7 ᠰᠠᠷ᠎ᠠ ᠵᠢᠨ 7᠎ᠤ ᠡᠳᠦᠷ᠂ ᠹᠷᠠᠨᠼᠢ ᠵᠢᠨ ᠫᠠᠷᠢᠰ᠎ᠲᠤ ᠬᠤᠷᠠᠯᠳᠤᠭᠤᠯᠤᠭᠰᠠᠨ ᠣᠯᠠᠨ ᠤᠯᠤᠰ᠎ᠤᠨ ᠬᠣᠯᠪᠣᠭ᠋ᠠᠲᠤ ᠪᠠᠢ᠌ᠭᠤᠯᠤᠯᠭ᠎ᠠ ᠵᠢᠨ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠰᠣᠶᠣᠯ᠎ᠤᠨ ᠵᠣᠬᠢᠶᠠᠨ ᠪᠠᠶ᠋ᠢᠭᠤᠯᠤᠯᠲᠠ ᠵᠢᠨ ᠬᠦᠢ᠍ᠴᠡᠳᠬᠡᠬᠦ ᠲᠣᠪᠴᠢᠶ᠎ᠠ ᠵᠢᠨ 209 ᠳ᠋ᠦ᠍ᠭᠡᠷ ᠬᠤᠷᠠᠯᠳᠤᠭ᠋ᠠᠨ᠎ᠳᠤ ᠳᠤᠮᠳᠠᠳᠤ ᠤᠯᠤᠰ᠎ᠤᠨ ᠲᠠᠨᠢᠯᠴᠠᠭᠤᠯᠤᠨ ᠳᠡᠪᠰᠢᠬᠦᠯᠦᠭᠰᠡᠨ ᠬᠤᠨᠠᠨ᠎ᠤ ᠰᠢᠶᠠᠩᠰᠢ᠂ ᠭᠠᠨᠰᠦ ᠵᠢᠨ ᠵᠠᠩ ᠶᠧ ᠵᠢᠨ ᠭᠠᠵᠠᠷ ᠰᠢᠨᠵᠢᠯᠡᠭᠡᠨ᠎ᠤ ᠴᠡᠴᠡᠷᠯᠢᠭ ᠵᠢᠩᠬᠢᠨᠢ᠎ᠪᠠᠷ ᠣᠯᠠᠨ ᠤᠯᠤᠰ᠎ᠤᠨ ᠬᠣᠯᠪᠣᠭ᠋ᠠᠲᠤ ᠪᠠᠶ᠋ᠢᠭᠤᠯᠭ᠎ᠠ ᠵᠢᠨ ᠰᠤᠷᠭ᠋ᠠᠨ ᠬᠦᠮᠦᠵᠢᠯ ᠰᠢᠨᠵᠢᠯᠡᠬᠦ ᠤᠬᠠᠭ᠋ᠠᠨ ᠰᠣᠶᠣᠯ᠎ᠤᠨ ᠵᠣᠬᠢᠶᠠᠨ ᠪᠠᠶ᠋ᠢᠭᠤᠯᠤᠯᠲᠠ ᠵᠢᠨ ᠳᠡᠯᠡᠬᠡᠶ ᠵᠢᠨ ᠭᠠᠵᠠᠷ ᠰᠢᠨᠵᠢᠯᠡᠭᠡᠨ᠎ᠤ ᠴᠡᠴᠡᠷᠯᠢᠭ᠎ᠤᠨ ᠴᠣᠯᠠ ᠵᠢ ᠭᠥᠷᠳᠡᠪᠡ᠃ ᠮᠠᠨ᠎ᠤ ᠤᠯᠤᠰ᠎ᠤᠨ ᠳᠡᠯᠡᠬᠡᠶ ᠵᠢᠨ ᠭᠠᠵᠠᠷ ᠰᠢᠨᠵᠢᠯᠡᠭᠡᠨ᠎ᠤ ᠴᠡᠴᠡᠷᠯᠢᠭ᠎ᠤᠨ ᠲᠣᠭ᠎ᠠ 41 ᠪᠣᠯᠵᠤ᠂ ᠪᠦᠬᠦ ᠪᠥᠮᠪᠥᠷᠴᠡᠭ᠎ᠤᠨ ᠳᠥᠷᠪᠡᠨ᠎ᠤ ᠨᠢᠭᠡ ᠬᠤᠪᠢ ᠵᠢ ᠡᠵᠡᠯᠡᠵᠦ᠂ ᠳᠡᠯᠡᠬᠡᠶ ᠵᠢᠨ ᠲᠡᠷᠢᠭᠦᠨ᠎ᠳᠤ ᠣᠷᠣᠪᠠ᠃
ᠬᠤᠨᠠᠨ᠎ᠤ ᠰᠢᠶᠠᠩᠰᠢ ᠵᠢᠨ ᠳᠡᠯᠡᠬᠡᠶ ᠵᠢᠨ ᠭᠠᠵᠠᠷ ᠰᠢᠨᠵᠢᠯᠡᠭᠡᠨ᠎ᠤ
ᠴᠡᠴᠡᠷᠯᠢᠭ᠎ᠤᠨ ᠤᠯᠠᠭ᠋ᠠᠨ ᠴᠢᠯᠠᠭᠤᠨ ᠣᠢ
![]()
ᠰᠢᠶᠠᠩᠰᠢ ᠵᠢᠨ ᠳᠡᠯᠡᠬᠡᠶ ᠵᠢᠨ ᠭᠠᠵᠠᠷ ᠰᠢᠨᠵᠢᠯᠡᠭᠡᠨ᠎ᠤ ᠴᠡᠴᠡᠷᠯᠢᠭ᠎ᠨᠢ ᠬᠤᠨᠠᠨ ᠮᠤᠵᠢ ᠵᠢᠨ ᠰᠢᠶᠠᠩᠰᠢ ᠵᠢᠨ ᠲᠦᠵᠢᠶᠠ ᠦᠨᠳᠦᠰᠦᠲᠡᠨ᠂ ᠮᠢᠶᠣᠣ ᠦᠨᠳᠦᠰᠦᠲᠡᠨ᠎ᠤ ᠥᠪᠡᠷᠲᠡᠭᠡᠨ ᠵᠠᠰᠠᠬᠤ ᠵᠧᠤ ᠵᠢᠨ ᠡᠤ ᠯᠢᠩ ᠱᠠᠨ ᠨᠢᠷᠤᠭᠤ ᠵᠢᠨ ᠲᠤᠳᠤᠷ᠎ᠠ ᠪᠠᠶ᠋ᠢᠷᠢᠯᠠᠨᠠ᠃ ᠬᠠᠭᠤᠴᠢᠨ ᠴᠢᠯᠠᠭᠤᠨ ᠵᠡᠪᠰᠡᠭ ᠪᠠ ᠰᠢᠨ᠎ᠡ ᠴᠢᠯᠠᠭᠤᠨ ᠵᠡᠪᠰᠡᠭ᠎ᠤᠨ ᠦᠶ᠎ᠡ ᠵᠢᠨ ᠰᠣᠶᠣᠯ᠎ᠤᠨ ᠪᠠᠭᠤᠷᠢ 160 ᠪᠠᠢ᠌ᠵᠤ᠂ ᠬᠥᠮᠦᠨ ᠲᠥᠷᠥᠯᠬᠢᠲᠡᠨ᠎ᠤ ᠪᠣᠯᠪᠠᠰᠤᠨ ᠲᠡᠤᠬᠡ ᠵᠢ ᠭᠡᠷᠡᠴᠢᠯᠡᠪᠡ᠃ ᠡᠨᠡ ᠪᠣᠯ ᠲᠦᠵᠢᠶᠠ ᠦᠨᠳᠦᠰᠦᠲᠡᠨ ᠪᠣᠯᠤᠨ ᠮᠢᠶᠣᠣ ᠦᠨᠳᠦᠰᠦᠲᠡᠨ᠎ᠤ ᠲᠥᠪᠯᠡᠷᠡᠨ ᠰᠠᠭᠤᠭᠰᠠᠨ ᠭᠣᠣᠯ ᠤᠷᠤᠨ ᠪᠣᠯᠤᠨ᠎ᠠ᠃ ᠡᠳᠡᠭᠡᠷ ᠦᠨᠳᠦᠰᠦᠲᠡᠨ ᠪᠣᠯ ᠰᠢᠶᠠᠩᠰᠢ ᠵᠢᠨ ᠥᠪᠡᠷᠲᠡᠭᠡᠨ ᠵᠠᠰᠠᠬᠤ ᠵᠧᠦ ᠵᠢᠨ ᠬᠠᠮᠤᠭ ᠡᠷᠲᠡᠨ᠎ᠤ ᠤᠭ᠎ᠤᠨ ᠰᠠᠭᠤᠭ᠋ᠠᠯᠢ ᠠᠷᠠᠳ ᠪᠠᠶ᠋ᠢᠵᠤ᠂ ᠥᠨᠢ ᠤᠳᠠᠭ᠋ᠠᠨ ᠲᠡᠦᠬᠡ ᠰᠣᠶᠣᠯ᠎ᠨᠢ ᠥᠪᠡᠷᠮᠢᠴᠡ ᠦᠨᠳᠦᠰᠦᠳᠡᠨ᠎ᠤ ᠵᠠᠩ ᠦᠢ᠍ᠯᠡ ᠵᠢ ᠪᠤᠢ ᠪᠣᠯᠭ᠋ᠠᠭᠰᠠᠨ ᠶᠤᠮ᠃ ᠲᠤᠰ ᠭᠠᠵᠠᠷ ᠣᠷᠣᠨ᠎ᠤ ᠭᠠᠵᠠᠷ ᠰᠢᠨᠵᠢᠯᠡᠭᠡᠨ᠎ᠢ ᠶᠠᠨᠭ᠌ᠽᠢ ᠵᠢᠨ ᠭᠠᠵᠠᠷ᠎ᠤᠨ ᠳᠡᠨᠵᠢ ᠵᠢᠨ ᠪᠦᠷᠢᠯᠳᠦᠯ ᠵᠢᠴᠢ ᠡᠬᠡ ᠬᠠᠭᠤᠷᠠᠶ ᠵᠢᠨ ᠬᠣᠲᠣᠭᠣᠷ᠎ᠤᠨ ᠦᠶᠡᠯᠡᠯ᠎ᠤᠨ ᠴᠢᠨᠠᠷᠳᠠᠢ ᠬᠤᠪᠢᠰᠤᠯᠲᠠ ᠵᠢ ᠳᠡᠮᠳᠡᠭᠯᠡᠵᠡᠢ᠃ ᠭᠠᠵᠠᠷ ᠰᠢᠨᠵᠢᠯᠡᠭᠡᠨ᠎ᠤ ᠴᠡᠴᠡᠷᠯᠢᠭ᠎ᠲᠤ᠂ ᠺᠠᠮᠪᠠᠷᠢᠶᠠ ᠭᠠᠯᠪᠠ ᠵᠢᠨ ᠭᠠᠵᠠᠷ᠎ᠤᠨ ᠳᠠᠪᠬᠤᠷᠭ᠎ᠠ᠎ᠨᠢ ᠨᠠᠩ ᠲᠣᠪᠣᠶ᠋ᠢᠮ᠎ᠠ ᠪᠠᠶ᠋ᠢᠵᠤ᠂ ᠣᠯᠠᠨ ᠤᠯᠤᠰ᠎ᠤᠨ ᠠᠴᠢ ᠬᠣᠯᠪᠣᠭᠳᠠᠯ ᠪᠥᠬᠥᠶ ᠬᠣᠶᠠᠷ 《ᠠᠯᠲᠠᠨ ᠬᠠᠳᠠᠭ᠋ᠠᠰᠤ》 (ᠣᠯᠠᠨ ᠤᠯᠤᠰ᠎ᠤᠨ ᠭᠠᠵᠠᠷ᠎ᠤᠨ ᠳᠠᠪᠬᠤᠷᠭ᠎ᠠ ᠵᠢᠨ ᠬᠠᠷᠢᠴᠠᠭᠤᠯᠤᠭᠰᠠᠨ ᠵᠠᠭ᠋ᠠᠭ ᠱᠤᠭᠤᠮ᠎ᠤᠨ ᠳᠠᠪᠬᠤᠷᠭ᠎ᠠ ᠵᠢᠨ ᠣᠭᠲᠣᠯᠤᠭ᠋ᠠᠰᠤ)᠎ᠲᠠᠢ ᠪᠠᠶ᠋ᠢᠳᠠᠭ᠃ ᠲᠤᠰ ᠭᠠᠵᠠᠷ ᠣᠷᠣᠨ᠎ᠨᠢ ᠪᠠᠰᠠ ᠤᠯᠠᠭ᠋ᠠᠨ ᠴᠢᠯᠠᠭᠤᠨ ᠣᠶ᠂ ᠳ᠋ᠸᠬᠠᠩ ᠶᠡᠬᠡ ᠬᠠᠪᠴᠢᠯ᠂ ᠰᠠᠭᠤᠮᠠᠯ ᠯᠤᠤᠲᠤ ᠬᠠᠪᠴᠢᠯ ᠪᠠ ᠮᠠᠰᠢ ᠣᠯᠠᠨ ᠰᠦᠷᠯᠢᠭ ᠬᠦᠷᠬᠢᠷ᠎ᠡ᠎ᠪᠠᠷ ᠠᠯᠳᠠᠷᠰᠢᠵᠠᠶ᠃
ᠵᠠᠩ ᠶᠧ ᠳᠡᠯᠡᠬᠡᠶ ᠵᠢᠨ ᠭᠠᠵᠠᠷ ᠰᠢᠨᠵᠢᠯᠡᠭᠡᠨ᠎ᠤ
ᠴᠡᠴᠡᠷᠯᠢᠭ᠎ᠤᠨ ᠥᠩᠭᠡᠲᠦ ᠳᠣᠪᠣᠷᠬᠠᠭ

ᠵᠠᠩ ᠶᠧ ᠳᠡᠯᠡᠬᠡᠶ ᠵᠢᠨ ᠭᠠᠵᠠᠷ ᠰᠢᠨᠵᠢᠯᠡᠭᠡᠨ᠎ᠤ ᠴᠡᠴᠡᠷᠯᠢᠭ᠎ᠨᠢ ᠭᠠᠨᠰᠦ ᠮᠤᠵᠢ ᠵᠢᠨ ᠵᠠᠩ ᠶᠧ ᠬᠣᠲᠠ᠎ᠳᠤ ᠪᠠᠶ᠋ᠢᠷᠢᠯᠠᠵᠤ᠂ ᠶᠣᠭᠤᠷ ᠦᠨᠳᠦᠰᠦᠲᠡᠨ᠎ᠢ ᠪᠠᠭᠲᠠᠭ᠋ᠠᠭᠰᠠᠨ ᠮᠠᠰᠢ ᠣᠯᠠᠨ ᠴᠥᠭᠡᠨ ᠲᠣᠭ᠋ᠠᠲᠤ ᠦᠨᠳᠦᠰᠦᠲᠡᠨ ᠪᠠ 577 ᠰᠣᠶᠣᠯ᠎ᠤᠨ ᠦᠵᠡᠮᠵᠢ ᠵᠢᠨ ᠭᠠᠵᠠᠷ᠎ᠲᠠᠢ᠃ ᠲᠣᠰ ᠭᠠᠵᠠᠷ ᠰᠢᠨᠵᠢᠯᠡᠭᠡᠨ᠎ᠤ ᠴᠡᠴᠡᠷᠯᠢᠭ᠎ᠤᠨ ᠬᠠᠮᠤᠭ ᠢᠯᠡᠷᠬᠡᠶ ᠣᠨᠴᠠᠯᠢᠭ ᠪᠣᠯ ᠥᠩᠭᠡ ᠪᠤᠳᠤᠭ ᠰᠣᠯᠣᠩᠭ᠋ᠠᠷᠠᠭᠰᠠᠨ ᠠᠲᠤᠷᠢᠶᠠᠲᠤ ᠰᠢᠪᠡᠷ ᠴᠢᠯᠠᠭᠤᠯᠢᠭ ᠪᠠ ᠬᠠᠢ᠌ᠷ ᠴᠢᠯᠠᠭᠤᠯᠢᠭ ᠵᠶ᠋ᠠᠷ ᠪᠦᠷᠢᠯᠳᠦᠭᠰᠡᠨ ᠥᠩᠭᠡᠲᠦ ᠳᠣᠪᠣᠷᠬᠠᠭ ᠪᠣᠯᠤᠨ᠎ᠠ᠃ ᠡᠭᠦᠨ᠎ᠤ ᠬᠠᠮᠲᠤ ᠪᠠᠰᠠ ᠠᠶᠠᠨᠳᠠᠭ᠋ᠠᠨ ᠢᠳᠡᠭᠳᠡᠭᠰᠡᠨ 《ᠴᠣᠩᠬᠣᠨ ᠬᠡᠯᠪᠡᠷᠢᠲᠦ》᠂ 《ᠣᠷᠳᠣ ᠬᠠᠷᠰᠢ ᠵᠢᠨ ᠬᠡᠯᠪᠡᠷᠢᠲᠤ》 ᠭᠠᠵᠠᠷ ᠰᠢᠨᠵᠢᠯᠡᠬᠡᠨ᠎ᠤ ᠲᠥᠷᠬᠦ ᠪᠠ ᠡᠷᠲᠡᠨ᠎ᠤ ᠳᠠᠯᠠᠢ ᠵᠢᠨ ᠴᠠᠷᠴᠠᠳᠠᠰᠤᠨᠤ ᠦᠯᠡᠳᠡᠭᠳᠡᠯ 《ᠶᠢᠰᠦᠨ ᠪᠤᠯᠠᠭ》᠎ᠤᠨ ᠨᠣᠭᠣᠭ᠋ᠠᠨ ᠴᠢᠯᠠᠭᠤᠯᠢᠭ᠎ᠤᠨ ᠲᠤᠬᠤᠢ ᠵᠡᠷᠭᠡ ᠤᠷᠤᠨ ᠪᠦᠰᠡ ᠪᠤᠢ᠃ ᠲᠡᠭᠦᠨ᠎ᠤ ᠤᠯᠠᠨ ᠤᠯᠤᠰ᠎ᠤᠨ ᠭᠠᠵᠠᠷ ᠰᠢᠨᠵᠢᠯᠡᠭᠡᠨ᠎ᠤ ᠠᠴᠢ ᠬᠣᠯᠪᠣᠭᠳᠠᠯ᠎ᠢ ᠮᠠᠰᠢ ᠤᠯᠠᠨ ᠭᠠᠵᠠᠷ ᠰᠢᠨᠵᠢᠯᠡᠭᠡᠨ᠎ᠤ ᠡᠷᠳᠡᠮᠲᠡᠳ ᠰᠤᠳᠤᠯᠵᠠᠢ᠃
ᠣᠶ᠋ᠢᠯᠠᠭ᠋ᠠᠭᠰᠠᠨ ᠵᠶ᠋ᠠᠷ᠂ ᠳᠡᠯᠡᠬᠡᠶ ᠵᠢᠨ ᠭᠠᠵᠠᠷ ᠰᠢᠨᠵᠢᠯᠡᠭᠡᠨ᠎ᠤ ᠴᠡᠴᠡᠷᠯᠢᠭ ᠪᠣᠯ ᠣᠯᠠᠨ ᠤᠯᠤᠰ᠎ᠤᠨ ᠠᠴᠢ ᠬᠣᠯᠪᠣᠭᠳᠠᠯ ᠪᠥᠬᠥᠶ ᠭᠠᠵᠠᠷ ᠰᠢᠨᠵᠢᠯᠡᠬᠡᠨ᠎ᠤ ᠦᠯᠡᠳᠡᠭᠳᠡᠯ ᠵᠡᠷᠭᠡ ᠪᠠᠶ᠋ᠢᠭ᠋ᠠᠯᠢ ᠵᠢᠨ ᠡᠬᠢ ᠪᠠᠶᠠᠯᠢᠭ᠎ᠢ ᠰᠢᠨᠵᠢᠯᠡᠬᠦ ᠤᠬᠠᠭ᠋ᠠᠨᠴᠢ᠎ᠪᠠᠷ ᠬᠠᠮᠠᠭ᠋ᠠᠯᠠᠬᠤ ᠪᠠ ᠦᠷᠭᠦᠯᠵᠢᠯᠡᠨ ᠠᠰᠢᠭᠯᠠᠬᠤ ᠵᠢᠨ ᠤᠯᠠᠮ ᠵᠶ᠋ᠠᠷ ᠣᠷᠣᠨ ᠨᠤᠲᠤᠭ᠎ᠤᠨ ᠨᠡᠶ᠋ᠢᠭᠡᠮ ᠠᠵᠤ ᠠᠬᠤᠶ ᠵᠢᠨ ᠬᠥᠭᠵᠢᠯᠲᠡ ᠵᠢ ᠠᠬᠢᠭᠤᠯᠬᠤ ᠣᠷᠣᠨ ᠪᠦᠰᠡ ᠪᠣᠯᠤᠨ᠎ᠠ᠃ 2004 ᠣᠨ᠎ᠳᠤ᠂ ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠤᠯᠭ᠎ᠠ ᠵᠢᠨ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠰᠤᠶᠤᠯ᠎ᠤᠨ ᠵᠣᠬᠢᠶᠠᠨ ᠪᠠᠶ᠋ᠢᠭᠤᠯᠤᠯᠲᠠ ᠵᠢᠨ ᠳᠡᠮᠵᠢᠯᠭᠡ ᠳᠣᠣᠷ᠎ᠠ᠂ ᠳᠤᠮᠳᠠᠳᠤ ᠤᠯᠤᠰ᠎ᠤᠨ 8 ᠭᠠᠵᠠᠷ ᠰᠢᠨᠵᠢᠯᠡᠭᠡᠨ᠎ᠤ ᠴᠡᠴᠡᠷᠯᠢᠭ᠎ᠨᠢ ᠧᠦ᠋ᠷᠣᠫᠠ ᠲᠢᠪ᠎ᠤᠨ ᠭᠠᠵᠠᠷ ᠰᠢᠨᠵᠢᠯᠡᠭᠡᠨ᠎ᠤ ᠴᠡᠴᠡᠷᠯᠢᠭ᠎ᠤᠨ ᠰᠦᠯᠵᠢᠶᠡᠨ᠎ᠤ 17 ᠪᠦᠷᠢᠯᠳᠦᠬᠦᠨ᠎ᠲᠠᠢ ᠬᠠᠮᠲᠤ᠎ᠪᠠᠷ ᠳᠡᠯᠡᠬᠡᠢ ᠵᠢᠨ ᠭᠠᠵᠠᠷ ᠰᠢᠨᠵᠢᠯᠡᠭᠡᠨ᠎ᠤ ᠴᠡᠴᠡᠷᠯᠢᠭ᠎ᠤᠨ ᠰᠦᠯᠵᠢᠶ᠎ᠡ (GGN) ᠵᠢ ᠡᠭᠦᠳᠦᠨ ᠪᠠᠶ᠋ᠢᠭᠤᠯᠵᠠᠢ᠃ 2015 ᠣᠨ᠎ᠳᠤ᠂ ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠤᠯᠭ᠎ᠠ ᠵᠢᠨ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠰᠣᠶᠣᠯ᠎ᠤᠨ ᠵᠤᠬᠢᠶᠠᠨ ᠪᠠᠶ᠋ᠢᠭᠤᠯᠤᠯᠲᠠ ᠵᠢᠨ 38 ᠳ᠋ᠤᠭ᠋ᠠᠷ ᠬᠤᠭᠤᠴᠠᠭ᠋ᠠᠨ᠎ᠤ ᠶᠡᠬᠡ ᠬᠤᠷᠠᠯ᠎ᠠᠴᠠ 《ᠤᠯᠠᠨ ᠤᠯᠤᠰ᠎ᠤᠨ ᠳᠡᠯᠡᠬᠡᠶ ᠵᠢᠨ ᠪᠥᠮᠪᠥᠷᠴᠡᠭ᠎ᠤᠨ ᠰᠢᠨᠵᠢᠯᠡᠬᠦ ᠤᠬᠠᠭ᠋ᠠᠨ ᠬᠢᠭᠡᠳ ᠭᠠᠵᠠᠷ ᠰᠢᠨᠵᠢᠯᠡᠭᠡᠨ᠎ᠤ ᠴᠡᠴᠡᠷᠯᠢᠭ᠎ᠤᠨ ᠲᠥᠯᠥᠪᠯᠡᠭᠡ》 ᠵᠢ ᠵᠥᠪᠰᠢᠶᠡᠷᠡᠵᠦ᠂ ᠳᠡᠯᠡᠬᠡᠶ ᠵᠢᠨ ᠭᠠᠵᠠᠷ ᠰᠢᠨᠵᠢᠯᠡᠭᠡᠨ᠎ᠤ ᠴᠡᠴᠡᠷᠯᠢᠭ ᠬᠢᠭᠡᠳ ᠳᠡᠯᠡᠬᠡᠶ ᠵᠢᠨ ᠥᠪ᠂ ᠬᠥᠮᠦᠨ ᠬᠢᠭᠡᠳ ᠠᠮᠢᠳᠤ ᠪᠣᠳᠠᠰ᠎ᠤᠨ ᠮᠠᠨᠳᠠᠯ᠎ᠤᠨ ᠬᠠᠮᠠᠭ᠋ᠠᠯᠠᠯᠲᠠ ᠵᠢᠨ ᠣᠷᠣᠨ ᠵᠡᠷᠭᠡ ᠤᠯᠠᠨ ᠤᠯᠤᠰ᠎ᠤᠨ ᠬᠣᠯᠪᠣᠭ᠋ᠠᠲᠤ ᠪᠠᠶ᠋ᠢᠭᠤᠯᠭ᠎ᠠ ᠵᠢᠨ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠰᠣᠶᠣᠯ᠎ᠤᠨ ᠵᠣᠬᠢᠶᠠᠨ ᠪᠠᠶ᠋ᠢᠭᠤᠯᠤᠯᠲᠠ ᠵᠢᠨ ᠭᠤᠷᠪᠠᠨ ᠶᠡᠬᠡ ᠨᠡᠷᠡᠳᠤ ᠲᠡᠮᠳᠡᠭ᠎ᠢ ᠪᠦᠷᠢᠯᠳᠦᠭᠦᠯᠪᠡ᠃ ᠳᠡᠯᠡᠬᠡᠶ ᠵᠢᠨ ᠪᠠᠶ᠋ᠢᠭ᠋ᠠᠯᠢ᠂ ᠰᠣᠶᠣᠯ ᠪᠠ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠤᠨ ᠬᠠᠮᠠᠭ᠋ᠠᠯᠠᠯᠲᠠ ᠪᠠ ᠬᠦᠭᠵᠢᠯᠳᠡ᠎ᠳᠤ ᠠᠬᠢᠭᠤᠯᠬᠤ ᠦᠢ᠍ᠯᠡᠳᠦᠯ ᠦᠵᠡᠬᠦᠯᠪᠡ᠃
ᠮᠠᠨ᠎ᠤ ᠤᠯᠤᠰ ᠪᠣᠯ ᠳᠡᠯᠡᠬᠡᠶ ᠵᠢᠨ ᠭᠠᠵᠠᠷ ᠰᠢᠨᠵᠢᠯᠡᠭᠡᠨ᠎ᠤ ᠴᠡᠴᠡᠷᠯᠢᠭ᠎ᠢ ᠡᠭᠦᠰᠭᠡᠨ ᠪᠠᠶ᠋ᠢᠭᠤᠯᠤᠭᠰᠠᠨ ᠤᠯᠤᠰ᠎ᠤᠨ ᠨᠢᠭᠡ ᠮᠥᠨ᠃ 2003 ᠣᠨ᠎ᠠᠴᠠ ᠡᠬᠢᠯᠡᠨ᠂ ᠤᠯᠠᠨ ᠤᠯᠤᠰ᠎ᠤᠨ ᠬᠣᠯᠪᠣᠭ᠋ᠠᠲᠤ ᠪᠠᠢ᠌ᠭᠤᠯᠤᠯᠭ᠎ᠠ ᠵᠢᠨ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠰᠣᠶᠣᠯ᠎ᠤᠨ ᠵᠣᠬᠢᠶᠠᠨ ᠪᠠᠶ᠋ᠢᠭᠤᠯᠤᠯᠲᠠ ᠵᠢᠨ ᠰᠠᠨᠠᠭ᠋ᠠᠴᠢᠯᠠᠭ᠎ᠠ ᠵᠢ ᠢᠳᠡᠪᠬᠢᠲᠡᠢ ᠴᠤᠤᠷᠢᠶᠠᠲᠤᠨ ᠲᠠᠭ᠋ᠠᠬᠤ ᠵᠢᠨ ᠲᠥᠯᠥᠭᠡ᠂ ᠳᠡᠯᠡᠬᠡᠢ ᠵᠢᠨ ᠭᠠᠵᠠᠷ ᠰᠢᠨᠵᠢᠯᠡᠭᠡᠨ᠎ᠤ ᠴᠡᠴᠡᠷᠯᠢᠭ᠎ᠢ ᠡᠬᠢᠯᠡᠨ ᠪᠠᠶ᠋ᠢᠭᠤᠯᠪᠠ᠃ ᠣᠯᠠᠨ ᠵᠢᠯ᠎ᠤᠨ ᠦᠢ᠍ᠯᠡᠳᠦᠯᠭᠡ ᠪᠠ ᠰᠦᠪᠡᠭᠴᠢᠯᠡᠯᠲᠡ ᠪᠠ᠂ ᠮᠠᠨ᠎ᠤ ᠤᠯᠤᠰ᠎ᠤᠨ ᠳᠡᠯᠡᠬᠡᠶ ᠵᠢᠨ ᠭᠠᠵᠠᠷ ᠰᠢᠨᠵᠢᠯᠡᠬᠡᠨ᠎ᠤ ᠴᠡᠴᠡᠷᠯᠢᠭ ᠥᠨᠳᠥᠷ ᠲᠦᠪᠰᠢᠨ᠎ᠤ ᠬᠥᠭᠵᠢᠯᠲᠡ᠎ᠪᠠᠷ ᠳᠠᠮᠵᠢᠨ᠂ ᠭᠠᠵᠠᠷ ᠰᠢᠨᠵᠢᠯᠡᠭᠡᠨ᠎ᠤ ᠦᠯᠡᠳᠡᠭᠳᠡᠯ ᠬᠢᠭᠡᠳ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ᠂ ᠣᠷᠣᠨ ᠨᠤᠳᠤᠭ᠎ᠤᠨ ᠠᠵᠤ ᠠᠬᠤᠢ ᠵᠢᠨ ᠬᠥᠭᠵᠢᠯᠲᠡ ᠬᠢᠭᠡᠳ ᠣᠯᠠᠨ ᠲᠦᠮᠡᠨ᠎ᠤ ᠠᠵᠢᠯ ᠣᠯᠭᠣᠯᠲᠠ ᠵᠢ ᠰᠢᠢ᠍ᠳᠪᠦᠷᠢᠯᠡᠬᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠬᠢᠭᠡᠳ ᠮᠡᠳᠡᠯᠭᠡ ᠵᠢ ᠲᠦᠭᠡᠮᠡᠯᠵᠢᠭᠦᠯᠬᠦ᠂ ᠤᠯᠤᠰ᠎ᠤᠨ ᠳᠦᠷᠢ ᠲᠥᠷᠬᠦ ᠵᠢ ᠢᠯᠡᠷᠡᠭᠦᠯᠬᠦ ᠪᠠ ᠣᠯᠠᠨ ᠤᠯᠤᠰ᠎ᠤᠨ ᠰᠣᠯᠢᠯᠴᠠᠭ᠎ᠠ ᠵᠢ ᠠᠬᠢᠭᠤᠯᠬᠤ ᠵᠡᠷᠭᠡ ᠲᠠᠯ᠎ᠠ᠎ᠪᠠᠷ ᠯᠤᠲᠤ ᠶᠡᠬᠡ ᠠᠮᠵᠢᠯᠳᠠ ᠤᠯᠵᠤ᠂ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠪᠠ ᠳᠤᠮᠳᠠᠳᠤ ᠵᠢᠨ ᠰᠣᠶᠣᠯ᠎ᠢ ᠤᠯᠠᠮᠵᠢᠯᠠᠨ ᠵᠠᠯᠭ᠋ᠠᠮᠵᠢᠯᠠᠬᠤ᠎ᠳᠤ ᠴᠢᠬᠤᠯᠠ ᠶᠡᠬᠡ ᠬᠤᠪᠢ ᠨᠡᠮᠡᠷᠢ ᠦᠵᠡᠭᠦᠯᠪᠡ᠃