᠤ ᠠᠵᠢᠯ᠎ᠢ ᠡᠷᠡᠰ ᠲᠦᠢ᠍ᠯᠪᠤᠷᠢᠳᠠᠢ ᠭᠦᠨᠵᠡᠭᠡᠢ ᠶᠠᠪᠤᠭᠳᠠᠭᠤᠯᠬᠤ ᠬᠡᠷᠡᠭᠳᠠᠢ᠃ ᠡᠯ᠎ᠠ ᠱᠠᠲᠤᠨ᠎ᠤ ᠨᠠᠮ᠎ᠤᠨ ᠬᠤᠷᠢᠶ᠎ᠠ ᠪᠤᠯᠤᠨ ᠵᠠᠰᠠᠭ᠎ᠤᠨ ᠤᠷᠲᠤᠨ ᠠᠷᠠᠳ ᠲᠦᠮᠠᠠ ᠵᠶ᠋ᠠᠷ ᠭᠤᠤᠯ ᠪᠤᠯᠭ᠋ᠠᠬᠤ ᠬᠦᠭᠵᠢᠯᠲᠠ ᠵᠢᠨ ᠦᠵᠡᠯ ᠰᠠᠨᠠᠭ᠎ᠠ ᠵᠢ ᠪᠠᠷᠢᠮᠲᠠᠯᠠᠵᠦ᠂ ᠤᠯᠤᠰ ᠤᠷᠤᠨ᠂ ᠦᠨᠲᠦᠰᠦᠲᠡᠡ᠂ ᠠᠷᠠᠳ ᠲᠦᠮᠠᠠ᠂ ᠲᠡᠤᠬᠡ᠎ᠳᠤ ᠲᠡᠭᠡᠲᠦ ᠬᠡᠮᠵᠢᠶ᠎ᠠ᠎ᠪᠠᠷ ᠬᠠᠷᠢᠭᠤᠴᠠᠬᠤ ᠤᠪᠤᠷ ᠵᠶ᠋ᠠᠷ ᠬᠤᠤᠷ ᠴᠠᠭ᠋ᠠᠵᠠᠯᠠᠬᠤ ᠴᠢᠭᠯᠡᠯᠲᠡ ᠵᠢ ᠴᠢᠩᠭ᠎ᠠ ᠭᠡᠷᠡᠭᠵᠢᠭᠦᠯᠬᠦ ᠵᠢ ᠪᠠᠷᠢᠮᠲᠠᠯᠠᠵᠦ᠂ ᠬᠤᠤᠷ ᠴᠠᠭ᠋ᠠᠵᠠᠯᠠᠬᠤ ᠠᠷᠠᠳ᠎ᠤᠨ ᠳᠠᠶ᠋ᠢᠨ᠎ᠢ ᠰᠠᠶ᠋ᠢᠳᠦᠷ ᠬᠢᠵᠦ᠂ ᠬᠤᠤᠷᠲᠦ ᠡᠳ᠋᠎ᠢ ᠵᠠᠰᠠᠬᠤ ᠰᠢᠰᠲ᠋ᠧᠮ᠎ᠢ ᠲᠡᠭᠦᠯᠲᠡᠷᠵᠢᠭᠦᠯᠤᠨ᠂ ᠬᠤᠤᠷ ᠴᠠᠭ᠋ᠠᠵᠠᠯᠠᠬᠤ ᠤᠯᠠᠠ ᠤᠯᠤᠰ᠎ᠤᠨ ᠬᠠᠮᠲᠤᠷᠠᠯᠴᠠᠭ᠎ᠠ ᠵᠢ ᠬᠦᠨᠵᠡᠭᠡᠶ᠋ᠢᠷᠡᠭᠦᠯᠵᠤ᠂ ᠬᠤᠤᠷ ᠴᠠᠭ᠋ᠠᠵᠠᠯᠠᠬᠤ ᠠᠵᠢᠯ᠎ᠤᠨ ᠲᠠᠰᠤᠷᠠᠯᠲᠠ ᠦᠭᠡᠢ ᠰᠢᠨ᠎ᠠ ᠦᠷ᠎ᠠ ᠪᠦᠲᠦᠮᠵᠢ ᠤᠯᠬᠤ ᠵᠢ ᠠᠬᠢᠭᠤᠯᠤᠨ᠂ ᠨᠡᠶ᠋ᠢᠭᠡᠮ᠎ᠤᠨ ᠡᠶ᠎ᠡ ᠵᠤᠬᠢᠴᠠᠩᠭᠤᠢ ᠲᠤᠭᠲᠠᠭᠤᠨ᠎ᠢ ᠬᠠᠮᠠᠭ᠋ᠠᠯᠠᠬᠤ᠂ ᠠᠷᠠᠳ ᠲᠦᠮᠡᠡ᠎ᠤ ᠠᠮᠤᠷ ᠵᠢᠮᠦᠷ ᠠᠵᠦ ᠲᠦᠷᠦᠬᠦ ᠵᠢ ᠪᠠᠲᠤᠯᠠᠬᠤ᠎ᠳᠤ ᠨᠡᠩ ᠶᠡᠭᠡ ᠰᠢᠨ᠎ᠠ ᠬᠤᠪᠢ ᠨᠡᠮᠡᠷᠢ ᠦᠵᠡᠭᠦᠯᠬᠦ ᠬᠡᠷᠡᠭᠲᠡᠢ ᠬᠡᠵᠥ ᠴᠢᠬᠤᠯᠠᠴᠢᠯᠠᠪᠠ᠃
      ᠲᠦᠷᠦ ᠵᠢᠨ ᠶᠠᠪᠤᠲᠠᠯ᠎ᠤᠨ ᠭᠡᠰᠢᠭᠦᠨ᠂ ᠤᠯᠤᠰ᠎ᠤᠨ ᠬᠤᠤᠷ ᠴᠠᠭ᠋ᠠᠵᠠᠯᠠᠬᠤ ᠵᠦᠪᠯᠡᠯ᠎ᠤᠨ ᠡᠷᠬᠢᠯᠡᠭᠴᠢ ᠵᠤᠤ ᠺᠧ ᡁᠢ ᠬᠤᠷᠠᠯ ᠲᠡᠭᠡᠷ᠎ᠠ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢ ᠤᠯᠠᠮᠵᠢᠯᠠᠵᠠᠢ᠃ ᠲᠡᠷᠡ᠂ ᠶᠡᠷᠦᠩᠭᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠤᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠠ ᠤᠢ᠍ᠢ᠍ᠯᠠᠭ᠋ᠠᠵᠦ᠂ ᠡᠷᠡᠰ ᠲᠤᠭᠤᠰᠢᠯᠠᠭᠤᠯᠤᠨ ᠨᠠᠶ᠋ᠢᠲᠠᠪᠤᠷᠢᠵᠢᠭᠤᠯᠵᠦ᠂ ᠬᠦᠬᠢᠭᠦᠯᠦᠭᠳᠠᠨ ᠰᠠᠶ᠋ᠢᠰᠢᠶᠠᠭᠲᠠᠭᠰᠠᠠ ᠲᠡᠷᠢᠭᠦᠨ᠎ᠤ ᠬᠠᠮᠳᠤ ᠨᠢᠭᠡᠴᠢ ᠪᠤᠯᠤᠨ ᠲᠡᠷᠢᠭᠦᠨ᠎ᠤ ᠬᠤᠪᠢ ᠬᠦᠮᠦᠨ ᠵᠶ᠋ᠠᠷ ᠦᠯᠢᠭᠡᠷ ᠲᠠᠭᠤᠷᠢᠶᠠᠯ ᠪᠤᠯᠭ᠋ᠠᠵᠦ᠂ ᠨᠡᠩ ᠡᠷᠡᠰ ᠪᠠᠲᠤ ᠵᠤᠷᠢᠭ᠂ ᠨᠡᠩ ᠤᠷᠬᠢᠯᠤᠮ᠎ᠠ ᠬᠠᠯᠠᠭᠤᠨ ᠡᠷᠴᠢ ᠵᠤᠷᠢᠭ᠂ ᠨᠡᠩ ᠬᠦᠴᠤᠲᠠᠢ ᠠᠷᠭ᠎ᠠ ᠬᠡᠮᠵᠢᠶ᠎ᠠ᠎ᠪᠠᠷ ᠰᠢᠨ᠎ᠠ ᠴᠠᠭ ᠦᠶ᠎ᠠ ᠵᠢᠨ ᠬᠤᠤᠷ ᠴᠠᠭ᠋ᠠᠵᠠᠯᠠᠬᠤ ᠠᠷᠠᠳ᠎ᠤᠨ ᠳᠠᠶ᠋ᠢᠨ᠎ᠤ ᠰᠢᠨ᠎ᠠ ᠢᠯᠠᠯᠲᠠ ᠵᠢ ᠲᠠᠰᠤᠷᠠᠯᠲᠠ ᠦᠭᠡᠢ ᠤᠯᠬᠤ ᠭᠡᠷᠡᠭᠲᠡᠢ ᠭᠡᠵᠦ ᠵᠢᠭ᠋ᠠᠵᠦ ᠭᠠᠷᠭ᠋ᠠᠵᠠᠢ᠃
      ᠬᠤᠷᠠᠯ ᠲᠡᠭᠡᠷ᠎ᠠ᠂ 2015 ᠤᠨ᠎ᠠᠴᠠ ᠨᠠᠭ᠋ᠠᠰᠢ ᠬᠤᠤᠷ ᠴᠠᠭ᠋ᠠᠵᠠᠯᠠᠬᠤ ᠠᠵᠢᠯ᠎ᠤᠨ ᠡᠯ᠎ᠠ ᠹᠷᠤᠨᠲ᠎ᠲᠤ ᠲᠤᠪᠤᠶ᠋ᠢᠮ᠎ᠠ ᠬᠤᠪᠢ ᠨᠡᠮᠡᠷᠢ ᠦᠵᠡᠬᠦᠯᠦᠭᠰᠡᠨ 100 ᠲᠡᠷᠢᠬᠦᠨ᠎ᠤ ᠬᠠᠮᠳᠤ ᠨᠢᠭᠡᠴᠢ ᠪᠤᠯᠤᠨ 100 ᠲᠡᠷᠢᠬᠦᠨ᠎ᠤ ᠬᠤᠪᠢ ᠬᠦᠮᠤᠨ ᠬᠦᠬᠢᠬᠦᠯᠦᠭᠳᠡᠨ ᠰᠠᠶ᠋ᠢᠰᠢᠶᠠᠭᠳᠠᠪᠠ᠃ ᠶᠦᠨᠨᠠᠨ ᠮᠤᠵᠢ ᠵᠢᠨ ᠯᠢᠨᠼᠠᠩ ᠬᠤᠳᠠ ᠵᠢᠨ ᠳᠤᠳᠤᠭ᠋ᠠᠳᠤ ᠵᠢ ᠬᠠᠮᠠᠭ᠋ᠠᠯᠠᠬᠤ ᠲᠤᠪᠴᠢᠶᠠᠨ᠎ᠤ ᠬᠤᠤᠷ ᠴᠠᠭ᠋ᠠᠵᠠᠯᠠᠬᠤ ᠰᠠᠯᠪᠤᠷᠢ ᠠᠩᠬᠢ᠂ ᠱᠧᠨᠵᠧᠨ᠎ᠤ ᠪᠤᠭᠤᠮᠳᠠ ᠵᠢᠨ ᠨᠢᠭᠤᠴᠠ᠎ᠪᠠᠷ ᠠᠷᠠᠯᠵᠢᠶᠠᠯᠠᠭᠰᠠᠳ᠎ᠢ ᠪᠠᠷᠢᠪᠴᠢᠯᠠᠬᠤ ᠲᠤᠪᠴᠢᠶᠠᠨ᠎ᠤ ᠴᠠᠭᠳᠠᠨ ᠪᠠᠶ᠋ᠢᠴᠠᠭ᠋ᠠᠬᠤ ᠬᠤᠶᠠᠳᠤᠭ᠋ᠠᠷ ᠭᠠᠵᠠᠷ᠂ ᠶᠦᠨᠨᠠᠨ᠎ᠤ ᠬᠢᠯᠢ᠎ᠪᠠᠷ ᠤᠷᠤᠵᠤ ᠭᠠᠷᠬᠤ ᠬᠢᠯᠢ ᠵᠢᠨ ᠬᠠᠮᠠᠭ᠋ᠠᠯᠠᠯᠳᠠ ᠵᠢᠨ ᠪᠠᠶ᠋ᠢᠴᠠᠭ᠋ᠠᠯᠳᠠ ᠵᠢᠨ ᠶᠡᠷᠦᠩᠬᠡᠢ ᠦᠷᠳᠡᠬᠡᠨ᠎ᠤ ᠫᠦ᠋ ᠡᠯ ᠬᠢᠯᠢ ᠵᠢᠨ ᠬᠠᠮᠢᠶᠠᠷᠤᠯᠳᠠ ᠵᠢᠨ ᠰᠠᠯᠪᠤᠷᠢ ᠠᠩᠬᠢ ᠵᠢᠨ ᠯᠠᠨᠼᠠᠩ᠎ᠤᠨ ᠬᠢᠯᠢ ᠵᠢᠨ ᠪᠠᠶ᠋ᠢᠴᠠᠭ᠋ᠠᠯᠳᠠ ᠵᠢᠨ ᠦᠷᠳᠡᠭᠡ ᠪᠤᠯᠤᠨ ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠴᠢᠰᠤᠨ᠎ᠤ ᠲᠦᠪ᠎ᠤᠨ ᠴᠢᠰᠤᠨ᠎ᠤ ᠪᠠᠳᠤᠯᠠᠭ᠎ᠠ ᠵᠢᠨ ᠰᠠᠯᠠᠭ᠋ᠠᠨ᠎ᠤ ᠡᠷᠬᠢᠯᠡᠭᠴᠢ ᠲᠤᠤ ᠶᠢᠩ ᠴᠦᠨ᠂ ᠵᠢᠶᠠᠩᠰᠢ ᠮᠤᠵᠢ ᠵᠢᠨ ᠫᠢᠩ ᠰᠢᠶᠠᠩ ᠬᠤᠳᠠ ᠵᠢᠨ ᠬᠤᠤᠷ ᠴᠠᠭ᠋ᠠᠵᠠᠯᠠᠬᠤ ᠰᠠᠶ᠋ᠢᠨ ᠲᠤᠷᠠᠴᠤᠳ᠎ᠤᠨ ᠨᠡᠶ᠋ᠢᠬᠡᠮᠯᠢᠭ᠎ᠤᠨ ᠲᠠᠷᠤᠭ᠎ᠠ ᠳ᠋ᠤᠸᠠᠨ ᠬᠤᠸᠠ ᠱᠧᠩ ᠵᠡᠷᠬᠡ ᠲᠡᠷᠢᠬᠦᠨ᠎ᠤ ᠬᠠᠮᠳᠤ ᠨᠢᠭᠡᠴᠢ ᠪᠤᠯᠤᠨ ᠲᠡᠷᠢᠬᠦᠨ᠎ᠤ ᠬᠤᠪᠢ ᠬᠦᠮᠤᠨ᠎ᠤ ᠲᠦᠯᠤᠬᠡᠯᠡᠭᠴᠢ ᠦᠬᠡ ᠶᠠᠷᠢᠵᠠᠢ᠃
      ᠬᠤᠷᠠᠯ᠎ᠨᠢ ᠲᠧᠯᠸᠢᠰ ᠤᠳᠠᠰᠤ ᠬᠤᠷᠠᠯ᠎ᠤᠨ ᠬᠡᠯᠪᠡᠷᠢ᠎ᠪᠠᠷ ᠶᠠᠪᠤᠬᠳᠠᠵᠤ᠂ ᠤᠯᠤᠰ᠎ᠤᠨ ᠬᠤᠤᠷ ᠴᠠᠭ᠋ᠠᠵᠠᠯᠠᠬᠤ ᠵᠦᠪᠯᠡᠯ᠎ᠤᠨ ᠬᠤᠯᠪᠤᠬᠳᠠᠯ ᠪᠦᠬᠦᠢ ᠬᠠᠷᠢᠭᠤᠴᠠᠯᠭ᠋ᠠᠳᠠᠨ ᠨᠦᠬᠦᠳ᠂ ᠡᠯ᠎ᠠ ᠮᠤᠵᠢ ᠬᠤᠳᠠ ᠰᠢᠶᠠᠨ᠎ᠤ ᠬᠤᠤᠷ ᠴᠠᠭ᠋ᠠᠵᠠᠯᠠᠬᠤ ᠵᠦᠪᠯᠡᠯ᠎ᠤᠨ ᠬᠠᠷᠢᠭᠤᠴᠠᠯᠭ᠋ᠠᠳᠠᠨ ᠨᠦᠬᠦᠳ᠂ ᠬᠦᠬᠢᠬᠦᠯᠦᠭᠳᠡᠨ ᠰᠠᠶ᠋ᠢᠰᠢᠶᠠᠬᠳᠠᠬᠰᠠᠨ ᠲᠡᠷᠢᠬᠦᠨ᠎ᠤ ᠬᠠᠮᠳᠤ ᠨᠢᠭᠡᠴᠢ ᠵᠢᠨ ᠲᠦᠯᠤᠬᠡᠯᠡᠭᠴᠢ ᠪᠤᠯᠤᠨ ᠲᠡᠷᠢᠬᠦᠨ᠎ᠤ ᠬᠤᠪᠢ ᠬᠦᠮᠤᠨ ᠵᠡᠷᠬᠡ ᠲᠤᠰ ᠲᠤᠰ ᠭᠤᠤᠯ ᠬᠤᠷᠠᠯ᠎ᠤᠨ ᠲᠠᠯᠠᠪᠠᠢ ᠪᠤᠯᠤᠨ ᠬᠤᠪᠢᠶᠠᠷᠢ ᠬᠤᠷᠠᠯ᠎ᠤᠨ ᠲᠡᠯᠡᠪᠡᠢ᠎ᠳᠤ ᠬᠤᠷᠠᠯ᠎ᠳᠤ ᠤᠷᠤᠯᠴᠠᠪᠠ᠃
   

ᠢᠷᠡᠯᠲᠡ᠄ ᠳᠣᠮᠳᠠᠳᠣ ᠣᠯᠣᠰ᠎ᠤᠨ ᠮᠣᠩᠭᠣᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠣᠶ ᠰᠢᠭᠤᠶ ᠨᠤᠳᠤᠭ ᠪᠡᠯᠴᠢᠭᠡᠷ᠎ᠤᠨ ᠭᠠᠮᠰᠢᠭ᠎ᠢ ᠰᠡᠷᠭᠡᠢ᠌ᠯᠡᠨ ᠪᠠᠭ᠋ᠠᠰᠬᠠᠬᠤ ᠠᠵᠢᠯ᠎ᠢ ᠪᠠᠶ᠋ᠢᠷᠢᠯᠠᠭᠤᠯᠪᠠ
ᠤᠷᠠᠳ᠎ᠤᠨ ᠬᠣᠶ᠋ᠢᠲᠤ ᠬᠣᠰᠢᠭᠤᠨ᠎ᠤ ᠬᠢᠯᠢ ᠳᠣᠲᠣᠷ᠎ᠠ ᠳᠡᠯᠡᠬᠡᠶ ᠵᠢᠨ ᠮᠥᠬᠥᠬᠦ ᠰᠢᠬᠠᠭᠰᠠᠨ ᠬᠡᠭᠡᠷ᠎ᠡ ᠵᠢᠨ ᠤᠷᠭᠤᠮᠠᠯ — ᠨᠢᠴᠦᠭᠦᠨ ᠵᠢᠮᠢᠰᠲᠤ ᠮᠤᠳᠤ ᠵᠢ ᠢᠯᠡᠷᠡᠬᠦᠯᠪᠡ
ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠣᠯᠠᠨ ᠤᠯᠤᠰ᠎ᠤᠨ ᠬᠣᠯᠪᠣᠭ᠋ᠠᠲᠤ ᠪᠠᠶ᠋ᠢᠭᠤᠯᠤᠯᠭ᠎ᠠ ᠵᠢᠨ ᠴᠦᠯᠯᠡᠷᠭᠡᠭᠵᠢᠯ᠎ᠢ ᠰᠡᠷᠭᠡᠶ᠋ᠢᠯᠡᠨ ᠵᠠᠰᠠᠬᠤ ᠨᠡᠶ᠋ᠢᠲᠡ ᠵᠢᠨ ᠭᠡᠷ᠎ᠡ ᠵᠢᠨ ᠭᠡᠷ᠎ᠡ ᠭᠦᠢ᠍ᠴᠡᠳᠬᠡᠬᠦ ᠠᠯᠪᠠᠨ ᠬᠡᠷ ᠪᠠᠢ᠌ᠭᠤᠯᠤᠭᠳᠠᠪᠠ
ᠰᠢ ᠵᠢᠨ ᠫᠢᠩ ᠤᠷᠤᠰ᠎ᠤᠨ ᠶᠡᠷᠤᠩᠬᠡᠶ᠋ᠢᠯᠡᠭᠴᠢ ᠫᠦᠲ᠋ᠢᠨ᠎ᠲᠠᠢ ᠤᠳᠠᠰᠤ᠎ᠪᠠᠷ ᠶᠠᠷᠢᠯᠴᠠᠪᠠ
ᠤᠯᠤᠰ᠎ᠤᠨ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ 3 ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠵᠢᠯᠴᠠᠭ᠋ᠠᠨ᠎ᠤ ᠰᠢᠨ᠎ᠡ ᠵᠢ ᠡᠭᠦᠳᠬᠦ ᠲᠥᠪ ᠪᠠᠶ᠋ᠢᠭᠤᠯᠬᠤ ᠵᠢ ᠵᠥᠪᠰᠢᠶᠡᠷᠡᠪᠡ
 
             蒙ICP备05000248号