ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠮᠠᠨ᠎ᠤ ᠤᠷᠤᠨ᠎ᠤ ᠰᠢᠨ᠎ᠡ ᠴᠠᠭ ᠦᠶ᠎ᠡ ᠵᠢᠨ ᠠᠮᠢ ᠠᠬᠤᠢ ᠤᠷᠴᠢᠨ ᠲᠤᠭᠤᠷᠢᠨ᠎ᠤ ᠪᠦᠳᠦᠭᠡᠨ ᠪᠠᠶ᠋ᠢᠭᠤᠯᠤᠯᠲᠠ ᠵᠢᠨ ᠰᠠᠶ᠋ᠢᠨ ᠲᠤᠷ᠎ᠠ ᠵᠢᠨ ᠦᠢ᠍ᠯᠡᠴᠢᠯᠡᠭᠡᠨ᠎ᠤ ᠠᠩᠭᠢ ᠪᠠᠶ᠋ᠢᠭᠤᠯᠤᠭᠳᠠᠯ᠎ᠠ
ᠨᠡᠶ᠋ᠢᠲᠡᠯᠡᠭᠰᠡᠨ ᠴᠠᠭ᠄ 2020-07-24

     7 ᠰᠠᠷ᠎ᠠ ᠵᠢᠨ 20᠎ᠤ ᠡᠳᠦᠷ ᠦᠪᠡᠷᠳᠡᠭᠡᠨ ᠵᠠᠰᠠᠬᠤ ᠤᠷᠤᠨ᠎ᠤ ᠰᠢᠨ᠎ᠡ ᠴᠠᠭ ᠦᠶ᠎ᠡ ᠵᠢᠨ ᠠᠮᠢ ᠠᠬᠤᠢ ᠤᠷᠴᠢᠨ ᠲᠤᠭᠤᠷᠢᠨ᠎ᠤ ᠪᠦᠳᠦᠭᠡᠨ ᠪᠠᠶ᠋ᠢᠭᠤᠯᠤᠯᠲᠠ ᠵᠢᠨ ᠰᠠᠶ᠋ᠢᠨ ᠲᠤᠷ᠎ᠠ ᠵᠢᠨ ᠦᠢ᠍ᠯᠡᠴᠢᠯᠡᠭᠡᠨ᠎ᠤ ᠠᠩᠭᠢ ᠪᠠᠶ᠋ᠢᠭᠤᠯᠤᠭᠳᠠᠬᠤ ᠶᠡᠭᠡ ᠬᠤᠷᠠᠯ ᠬᠦᠬᠡᠬᠤᠲᠠ᠎ᠳᠤ ᠶᠠᠪᠤᠭᠳᠠᠪᠠ᠃
      ᠬᠤᠷᠠᠯ ᠲᠡᠭᠡᠷ᠎ᠠ 《ᠪᠦᠬᠦ ᠤᠷᠤᠨ᠎ᠳᠤ ᠰᠢᠨ᠎ᠡ ᠴᠠᠭ ᠦᠶ᠎ᠡ ᠵᠢᠨ ᠠᠮᠢ ᠠᠬᠤᠢ ᠤᠷᠴᠢᠨ ᠲᠤᠭᠤᠷᠢᠨ᠎ᠤ ᠪᠦᠳᠦᠭᠡᠨ ᠪᠠᠶ᠋ᠢᠭᠤᠯᠤᠯᠲᠠ ᠵᠢᠨ ᠰᠠᠶ᠋ᠢᠨ ᠲᠤᠷ᠎ᠠ ᠵᠢᠨ ᠦᠢ᠍ᠯᠡᠴᠢᠯᠡᠭᠡᠨ᠎ᠤ ᠠᠩᠭᠢ ᠵᠢ ᠵᠤᠬᠢᠶᠠᠨ ᠪᠠᠶ᠋ᠢᠭᠤᠯᠬᠤ ᠲᠤᠬᠠᠢ ᠬᠡᠷᠡᠭᠵᠢᠭᠦᠯᠬᠦ ᠲᠦᠰᠦᠯ》᠎ᠢ ᠤᠡᠭᠰᠢᠨ ᠨᠡᠶ᠋ᠢᠳᠡᠯᠡᠵᠦ᠂ ᠰᠢᠨ᠎ᠡ ᠴᠠᠭ ᠦᠶ᠎ᠡ ᠵᠢᠨ ᠠᠮᠢ ᠠᠬᠤᠢ ᠤᠷᠴᠢᠨ ᠲᠤᠭᠤᠷᠢᠨ᠎ᠤ ᠪᠦᠳᠦᠭᠡᠨ ᠪᠠᠶ᠋ᠢᠭᠤᠯᠤᠯᠲᠠ ᠵᠢᠨ ᠰᠠᠶ᠋ᠢᠨ ᠲᠤᠷ᠎ᠠ ᠵᠢᠨ ᠦᠢ᠍ᠯᠡᠴᠢᠯᠡᠭᠡᠨ᠎ᠤ ᠠᠩᠭᠢ᠎ᠳᠤ ᠲᠤᠭ ᠭᠠᠷᠳᠠᠭᠤᠯᠬᠤ ᠵᠢᠨ ᠬᠠᠮᠳᠤ ᠰᠠᠶ᠋ᠢᠨ ᠲᠤᠷ᠎ᠠ ᠵᠢᠨ ᠦᠢ᠍ᠯᠡᠴᠢᠯᠡᠭᠡᠨ᠎ᠤ ᠰᠠᠯᠪᠤᠷᠢ ᠠᠩᠭᠢ ᠵᠢᠨ ᠲᠦᠯᠦᠭᠡᠯᠡᠭᠴᠢ ᠦᠭᠡ ᠶᠠᠷᠢᠵᠤ᠂ ᠰᠠᠨᠠᠭ᠋ᠠᠴᠢᠯᠠᠭ᠎ᠠ ᠲᠤᠷᠠᠳᠪᠠ᠃
      ᠦᠪᠡᠷᠳᠡᠭᠡᠨ ᠵᠠᠰᠠᠬᠤ ᠤᠷᠤᠨ᠎ᠤ ᠰᠢᠨ᠎ᠡ ᠴᠠᠭ ᠦᠶ᠎ᠡ ᠵᠢᠨ ᠠᠮᠢ ᠠᠬᠤᠢ ᠤᠷᠴᠢᠨ ᠲᠤᠭᠤᠷᠢᠨ᠎ᠤ ᠪᠦᠳᠦᠭᠡᠨ ᠪᠠᠶ᠋ᠢᠭᠤᠯᠤᠯᠲᠠ ᠵᠢᠨ ᠰᠠᠶ᠋ᠢᠨ ᠲᠤᠷ᠎ᠠ ᠵᠢᠨ ᠦᠢ᠍ᠯᠡᠴᠢᠯᠡᠭᠡᠨ᠎ᠤ ᠶᠡᠷᠦᠩᠬᠡᠢ ᠠᠩᠭᠢ ᠪᠠᠶ᠋ᠢᠭᠤᠯᠤᠭᠳᠠᠭᠰᠠᠨ ᠰᠠᠭᠤᠷᠢᠨ ᠲᠡᠭᠡᠷ᠎ᠡ᠂ ᠡᠯ᠎ᠡ ᠠᠶ᠋ᠢᠮᠠᠭ ᠬᠤᠲᠠ᠂ ᠬᠤᠰᠢᠭᠤ ᠰᠢᠶᠠᠨ 7 ᠰᠠᠷ᠎ᠠ ᠵᠢᠨ ᠰᠡᠭᠦᠯᠴᠢ᠎ᠠᠴᠠ ᠡᠮᠦᠨ᠎ᠡ ᠬᠠᠷᠠᠭ᠋ᠠᠯᠵᠠᠭᠰᠠᠨ ᠰᠠᠯᠪᠤᠷᠢ ᠠᠩᠭᠢ᠂ ᠶᠡᠭᠡ ᠠᠩᠭᠢ᠂ ᠬᠤᠪᠢᠶᠠᠷᠢ ᠠᠩᠭᠢ ᠵᠢ ᠪᠠᠶ᠋ᠢᠭᠤᠯᠤᠨ᠂ ᠨᠤᠳᠤᠭ ᠪᠡᠯᠴᠢᠭᠡᠷ᠂ ᠤᠢ ᠰᠢᠭᠤᠢ᠎ᠲᠠᠢ ᠭᠠᠵᠠᠷ᠎ᠲᠤ ᠨᠤᠳᠤᠭ ᠪᠡᠯᠴᠢᠭᠡᠷ ᠤᠢ ᠰᠢᠭᠤᠢ ᠵᠢ ᠰᠠᠬᠢᠨ ᠬᠠᠮᠠᠭ᠋ᠠᠯᠠᠬᠤ ᠰᠠᠶ᠋ᠢᠨ ᠲᠤᠷ᠎ᠠ ᠵᠢᠨ ᠦᠢ᠍ᠯᠡᠴᠢᠯᠡᠭᠡᠨ᠎ᠤ ᠠᠩᠭᠢ ᠪᠠᠶ᠋ᠢᠭᠤᠯᠵᠤ᠂ ᠨᠤᠳᠤᠭ ᠪᠡᠯᠴᠢᠭᠡᠷ ᠤᠢ ᠰᠢᠭᠤᠢ ᠵᠢ ᠬᠠᠮᠠᠭ᠋ᠠᠯᠠᠬᠤ ᠦᠢ᠍ᠯᠡᠴᠢᠯᠡᠭᠡ ᠵᠢ ᠵᠤᠬᠢᠶᠠᠨ ᠪᠠᠶ᠋ᠢᠭᠤᠯᠵᠤ ᠦᠷᠨᠢᠭᠦᠯᠦᠨ᠎ᠡ; ᠬᠠᠷᠢᠶ᠎ᠠ ᠤᠷᠤᠨ᠎ᠤ ᠪᠤᠬᠢᠷᠳᠤᠯ ᠶᠡᠬᠡᠳᠡᠢ ᠭᠠᠵᠠᠷ ᠤᠷᠤᠨ᠎ᠳᠤ ᠪᠤᠬᠢᠷᠳᠤᠯ᠎ᠳᠤ ᠬᠢᠨᠠᠯᠲᠠ ᠲᠠᠯᠪᠢᠬᠤ ᠲᠠᠯ᠎ᠠ ᠵᠢᠨ ᠰᠠᠶ᠋ᠢᠨ ᠲᠤᠷ᠎ᠠ ᠵᠢᠨ ᠦᠢ᠍ᠯᠡᠴᠢᠯᠡᠭᠡᠨ᠎ᠤ ᠠᠩᠭᠢ ᠪᠠᠶ᠋ᠢᠭᠤᠯᠵᠤ᠂ ᠪᠤᠬᠢᠷᠳᠤᠯ᠎ᠢ ᠰᠡᠷᠭᠡᠶ᠋ᠢᠯᠡᠨ ᠵᠠᠰᠠᠬᠤ᠂ ᠨᠡᠶ᠋ᠢᠭᠡᠮ᠎ᠤᠨ ᠬᠢᠨᠠᠯᠲᠠ ᠲᠠᠯᠪᠢᠬᠤ ᠲᠠᠯ᠎ᠠ᠎ᠪᠠᠷ᠎ᠬᠢ ᠰᠠᠶ᠋ᠢᠨ ᠲᠤᠷ᠎ᠠ ᠵᠢᠨ ᠦᠢ᠍ᠯᠡᠴᠢᠯᠡᠭᠡ ᠵᠢ ᠢᠳᠡᠪᠬᠢᠳᠡᠢ ᠦᠷᠨᠢᠭᠦᠯᠦᠨ᠎ᠡ; ᠠᠷᠪᠢᠯᠠᠨ ᠭᠠᠮᠨᠠᠬᠤ ᠵᠢ ᠤᠬᠠᠭᠤᠯᠬᠤ ᠰᠠᠶ᠋ᠢᠨ ᠲᠤᠷ᠎ᠠ ᠵᠢᠨ ᠦᠢ᠍ᠯᠡᠴᠢᠯᠡᠭᠡᠨ᠎ᠤ ᠠᠩᠭᠢ ᠵᠢ ᠵᠤᠬᠢᠶᠠᠨ ᠪᠠᠶ᠋ᠢᠭᠤᠯᠵᠤ᠂ ᠠᠷᠪᠢᠯᠠᠨ ᠭᠠᠮᠨᠠᠬᠤ ᠲᠤᠬᠠᠢ ᠬᠤᠷᠠᠯ᠂ ᠲᠠᠶ᠋ᠢᠯᠤᠮᠵᠢ ᠡᠷᠬᠢᠯᠡᠵᠦ᠂ ᠪᠦᠬᠦ ᠨᠡᠶ᠋ᠢᠭᠡᠮ ᠵᠶ᠋ᠠᠷ ᠵᠶ᠋ᠠᠨ ᠠᠷᠪᠢᠯᠠᠨ ᠭᠠᠮᠨᠠᠬᠤ ᠵᠢ ᠡᠷᠭᠢᠮᠯᠠᠭᠦ ᠰᠠᠶ᠋ᠢᠨ ᠰᠠᠶ᠋ᠢᠬᠠᠨ ᠬᠡᠪ ᠰᠤᠷᠳᠠᠯ᠎ᠢ ᠪᠤᠢ ᠪᠤᠯᠭ᠋ᠠᠬᠤ ᠵᠢ ᠠᠬᠢᠭᠤᠯᠤᠨ᠎ᠠ; ᠭᠡᠭᠡᠷ᠎ᠠ ᠵᠢᠨ ᠠᠮᠢᠳᠡᠨ᠎ᠤ ᠮᠢᠬ᠎ᠠ ᠢᠳᠡᠬᠦ ᠵᠢ ᠴᠠᠭ᠋ᠠᠵᠠᠯᠠᠬᠤ᠎ᠳᠤ ᠬᠢᠨᠠᠯᠲᠠ ᠲᠠᠯᠪᠢᠬᠤ ᠰᠠᠶ᠋ᠢᠨ ᠲᠤᠷ᠎ᠠ ᠵᠢᠨ ᠦᠢ᠍ᠯᠡᠴᠢᠯᠡᠭᠡᠨ᠎ᠤ ᠠᠩᠭᠢ ᠪᠠᠶ᠋ᠢᠭᠤᠯᠵᠤ᠂ ᠨᠡᠶ᠋ᠢᠭᠡᠮ ᠨᠡᠶ᠋ᠢᠳᠡ ᠵᠢᠨ ᠬᠦᠴᠦᠨ᠎ᠢ ᠲᠠᠶ᠋ᠢᠴᠢᠯᠠᠨ ᠭᠡᠭᠡᠷ ᠎ᠠ ᠵᠢᠨ ᠠᠮᠢᠳᠡᠨ᠎ᠤ ᠮᠢᠬ᠎ᠠ ᠢᠳᠡᠬᠦ ᠠᠵᠢᠯᠯᠠᠭ᠎ᠠ᠎ᠳᠤ ᠬᠢᠨᠠᠯᠲᠠ ᠲᠠᠯᠪᠢᠬᠤ ᠵᠢ ᠴᠢᠩᠭ᠋ᠠᠳᠬᠠᠨ᠎ᠠ᠃

ᠢᠷᠡᠯᠲᠡ᠄
          
ᠬᠠᠮᠢᠶ᠎ᠡ ᠪᠦᠬᠦᠢ ᠰᠣᠨᠢᠨ
ᠠᠵᠦ ᠦᠢ᠍ᠯᠡᠰ ᠪᠤᠯ ᠬᠦᠳᠡᠭᠡ ᠲᠤᠰᠬᠤᠨ᠎ᠢ ᠬᠦᠭᠵᠢᠭᠦᠯᠤᠨ ᠮᠠᠨᠳᠤᠭᠤᠯᠬᠤ ᠵᠢᠨ ᠴᠢᠬᠤᠯᠠ ᠭᠠᠷᠳᠠᠴᠠ
9 ᠠᠵᠢᠯ ᠲᠥᠷᠥᠯ᠎ᠤᠨ ᠨᠡᠶ᠋ᠢᠭᠡᠮᠯᠢᠭ ᠬᠡᠭᠡᠷ᠎ᠡ ᠵᠢᠨ ᠠᠮᠢᠲᠠᠨ ᠤᠷᠭᠤᠮᠠᠯ᠎ᠤᠨ ᠬᠠᠤᠯᠢ ᠪᠤᠰᠤ᠎ᠪᠠᠷ ᠠᠷᠠᠯᠵᠢᠶᠠᠯᠠᠬᠤ ᠵᠢ ᠬᠣᠷᠢᠭᠯᠠᠬᠤ ᠰᠠᠨᠠᠭ᠋ᠠᠴᠢᠯᠠᠭ᠎ᠠ ᠵᠢᠨ ᠪᠢᠴᠢᠭ᠎ᠲᠤ ᠭᠠᠷ᠎ᠤᠨ ᠥᠰᠥᠭ ᠵᠢᠷᠤᠪᠠ
ᠬᠦᠪᠴᠢ ᠵᠢᠨ ᠠ᠋ᠯᠡᠰᠦᠨ᠎ᠳᠤ 5000 ᠲᠦᠮᠡᠨ ᠪᠣᠰᠣᠭ᠎ᠠ ᠳᠥᠷᠪᠡᠯᠵᠢᠨ ᠮᠸᠲᠷ ᠤᠰᠤ ᠨᠦᠭᠦᠨ᠎ᠠ
ᠨᠣᠲᠤᠭ ᠪᠡᠯᠴᠢᠭᠡᠷ ᠰᠡᠷᠭᠦᠵᠦ ᠠᠷᠠᠳ᠎ᠤᠨ ᠮᠠᠩᠨᠠᠢ ᠲᠡᠨᠢᠢ᠍ᠯ᠎ᠡ
ᠠᠮᠢ ᠠᠬᠤᠶ ᠵᠢ ᠰᠠᠶ᠋ᠢᠲᠤᠷ ᠬᠠᠮᠠᠭ᠋ᠠᠯᠠᠵᠤ ᠠᠮᠢ ᠠᠬᠤᠶ ᠵᠢᠨ ᠳᠠᠪᠠᠭᠤᠯᠢᠭ᠎ᠢ ᠪᠠᠳᠠᠷᠠᠭᠤᠯᠰᠤᠭ᠋ᠠᠢ
 
             蒙ICP备05000248号