ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠤᠯᠤᠰ᠎ᠤᠨ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ 3 ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠵᠢᠯᠴᠠᠭ᠋ᠠᠨ᠎ᠤ ᠰᠢᠨ᠎ᠡ ᠵᠢ ᠡᠭᠦᠳᠬᠦ ᠲᠥᠪ ᠪᠠᠶ᠋ᠢᠭᠤᠯᠬᠤ ᠵᠢ ᠵᠥᠪᠰᠢᠶᠡᠷᠡᠪᠡ
ᠨᠡᠶ᠋ᠢᠲᠡᠯᠡᠭᠰᠡᠨ ᠴᠠᠭ᠄ 2020-07-14

      ᠲᠦᠷᠦᠭᠦᠬᠡᠨ᠂ ᠤᠯᠤᠰ᠎ᠤᠨ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠪᠡᠭᠡᠵᠢᠩ᠎ᠤᠨ ᠤᠢ ᠰᠢᠭᠤᠶ ᠵᠢᠨ ᠶᠡᠬᠡ ᠰᠤᠷᠭ᠋ᠠᠭᠤᠯᠢ᠎ᠳᠤ ᠲᠦᠰᠢᠭᠯᠡᠨ 《ᠬᠠᠳᠤᠨ ᠭᠣᠤᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠴᠢᠨᠠᠷ ᠰᠠᠶ᠋ᠢᠲᠠᠶ ᠬᠥᠭᠵᠢᠯᠲᠡ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠵᠢᠯᠴᠠᠭ᠋ᠠᠨ᠎ᠤ ᠰᠢᠨ᠎ᠡ ᠵᠢ ᠡᠭᠦᠳᠬᠦ ᠲᠥᠪ》᠂ ᠳᠤᠮᠳᠠᠳᠤ ᠤᠯᠤᠰ᠎ᠤᠨ ᠤᠢ ᠰᠢᠭᠤᠶ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠳᠤ ᠲᠦᠰᠢᠭᠯᠡᠨ 《ᠭᠤᠸᠠᠩᠳᠦ᠋ᠩ ᠰᠢᠶᠠᠩᠭ᠋ᠠᠩ ᠣᠣᠮᠧᠨ᠎ᠤ ᠶᠡᠬᠡ ᠪᠤᠯᠤᠩ᠎ᠤᠨ ᠣᠷᠣᠨ᠎ᠤ ᠠᠮᠢ ᠠᠬᠤᠶ ᠵᠢ ᠬᠠᠮᠠᠭ᠋ᠠᠯᠠᠨ ᠰᠡᠷᠭᠦᠭᠡᠬᠦ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠵᠢᠯᠴᠠᠭ᠋ᠠᠨ᠎ᠤ ᠰᠢᠨ᠎ᠡ ᠵᠢ ᠡᠭᠦᠳᠬᠦ ᠲᠥᠪ》 ᠪᠠ 《ᠬᠥᠬᠡᠮᠥ᠋ᠷᠡᠨ᠎ᠤ ᠭᠤᠷᠪᠠᠯᠵᠢᠨ ᠬᠣᠶ᠋ᠢᠭ᠎ᠤᠨ ᠠᠮᠢ ᠠᠬᠤᠶ ᠵᠢ ᠬᠠᠮᠠᠭ᠋ᠠᠯᠠᠨ ᠰᠡᠷᠭᠦᠭᠡᠬᠦ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠵᠢᠯᠴᠠᠭ᠋ᠠᠨ᠎ᠤ ᠰᠢᠨ᠎ᠡ ᠵᠢ ᠡᠭᠦᠳᠬᠦ ᠲᠥᠪ》 ᠪᠠᠢ᠌ᠭᠤᠯᠬᠤ ᠵᠢ ᠵᠦᠪᠰᠢᠶᠡᠷᠡᠪᠡ᠃
      ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠬᠠᠮᠵᠢᠯᠴᠠᠭ᠋ᠠᠨ᠎ᠤ ᠡᠯ᠎ᠡ ᠨᠢᠭᠡᠴᠡ ᠵᠢ ᠰᠢᠨᠵᠢᠯᠡᠬᠦ ᠤᠬᠠᠭ᠋ᠠᠨᠴᠢ ᠶᠠᠪᠤᠭᠳᠠᠭᠤᠰᠢᠲᠠᠶ ᠠᠵᠢᠯ᠎ᠤᠨ ᠲᠥᠰᠦᠯ᠎ᠢ ᠳᠠᠷᠤᠶ᠋ᠢᠬᠠᠨ ᠲᠣᠭᠲᠠᠭ᠋ᠠᠬᠤ ᠵᠢ ᠱᠠᠭ᠋ᠠᠷᠳᠠᠵᠠᠶ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠡᠬᠢ ᠪᠠᠶᠠᠯᠢᠭ᠎ᠢ ᠡᠮᠬᠢᠯᠡᠨ ᠨᠡᠶ᠋ᠢᠯᠡᠭᠦᠯᠵᠦ᠂ ᠡᠯ᠎ᠡ ᠲᠠᠯ᠎ᠠ ᠵᠢᠨ ᠬᠦᠴᠦᠨ᠎ᠢ ᠵᠣᠬᠢᠴᠠᠭᠤᠯᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠠᠵᠢᠯᠯᠠᠭ᠎ᠠ ᠵᠢ ᠥᠷᠨᠢᠭᠦᠯᠵᠦ᠂ ᠬᠠᠮᠢᠶᠠᠷᠤᠯᠲᠠ ᠵᠢᠨ ᠵᠠᠭᠪᠤᠷ ᠪᠣᠯᠤᠨ ᠠᠵᠢᠯᠯᠠᠭ᠋ᠠᠨ᠎ᠤ ᠲᠣᠭᠲᠠᠴᠠ ᠵᠢ ᠲᠠᠰᠤᠷᠠᠯᠲᠠ ᠤᠢ᠍ᠭᠡᠢ ᠰᠢᠨᠡᠳᠬᠡᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠠᠮᠵᠢᠯᠴᠠᠭ᠋ᠠᠨ᠎ᠤ ᠰᠢᠨ᠎ᠡ ᠵᠢ ᠡᠭᠦᠳᠬᠦ ᠲᠥᠪ᠎ᠤᠨ ᠴᠢᠳᠠᠪᠤᠷᠢᠲᠠᠨ᠎ᠢ ᠴᠤᠭᠯᠠᠷᠠᠭᠤᠯᠵᠤ᠂ ᠬᠠᠮᠵᠢᠯᠴᠠᠭ᠋ᠠᠨ᠎ᠤ ᠰᠢᠨ᠎ᠡ ᠵᠢ ᠡᠭᠦᠳᠬᠦ᠂ ᠦᠷ᠎ᠡ ᠪᠦᠲᠦᠭᠡᠯ᠎ᠢ ᠰᠢᠯᠵᠢᠭᠦᠯᠦᠨ ᠬᠤᠪᠢᠷᠠᠭᠤᠯᠬᠤ᠂ ᠠᠮᠢ ᠠᠬᠤᠶ ᠵᠢ ᠬᠢᠨᠠᠨ ᠬᠡᠮᠵᠢᠬᠦ ᠵᠡᠷᠭᠡ ᠲᠠᠯ᠎ᠠ ᠵᠢᠨ ᠦᠢ᠍ᠯᠡᠳᠦᠯ᠎ᠢ ᠬᠦᠢ᠍ᠴᠡᠳ ᠪᠠᠳᠠᠷᠠᠭᠤᠯᠵᠤ᠂ ᠤᠯᠤᠰ᠎ᠤᠨ ᠴᠢᠬᠤᠯᠠ ᠶᠡᠬᠡ ᠬᠥᠭᠵᠢᠯᠲᠡ ᠵᠢᠨ ᠪᠠᠶ᠋ᠢᠯᠳᠤᠬᠤ ᠪᠤᠳᠤᠯᠭ᠎ᠠ᠎ᠳᠤ ᠦᠢ᠍ᠯᠡᠴᠢᠯᠡᠨ᠎ᠡ᠃ (ᠳᠤᠮᠳᠠᠳᠤ ᠤᠯᠤᠰ᠎ᠤᠨ ᠨᠤᠭᠤᠭ᠋ᠠᠨᠯᠢᠭ ᠴᠠᠭ᠎ᠤᠨ ᠰᠣᠨᠢᠨ᠎ᠤ ᠰᠤᠷᠪᠤᠯᠵᠢᠯᠠᠭᠴᠢ ᠰᠦᠨ ᠫᠸᠩ)

ᠢᠷᠡᠯᠲᠡ᠄ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠮᠠᠨ᠎ᠤ ᠤᠯᠤᠰ ᠬᠤᠨᠠᠨ᠎ᠤ ᠰᠢᠶᠠᠩᠰᠢ᠂ ᠭᠠᠨᠰᠦ ᠵᠢᠨ ᠵᠠᠩ ᠶᠧ ᠵᠡᠷᠭᠡ ᠳᠡᠯᠡᠬᠡᠶ ᠵᠢᠨ ᠭᠠᠵᠠᠷ ᠰᠢᠨᠵᠢᠯᠡᠭᠡᠨ᠎ᠤ ᠴᠡᠴᠡᠷᠯᠢᠭ᠎ᠢ ᠰᠢᠨ᠎ᠡ᠎ᠪᠠᠷ ᠨᠡᠮᠡᠨ ᠪᠠᠢ᠌ᠭᠤᠯᠪᠠ
ᠬᠥᠬᠡᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠡᠰᠢ ᠰᠦᠷᠡᠯ᠎ᠢ ᠵᠠᠳᠠᠭ᠋ᠠᠶ᠎ᠪᠠᠷ ᠰᠢᠲᠠᠭ᠋ᠠᠬᠤ ᠦᠢ᠍ᠯᠡ ᠠᠵᠢᠯᠯᠠᠭ᠎ᠠ ᠵᠢ ᠢᠯᠡᠴᠢᠯᠡᠨ ᠮᠡᠳᠡᠭᠦᠯᠬᠦ ᠵᠢ ᠵᠣᠷᠢᠭᠵᠢᠭᠤᠯᠬᠤ ᠲᠤᠬᠠᠶ ᠵᠠᠷᠯᠠᠯ
ᠮᠠᠨ᠎ᠤ ᠤᠷᠤᠨ᠎ᠤ ᠰᠢᠨ᠎ᠡ ᠴᠠᠭ ᠦᠶ᠎ᠡ ᠵᠢᠨ ᠠᠮᠢ ᠠᠬᠤᠢ ᠤᠷᠴᠢᠨ ᠲᠤᠭᠤᠷᠢᠨ᠎ᠤ ᠪᠦᠳᠦᠭᠡᠨ ᠪᠠᠶ᠋ᠢᠭᠤᠯᠤᠯᠲᠠ ᠵᠢᠨ ᠰᠠᠶ᠋ᠢᠨ ᠲᠤᠷ᠎ᠠ ᠵᠢᠨ ᠦᠢ᠍ᠯᠡᠴᠢᠯᠡᠭᠡᠨ᠎ᠤ ᠠᠩᠭᠢ ᠪᠠᠶ᠋ᠢᠭᠤᠯᠤᠭᠳᠠᠯ᠎ᠠ
ᠠᠵᠦ ᠦᠢ᠍ᠯᠡᠰ ᠪᠤᠯ ᠬᠦᠳᠡᠭᠡ ᠲᠤᠰᠬᠤᠨ᠎ᠢ ᠬᠦᠭᠵᠢᠭᠦᠯᠤᠨ ᠮᠠᠨᠳᠤᠭᠤᠯᠬᠤ ᠵᠢᠨ ᠴᠢᠬᠤᠯᠠ ᠭᠠᠷᠳᠠᠴᠠ
9 ᠠᠵᠢᠯ ᠲᠥᠷᠥᠯ᠎ᠤᠨ ᠨᠡᠶ᠋ᠢᠭᠡᠮᠯᠢᠭ ᠬᠡᠭᠡᠷ᠎ᠡ ᠵᠢᠨ ᠠᠮᠢᠲᠠᠨ ᠤᠷᠭᠤᠮᠠᠯ᠎ᠤᠨ ᠬᠠᠤᠯᠢ ᠪᠤᠰᠤ᠎ᠪᠠᠷ ᠠᠷᠠᠯᠵᠢᠶᠠᠯᠠᠬᠤ ᠵᠢ ᠬᠣᠷᠢᠭᠯᠠᠬᠤ ᠰᠠᠨᠠᠭ᠋ᠠᠴᠢᠯᠠᠭ᠎ᠠ ᠵᠢᠨ ᠪᠢᠴᠢᠭ᠎ᠲᠤ ᠭᠠᠷ᠎ᠤᠨ ᠥᠰᠥᠭ ᠵᠢᠷᠤᠪᠠ
 
             蒙ICP备05000248号