ᠠᠮᠢ ᠠᠬᠤᠢ ᠵᠢᠨ ᠣᠷᠴᠢᠨ ᠲᠣᠭᠤᠷᠢᠨ᠎ᠢ ᠬᠠᠮᠠᠭ᠋ᠠᠯᠠᠵᠤ᠂ ᠠᠷᠠᠳ ᠣᠯᠠᠨ᠎ᠤ ᠪᠡᠶ᠎ᠡ ᠮᠠᠬᠠᠪᠣᠳ᠎ᠤᠨ ᠡᠷᠡᠭᠦᠯ ᠴᠢᠭᠢᠷᠠᠭ᠎ᠢ ᠪᠠᠲᠤᠯᠠᠵᠤ᠂ ᠨᠡᠶ᠋ᠢᠭᠡᠮ ᠨᠡᠶ᠋ᠢᠲᠡ ᠵᠢᠨ ᠠᠮᠤᠷ ᠲᠦᠪᠰᠢᠨ᠎ᠢ ᠬᠠᠮᠠᠭ᠋ᠠᠯᠠᠵᠤ᠂ ᠡᠰᠢ ᠰᠦᠷᠡᠯ᠎ᠢ ᠵᠠᠳᠠᠭ᠋ᠠᠶ᠎ᠪᠠᠷ ᠰᠢᠲᠠᠭ᠋ᠠᠬᠤ ᠦᠢ᠍ᠯᠡ ᠠᠵᠢᠯᠯᠠᠭ᠎ᠠ ᠵᠢ ᠬᠤᠷᠢᠭᠯᠠᠨ᠂ ᠪᠦᠬᠦ ᠬᠤᠲᠠ ᠵᠢᠨ ᠡᠰᠢ ᠰᠦᠷᠡᠯ᠎ᠢ ᠶᠡᠷᠦᠩᠬᠡᠶ᠋ᠢᠯᠡᠨ ᠠᠰᠢᠭᠯᠠᠬᠤ ᠵᠢ ᠠᠬᠢᠭᠤᠯᠵᠤ᠂ 《ᠬᠥᠬᠡ ᠣᠭᠲᠠᠷᠭᠤᠢ ᠵᠢ ᠬᠠᠮᠠᠭ᠋ᠠᠯᠠᠬᠤ ᠳᠠᠶ᠋ᠢᠨ》᠎ᠤ ᠢᠯᠠᠯᠲᠠ ᠵᠢ ᠡᠷᠡᠰ ᠲᠡᠮᠡᠴᠡᠨ ᠣᠯᠵᠤ᠂ ᠣᠷᠣᠨ᠎ᠤ ᠲᠥᠪ᠎ᠤᠨ ᠠᠭ᠋ᠠᠷ ᠮᠠᠨᠳᠠᠯ᠎ᠤᠨ ᠴᠢᠨᠠᠷ ᠴᠢᠨᠰᠠᠭ᠎ᠠ ᠵᠢ ᠦᠨᠳᠦᠰᠦᠨ᠎ᠠᠴᠠ᠎ᠨᠢ ᠰᠠᠶ᠋ᠢᠵᠢᠷᠠᠭᠤᠯᠬᠤ ᠬᠠᠷᠠᠯᠲᠠ ᠵᠢ ᠪᠡᠶᠡᠯᠡᠭᠦᠯᠬᠦ ᠵᠢᠨ ᠲᠤᠰᠠᠳᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠡᠰᠢ ᠰᠦᠷᠡᠯ᠎ᠢ ᠵᠠᠳᠠᠭ᠋ᠠᠶ᠎ᠪᠠᠷ ᠰᠢᠲᠠᠭ᠋ᠠᠬᠤ ᠦᠢ᠍ᠯᠡ ᠠᠵᠢᠯᠯᠠᠭ᠎ᠠ ᠵᠢ ᠢᠯᠡᠴᠢᠯᠡᠨ ᠮᠡᠳᠡᠭᠦᠯᠬᠦ ᠵᠢ ᠱᠠᠩᠨᠠᠬᠤ᠎ᠪᠠᠷ ᠲᠣᠭᠲᠠᠭ᠋ᠠᠪᠠ᠂ ᠡᠳᠦᠭᠡ ᠬᠤᠯᠪᠣᠭᠳᠠᠯ ᠪᠦᠬᠦᠢ ᠵᠦᠢ᠍ᠯᠡᠰ᠎ᠢ ᠳᠣᠣᠷᠠᠬᠢ ᠮᠡᠲᠦ ᠵᠠᠷᠯᠠᠶ᠎ᠠ᠄
ᠨᠢᠭᠡ᠂ ᠶᠠᠮᠠᠷᠪᠠ ᠢᠷᠭᠡᠳ ᠬᠥᠬᠡᠬᠤᠲᠠ ᠵᠢᠨ ᠵᠠᠰᠠᠭ ᠵᠠᠬᠢᠷᠭ᠋ᠠᠨ᠎ᠤ ᠬᠡᠪᠴᠢᠶᠡᠨ ᠳᠣᠲᠣᠷ᠎ᠠ ᠡᠰᠢ ᠰᠦᠷᠡᠯ᠎ᠢ ᠵᠠᠳᠠᠭ᠋ᠠᠶ᠎ᠪᠠᠷ ᠰᠢᠲᠠᠭ᠋ᠠᠬᠤ ᠦᠢ᠍ᠯᠡ ᠠᠵᠢᠯᠯᠠᠭ᠎ᠠ ᠵᠢ ᠣᠯᠵᠤ ᠮᠡᠳᠡᠪᠡᠯ᠂ ᠴᠥᠮ ᠬᠥᠬᠡᠬᠤᠲᠠ ᠵᠢᠨ ᠲᠠᠷᠢᠶᠠᠯᠠᠩ ᠮᠠᠯ ᠠᠵᠤ ᠠᠬᠤᠶ ᠵᠢᠨ ᠲᠣᠪᠴᠢᠶ᠎ᠠ᠎ᠳᠤ ᠢᠯᠡᠴᠢᠯᠡᠨ ᠮᠡᠳᠡᠭᠦᠯᠵᠦ ᠪᠣᠯᠤᠨ᠎ᠠ᠂ ᠢᠯᠡᠴᠢᠯᠡᠨ ᠮᠡᠳᠡᠭᠦᠯᠬᠦ ᠤᠲᠠᠰᠤ᠄ 0471- 3686335 13314880777᠃
ᠬᠤᠶᠠᠷ᠂ ᠬᠥᠬᠡᠬᠤᠲᠠ ᠵᠢᠨ ᠵᠠᠰᠠᠭ ᠵᠠᠬᠢᠷᠭ᠋ᠠᠨ᠎ᠤ ᠬᠡᠪᠴᠢᠶᠡᠨ ᠳᠣᠲᠣᠷ᠎ᠠ ᠡᠰᠢ ᠰᠦᠷᠡᠯ᠎ᠢ ᠵᠠᠳᠠᠭ᠋ᠠᠶ᠎ᠪᠠᠷ ᠰᠢᠲᠠᠭ᠋ᠠᠭᠰᠠᠨ ᠦᠢ᠍ᠯᠡ ᠠᠵᠢᠯᠯᠠᠭ᠎ᠠ ᠵᠢ ᠢᠯᠡᠴᠢᠯᠡᠨ ᠮᠡᠳᠡᠭᠦᠯᠦᠭᠰᠡᠨ ᠪᠥᠭᠡᠳ ᠬᠤᠲᠠ ᠵᠢᠨ ᠲᠠᠷᠢᠶᠠᠯᠠᠩ ᠮᠠᠯ ᠠᠵᠤ ᠠᠬᠤᠶ ᠵᠢᠨ ᠲᠣᠪᠴᠢᠶ᠎ᠠ᠎ᠠᠴᠠ ᠬᠢᠨᠠᠨ ᠬᠠᠷᠭᠤᠭᠤᠯᠵᠤ ᠪᠠᠶ᠋ᠢᠴᠠᠭ᠋ᠠᠭ᠋ᠠᠳ ᠦᠨᠡᠨ ᠪᠣᠳᠠᠲᠠᠶ ᠪᠣᠯ ᠵᠢᠱ᠌ᠢᠶ᠎ᠡ ᠨᠢᠭᠡᠪᠦᠷᠢ ᠵᠢᠨ ᠢᠯᠡᠴᠢᠯᠡᠨ ᠮᠡᠳᠡᠭᠦᠯᠦᠭᠴᠢ᠎ᠳᠤ ᠠᠷᠠᠳ᠎ᠤᠨ ᠵᠣᠭᠤᠰ 200 ᠲᠥᠭᠦᠷᠢᠭ᠎ᠤᠨ ᠱᠠᠩᠨᠠᠯ ᠣᠯᠭᠤᠨ᠎ᠠ᠃ ᠬᠢᠨᠠᠨ ᠬᠠᠷᠭᠤᠭᠤᠯᠤᠭᠰᠠᠨ ᠡᠳᠦᠷ᠎ᠠᠴᠠ ᠡᠬᠢᠯᠡᠨ 10 ᠠᠵᠢᠯᠯᠠᠬᠤ ᠡᠳᠦᠷ᠎ᠤᠨ ᠳᠣᠲᠣᠷ᠎ᠠ ᠳᠠᠩᠰᠠ ᠰᠢᠯᠵᠢᠭᠦᠯᠬᠦ ᠪᠤᠶᠤ ᠪᠡᠯᠡᠨ ᠵᠣᠭᠤᠰ᠎ᠤᠨ ᠠᠷᠭ᠎ᠠ ᠮᠠᠶᠢᠭ ᠵᠶ᠋ᠠᠷ ᠢᠯᠡᠴᠢᠯᠡᠨ ᠮᠡᠳᠡᠭᠦᠯᠦᠭᠴᠢ᠎ᠳᠤ ᠣᠯᠭᠤᠨ᠎ᠠ᠃
ᠭᠤᠷᠪᠠ᠂ ᠢᠯᠡᠴᠢᠯᠡᠨ ᠮᠡᠳᠡᠭᠦᠯᠦᠭᠰᠡᠨ ᠮᠡᠳᠡᠭᠡ ᠵᠠᠩᠭᠢ᠎ᠨᠢ ᠪᠤᠰᠤᠳᠴᠢ ᠪᠥᠭᠡᠳ ᠦᠨᠡᠨ ᠪᠣᠳᠠᠲᠠᠶ ᠪᠠᠶ᠋ᠢᠬᠤ ᠬᠡᠷᠡᠭᠲᠡᠢ᠂ ᠢᠯᠡᠴᠢᠯᠡᠨ ᠮᠡᠳᠡᠭᠦᠯᠦᠭᠴᠢ᠎ᠨᠢ ᠢᠯᠡᠴᠢᠯᠡᠨ ᠮᠡᠳᠡᠭᠦᠯᠦᠭᠰᠡᠨ ᠠᠭᠤᠯᠭ᠎ᠠ ᠵᠢᠨ ᠦᠨᠡᠨ ᠪᠣᠳᠠᠲᠤ ᠴᠢᠨᠠᠷ᠎ᠲᠤ ᠬᠠᠷᠢᠭᠤᠴᠠᠬᠤ ᠬᠡᠷᠡᠭᠲᠡᠶ᠂ ᠲᠤᠬᠠᠶ ᠵᠢᠨ ᠲᠠᠯᠠᠪᠤᠷ᠎ᠢ ᠬᠠᠭᠤᠷᠮᠠᠭᠯᠠᠨ ᠵᠣᠬᠢᠶᠠᠵᠤ᠂ ᠬᠤᠳᠠᠯ ᠬᠠᠭᠤᠷᠮᠠᠭ ᠮᠡᠳᠡᠭᠡ ᠵᠠᠩᠭᠢ ᠵᠣᠬᠢᠶᠠᠵᠤ ᠲᠠᠷᠬᠠᠭ᠋ᠠᠵᠤ ᠪᠣᠯᠬᠤ ᠦᠭᠡᠢ᠃ ᠬᠡᠷᠪᠡ ᠬᠤᠳᠠᠯ ᠬᠡᠷᠡᠭ ᠵᠣᠬᠢᠶᠠᠵᠤ᠂ ᠪᠤᠰᠤᠳ ᠬᠥᠮᠦᠨ᠎ᠢ ᠭᠦᠳᠬᠡᠨ ᠵᠠᠭ᠋ᠠᠯᠳᠤᠵᠤ᠂ ᠬᠤᠤᠷᠯᠠᠭᠰᠠᠨ ᠪᠠᠶ᠋ᠢᠪᠠᠯ᠂ ᠢᠯᠡᠴᠢᠯᠡᠨ ᠮᠡᠳᠡᠭᠦᠯᠦᠭᠴᠢ᠎ᠠᠴᠠ ᠬᠠᠤᠯᠢ ᠵᠢᠨ ᠬᠠᠷᠢᠭᠤᠴᠠᠯᠭ᠎ᠠ ᠵᠢ ᠬᠠᠤᠯᠢ ᠶᠣᠰᠣᠭ᠋ᠠᠷ ᠨᠡᠬᠡᠮᠵᠢᠯᠡᠨ᠎ᠡ᠃
ᠳᠥᠷᠪᠡ᠂ ᠬᠤᠲᠠ ᠵᠢᠨ ᠲᠠᠷᠢᠶᠠᠯᠠᠩ ᠮᠠᠯ ᠠᠵᠤ ᠠᠬᠤᠶ ᠵᠢᠨ ᠲᠣᠪᠴᠢᠶ᠎ᠠ ᠢᠯᠡᠴᠢᠯᠡᠨ ᠮᠡᠳᠡᠭᠦᠯᠦᠭᠰᠡᠨ ᠰᠦᠪᠡᠭᠴᠢ ᠵᠢᠨ ᠨᠢᠭᠤᠴᠠ ᠵᠢ ᠴᠢᠩᠭ᠎ᠠ ᠬᠠᠮᠠᠭ᠋ᠠᠯᠠᠵᠤ᠂ ᠢᠯᠡᠴᠢᠯᠡᠨ ᠮᠡᠳᠡᠭᠦᠯᠦᠭᠴᠢ ᠵᠢᠨ ᠬᠠᠤᠯᠢ ᠶᠣᠰᠣᠨ᠎ᠤ ᠡᠷᠬᠡ ᠠᠰᠢᠭ᠎ᠢ ᠬᠠᠤᠯᠢ ᠶᠣᠰᠣᠭ᠋ᠠᠷ ᠬᠠᠮᠠᠭ᠋ᠠᠯᠠᠬᠤ ᠬᠡᠷᠡᠭᠲᠡᠶ᠃ ᠲᠤᠰ 《ᠵᠠᠷᠯᠠᠯ》᠎ᠢ ᠨᠡᠶ᠋ᠢᠲᠡᠯᠡᠭᠰᠡᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃