ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠣᠶ ᠰᠢᠭᠤᠶ ᠨᠤᠳᠤᠭ ᠪᠡᠯᠴᠢᠭᠡᠷ᠎ᠤᠨ ᠭᠠᠮᠰᠢᠭ᠎ᠢ ᠰᠡᠷᠭᠡᠢ᠌ᠯᠡᠨ ᠪᠠᠭ᠋ᠠᠰᠬᠠᠬᠤ ᠠᠵᠢᠯ᠎ᠢ ᠪᠠᠶ᠋ᠢᠷᠢᠯᠠᠭᠤᠯᠪᠠ
ᠨᠡᠶ᠋ᠢᠲᠡᠯᠡᠭᠰᠡᠨ ᠴᠠᠭ᠄ 2020-06-29

     6 ᠰᠠᠷ᠎ᠠ ᠵᠢᠨ 24᠎ᠤ ᠡᠳᠦᠷ᠂ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠭᠠᠮᠰᠢᠭ᠎ᠢ ᠰᠡᠷᠭᠡᠶ᠋ᠢᠯᠡᠨ ᠪᠠᠭ᠋ᠠᠰᠬᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ ᠪᠡᠭᠡᠵᠢᠩ᠎ᠳᠤ ᠬᠤᠷᠠᠯᠳᠤᠵᠤ᠂ ᠣᠶ ᠰᠢᠭᠤᠶ ᠪᠠ ᠨᠤᠳᠤᠭ ᠪᠡᠯᠴᠢᠭᠡᠷ᠎ᠤᠨ ᠭᠠᠮᠰᠢᠭ᠎ᠢ ᠰᠡᠷᠭᠡᠶ᠋ᠢᠯᠡᠨ ᠪᠠᠭ᠋ᠠᠰᠬᠠᠬᠤ ᠭᠣᠤᠯᠳᠠᠯᠭ᠎ᠠ᠎ᠲᠠᠢ ᠠᠵᠢᠯ᠎ᠤᠨ ᠡᠭᠦᠷᠭᠡ ᠵᠢ ᠲᠣᠬᠢᠷᠠᠭᠤᠯᠤᠨ ᠪᠠᠶ᠋ᠢᠷᠢᠯᠠᠭᠤᠯᠪᠠ᠃ ᠤᠯᠤᠰ᠎ᠤᠨ ᠤᠢ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶᠠᠨ᠎ᠤ ᠳᠡᠳ᠋ ᠳᠠᠷᠤᠭ᠎ᠠ ᠯᠢ ᠱᠦ᠋ ᠮᠢᠩ ᠬᠤᠷᠠᠯ᠎ᠳᠤ ᠤᠷᠤᠯᠴᠠᠪᠠ᠃
      ᠬᠤᠷᠠᠯ᠎ᠠᠴᠠ ᠱᠠᠭ᠋ᠠᠷᠳᠠᠭᠰᠠᠨ᠎ᠨᠢ᠂ ᠣᠢ ᠰᠢᠭᠤᠶ ᠪᠠ ᠨᠤᠲᠤᠭ ᠪᠡᠯᠴᠢᠭᠡᠷ᠎ᠤᠨ ᠭᠠᠮᠰᠢᠭ᠎ᠢ ᠰᠡᠷᠭᠡᠢ᠌ᠯᠡᠨ ᠪᠠᠭ᠋ᠠᠰᠬᠠᠬᠤ ᠭᠤᠤᠯᠳᠠᠯᠭ᠎ᠠ᠎ᠲᠠᠢ ᠠᠵᠢᠯ᠎ᠤᠨ ᠡᠭᠦᠷᠭᠡ ᠵᠢ ᠭᠦᠨᠵᠡᠭᠡᠶ ᠲᠦᠯᠬᠢᠨ ᠠᠬᠢᠭᠤᠯᠵᠤ᠂ ᠣᠢ ᠰᠢᠭᠤᠶ ᠪᠠ ᠨᠤᠲᠤᠭ ᠪᠡᠯᠴᠢᠭᠡᠷ᠎ᠤᠨ ᠪᠣᠢ ᠪᠦᠬᠦᠢ ᠭᠠᠮᠰᠢᠭ᠎ᠤᠨ ᠲᠥᠷᠥᠯ᠎ᠢ ᠤᠯᠤᠰ᠎ᠤᠨ ᠭᠠᠮᠰᠢᠭ᠎ᠢ ᠰᠡᠷᠭᠡᠢ᠌ᠯᠡᠨ ᠪᠠᠭ᠋ᠠᠰᠬᠠᠬᠤ ᠰᠢᠰᠲ᠋ᠧᠮᠵᠢ᠎ᠳᠤ ᠣᠷᠣᠭᠤᠯᠬᠤ᠎ᠪᠠᠷ   ᠴᠢᠷᠮᠠᠶ᠋ᠢᠬᠤ ᠬᠡᠷᠡᠭᠲᠡᠶ᠃ ᠤᠳᠤᠷᠢᠳᠬᠤ ᠳᠤᠭᠤᠶ᠋ᠢᠯᠠᠩ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠲᠠᠪᠴᠠᠩ᠎ᠤᠨ ᠪᠠᠶ᠋ᠢᠭᠤᠯᠤᠯᠲᠠ ᠵᠢ ᠲᠦᠯᠬᠢᠨ ᠠᠬᠢᠭᠤᠯᠵᠤ᠂ ᠪᠠᠷᠢᠮᠵᠢᠶ᠎ᠠ ᠵᠢᠨ ᠪᠠᠶ᠋ᠢᠭᠤᠯᠤᠯᠲᠠ ᠪᠠ ᠠᠵᠢᠯ ᠲᠥᠷᠥᠯ᠎ᠤᠨ ᠵᠢᠯᠣᠭᠣᠳᠣᠯᠭ᠎ᠠ ᠵᠢ ᠴᠢᠩᠭ᠋ᠠᠳᠬᠠᠵᠤ᠂ ᠬᠦᠴᠦᠯᠡᠨ ᠤᠬᠠᠭᠤᠯᠤᠨ ᠲᠦᠭᠡᠮᠡᠯᠵᠢᠭᠦᠯᠵᠦ᠂ ᠰᠠᠯᠠᠭ᠎ᠠ ᠮᠦᠴᠢᠷ᠎ᠤᠨ ᠬᠣᠭᠣᠷᠣᠨᠳᠣᠬᠢ ᠬᠠᠮᠵᠢᠯᠴᠠᠭ᠎ᠠ ᠵᠢ ᠴᠢᠩᠭ᠋ᠠᠳᠬᠠᠨ᠂ ᠭᠠᠯ᠎ᠤᠨ ᠠᠶᠤᠯ᠎ᠤᠨ ᠲᠦᠭᠰᠢᠭᠦᠷᠢ ᠵᠢᠨ ᠨᠡᠶ᠋ᠢᠳᠡᠮ ᠪᠠᠢ᠌ᠴᠠᠭ᠋ᠠᠯᠳᠠ ᠵᠡᠷᠭᠡ ᠠᠵᠢᠯ᠎ᠢ ᠰᠠᠶ᠋ᠢᠲᠤᠷ ᠬᠢᠬᠦ ᠬᠡᠷᠡᠭᠲᠡᠶ᠃ ᠤᠳᠤᠷᠢᠳᠬᠤ ᠳᠤᠭᠤᠶ᠋ᠢᠯᠠᠩ᠎ᠨᠢ ᠣᠢ ᠰᠢᠭᠤᠶ ᠪᠠ ᠨᠤᠲᠤᠭ ᠪᠡᠯᠴᠢᠭᠡᠷ᠎ᠤᠨ ᠡᠯ᠎ᠡ ᠲᠥᠷᠥᠯ᠎ᠤᠨ ᠭᠠᠮᠰᠢᠭ᠎ᠢ ᠰᠡᠷᠭᠡᠶ᠋ᠢᠯᠡᠬᠦ ᠪᠠ ᠪᠠᠴᠢᠮ ᠪᠠᠶ᠋ᠢᠳᠠᠯ᠎ᠢ ᠠᠷᠭ᠋ᠠᠴᠠᠨ ᠰᠢᠢ᠍ᠳᠪᠦᠷᠢᠯᠡᠬᠦ ᠬᠠᠷᠢᠭᠤᠴᠠᠯᠭ᠎ᠠ ᠵᠢᠨ ᠨᠠᠢ᠌ᠳᠠᠪᠤᠷᠢᠵᠢᠭᠤᠯᠤᠯᠳᠠ ᠵᠢ ᠬᠦᠴᠦᠲᠡᠶ ᠠᠳᠬᠤᠵᠤ᠂ ᠡᠯ᠎ᠡ ᠲᠥᠷᠥᠯ᠎ᠤᠨ ᠭᠠᠮᠰᠢᠭ᠎ᠤᠨ ᠣᠢ ᠰᠢᠭᠤᠶ ᠪᠠ ᠨᠤᠲᠤᠭ ᠪᠡᠯᠴᠢᠭᠡᠷ᠎ᠲᠤ ᠦᠵᠡᠭᠦᠯᠬᠦ ᠬᠣᠬᠢᠷᠠᠯ ᠪᠣᠯᠤᠨ ᠨᠦᠯᠦᠭᠡ ᠵᠢ ᠬᠠᠮᠤᠭ᠎ᠤᠨ ᠶᠡᠬᠡ ᠬᠡᠮᠵᠢᠶ᠎ᠡ᠎ᠪᠠᠷ ᠪᠠᠭ᠋ᠠᠰᠬᠠᠬᠤ ᠬᠡᠷᠡᠭᠲᠡᠶ᠃ ᠡᠯ᠎ᠡ ᠪᠦᠷᠢᠯᠳᠦᠬᠦᠨ ᠨᠢᠭᠡᠴᠡ᠎ᠨᠦᠭᠦᠳ ᠲᠣᠰ ᠲᠣᠰ᠎ᠤᠨ ᠬᠦᠷᠢᠶ᠎ᠡ ᠴᠠᠷᠠᠭ᠎ᠠ᠎ᠳᠠᠭᠠᠨ ᠲᠤᠤᠱᠯᠠᠭᠤᠯᠤᠨ ᠨᠠᠢ᠌ᠳᠠᠪᠤᠷᠢᠵᠢᠭᠤᠯᠬᠤ ᠵᠢ ᠰᠠᠶ᠋ᠢᠲᠤᠷ ᠠᠳᠬᠤᠵᠤ᠂   ᠵᠢᠷᠤᠮᠵᠢᠭᠰᠠᠨ᠂ ᠰᠢᠨᠵᠢᠯᠡᠬᠦ ᠤᠬᠠᠭ᠋ᠠᠨᠴᠢᠯᠠᠭᠰᠠᠨ ᠬᠠᠮᠢᠶᠠᠷᠤᠯᠲᠠ ᠵᠢᠨ ᠬᠢᠷᠢ ᠬᠡᠮᠵᠢᠶ᠎ᠡ᠎ᠪᠠᠨ ᠬᠠᠮᠲᠤᠪᠠᠷ ᠳᠡᠭᠡᠭᠰᠢᠯᠡᠭᠦᠯᠬᠦ ᠬᠡᠷᠡᠭᠲᠡᠶ᠃
      ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ ᠣᠶ᠋ᠢᠷ᠎ᠠ᠎ᠳᠤ 《ᠠᠩᠬᠠᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠪᠠᠶ᠋ᠢᠭ᠋ᠠᠯᠢ ᠵᠢᠨ ᠭᠠᠮᠰᠢᠭ᠎ᠤᠨ ᠶᠡᠷᠦᠩᠬᠡᠶ᠋ᠢᠯᠡᠭᠰᠡᠨ ᠲᠦᠭᠰᠢᠭᠦᠷᠢ ᠵᠢᠨ ᠨᠡᠶ᠋ᠢᠳᠡᠮ ᠪᠠᠶ᠋ᠢᠴᠠᠭ᠋ᠠᠯᠲᠠ ᠵᠢ ᠥᠷᠨᠢᠭᠦᠯᠬᠦ ᠲᠤᠬᠠᠶ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠠᠶ᠃ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠨᠢ ᠣᠶ ᠰᠢᠭᠤᠶ ᠪᠠ ᠨᠤᠲᠤᠭ ᠪᠡᠯᠴᠢᠭᠡᠷ᠎ᠤᠨ ᠭᠠᠯ᠎ᠤᠨ ᠠᠶᠤᠯ᠎ᠤᠨ ᠲᠦᠭᠰᠢᠭᠦᠷᠢ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠭᠰᠠᠨ᠎ᠤ ᠬᠤᠪᠢ᠎ᠳᠤ ᠣᠶ ᠰᠢᠭᠤᠶ ᠪᠠ ᠨᠤᠲᠤᠭ ᠪᠡᠯᠴᠢᠭᠡᠷ᠎ᠤᠨ ᠭᠠᠯ᠎ᠤᠨ ᠠᠶᠤᠯ᠎ᠤᠨ ᠲᠦᠭᠰᠢᠭᠦᠷᠢ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠬᠡᠷᠡᠭᠵᠢᠭᠦᠯᠬᠦ ᠲᠥᠰᠦᠯ᠂ ᠲᠤᠷᠰᠢᠯᠲᠠ ᠵᠢᠨ ᠠᠵᠢᠯ᠎ᠤᠨ ᠲᠥᠰᠦᠯ᠂ ᠬᠠᠮᠢᠶ᠎ᠠ ᠪᠦᠬᠦᠢ ᠪᠠᠷᠢᠮᠵᠢᠶ᠎ᠠ ᠲᠦᠷᠢᠮᠵᠢᠯ᠎ᠢ ᠨᠠᠶ᠋ᠢᠷᠠᠭᠤᠯᠤᠨ ᠵᠣᠬᠢᠶᠠᠵᠤ᠂ ᠣᠶ ᠰᠢᠭᠤᠶ ᠪᠠ ᠨᠤᠲᠤᠭ ᠪᠡᠯᠴᠢᠭᠡᠷ᠎ᠤᠨ ᠨᠡᠶ᠋ᠢᠳᠡᠮ ᠪᠠᠶ᠋ᠢᠴᠠᠭ᠋ᠠᠯᠲᠠ ᠵᠢᠨ ᠰᠢᠰᠲ᠋ᠧᠮ᠎ᠤᠨ ᠡᠮᠦᠨᠡᠬᠢ ᠬᠤᠭᠤᠴᠠᠭ᠋ᠠᠨ᠎ᠤ ᠵᠠᠳᠠᠯᠤᠯᠲᠠ᠂ ᠵᠢᠷᠤᠭ ᠲᠥᠯᠥᠪᠯᠡᠭᠡ ᠪᠣᠯᠤᠨ ᠬᠡᠰᠡᠭ ᠰᠠᠭᠤᠷᠢ ᠴᠢᠳᠠᠮᠵᠢ ᠵᠢᠨ ᠨᠡᠭᠡᠭᠡᠯᠲᠡ ᠵᠢ ᠪᠡᠶᠡᠯᠡᠭᠦᠯᠵᠡᠶ᠃ ᠣᠢ ᠰᠢᠭᠤᠶ ᠪᠠ ᠨᠤᠲᠤᠭ ᠪᠡᠯᠴᠢᠭᠡᠷ᠎ᠤᠨ ᠭᠠᠯ᠎ᠤᠨ ᠠᠶᠤᠯ᠎ᠤᠨ ᠲᠦᠭᠰᠢᠭᠦᠷᠢ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠮᠡᠷᠭᠡᠵᠢᠯ᠎ᠤᠨ ᠪᠠᠷᠢᠮᠵᠢᠶ᠎ᠠ ᠵᠢᠨ ᠰᠢᠰᠲ᠋ᠧᠮᠵᠢ ᠪᠣᠯᠤᠨ ᠠᠵᠢᠯᠯᠠᠭ᠋ᠠᠨ᠎ᠤ ᠲᠣᠭᠲᠠᠴᠠ ᠵᠢ ᠠᠩᠬ᠎ᠠ ᠠᠯᠬᠤᠮ ᠪᠠᠢ᠌ᠭᠤᠯᠤᠨ᠎ᠠ᠃ (ᠳᠤᠮᠳᠠᠳᠤ ᠤᠯᠤᠰ᠎ᠤᠨ ᠨᠤᠭᠤᠭ᠋ᠠᠨᠯᠢᠭ ᠴᠠᠭ᠎ᠤᠨ ᠰᠣᠨᠢᠨ᠎ᠤ ᠰᠤᠷᠪᠤᠯᠵᠢᠯᠠᠭᠴᠢ ᠮᠠ ᠢᠦᠶ ᠵᠢᠩ)

ᠢᠷᠡᠯᠲᠡ᠄ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠤᠷᠠᠳ᠎ᠤᠨ ᠬᠣᠶ᠋ᠢᠲᠤ ᠬᠣᠰᠢᠭᠤᠨ᠎ᠤ ᠬᠢᠯᠢ ᠳᠣᠲᠣᠷ᠎ᠠ ᠳᠡᠯᠡᠬᠡᠶ ᠵᠢᠨ ᠮᠥᠬᠥᠬᠦ ᠰᠢᠬᠠᠭᠰᠠᠨ ᠬᠡᠭᠡᠷ᠎ᠡ ᠵᠢᠨ ᠤᠷᠭᠤᠮᠠᠯ — ᠨᠢᠴᠦᠭᠦᠨ ᠵᠢᠮᠢᠰᠲᠤ ᠮᠤᠳᠤ ᠵᠢ ᠢᠯᠡᠷᠡᠬᠦᠯᠪᠡ
ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠣᠯᠠᠨ ᠤᠯᠤᠰ᠎ᠤᠨ ᠬᠣᠯᠪᠣᠭ᠋ᠠᠲᠤ ᠪᠠᠶ᠋ᠢᠭᠤᠯᠤᠯᠭ᠎ᠠ ᠵᠢᠨ ᠴᠦᠯᠯᠡᠷᠭᠡᠭᠵᠢᠯ᠎ᠢ ᠰᠡᠷᠭᠡᠶ᠋ᠢᠯᠡᠨ ᠵᠠᠰᠠᠬᠤ ᠨᠡᠶ᠋ᠢᠲᠡ ᠵᠢᠨ ᠭᠡᠷ᠎ᠡ ᠵᠢᠨ ᠭᠡᠷ᠎ᠡ ᠭᠦᠢ᠍ᠴᠡᠳᠬᠡᠬᠦ ᠠᠯᠪᠠᠨ ᠬᠡᠷ ᠪᠠᠢ᠌ᠭᠤᠯᠤᠭᠳᠠᠪᠠ
ᠰᠢ ᠵᠢᠨ ᠫᠢᠩ ᠤᠷᠤᠰ᠎ᠤᠨ ᠶᠡᠷᠤᠩᠬᠡᠶ᠋ᠢᠯᠡᠭᠴᠢ ᠫᠦᠲ᠋ᠢᠨ᠎ᠲᠠᠢ ᠤᠳᠠᠰᠤ᠎ᠪᠠᠷ ᠶᠠᠷᠢᠯᠴᠠᠪᠠ
ᠤᠯᠤᠰ᠎ᠤᠨ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ 3 ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠵᠢᠯᠴᠠᠭ᠋ᠠᠨ᠎ᠤ ᠰᠢᠨ᠎ᠡ ᠵᠢ ᠡᠭᠦᠳᠬᠦ ᠲᠥᠪ ᠪᠠᠶ᠋ᠢᠭᠤᠯᠬᠤ ᠵᠢ ᠵᠥᠪᠰᠢᠶᠡᠷᠡᠪᠡ
ᠮᠠᠨ᠎ᠤ ᠤᠯᠤᠰ ᠬᠤᠨᠠᠨ᠎ᠤ ᠰᠢᠶᠠᠩᠰᠢ᠂ ᠭᠠᠨᠰᠦ ᠵᠢᠨ ᠵᠠᠩ ᠶᠧ ᠵᠡᠷᠭᠡ ᠳᠡᠯᠡᠬᠡᠶ ᠵᠢᠨ ᠭᠠᠵᠠᠷ ᠰᠢᠨᠵᠢᠯᠡᠭᠡᠨ᠎ᠤ ᠴᠡᠴᠡᠷᠯᠢᠭ᠎ᠢ ᠰᠢᠨ᠎ᠡ᠎ᠪᠠᠷ ᠨᠡᠮᠡᠨ ᠪᠠᠢ᠌ᠭᠤᠯᠪᠠ
 
             蒙ICP备05000248号