ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠠᠵᠦ ᠦᠢ᠍ᠯᠡᠰ ᠪᠤᠯ ᠬᠦᠳᠡᠭᠡ ᠲᠤᠰᠬᠤᠨ᠎ᠢ ᠬᠦᠭᠵᠢᠭᠦᠯᠤᠨ ᠮᠠᠨᠳᠤᠭᠤᠯᠬᠤ ᠵᠢᠨ ᠴᠢᠬᠤᠯᠠ ᠭᠠᠷᠳᠠᠴᠠ
ᠨᠡᠶ᠋ᠢᠲᠡᠯᠡᠭᠰᠡᠨ ᠴᠠᠭ᠄ 2020-07-30

      ᠠᠵᠦ ᠦᠢ᠍ᠯᠡᠰ᠎ᠢ ᠬᠦᠭᠵᠢᠭᠦᠯᠬᠦ ᠪᠤᠯ ᠶᠠᠳᠠᠭᠤ᠎ᠠᠴᠠ ᠠᠩᠭᠢᠵᠢᠷᠠᠭᠤᠯᠬᠤ ᠦᠨᠳᠦᠰᠦᠨ ᠠᠷᠭ᠎ᠠ ᠵᠠᠮ ᠪᠠ ᠤᠷᠲᠤ ᠬᠤᠭᠤᠴᠠᠭ᠋ᠠᠨ᠎ᠤ ᠠᠷᠭ᠎ᠠ ᠪᠣᠳᠣᠯᠭ᠎ᠠ ᠮᠥᠨ᠂ ᠪᠠᠰᠠ ᠴᠤ᠌ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠪᠡᠶᠡᠯᠡᠭᠦᠯᠬᠦ ᠵᠢᠨ ᠵᠠᠩᠭᠢᠯᠠᠭ᠎ᠠ ᠪᠠ ᠴᠢᠬᠤᠯᠠ ᠭᠠᠷᠳᠡᠴᠨ ᠮᠥᠨ᠃ ᠠᠵᠤ ᠦᠢ᠍ᠯᠡᠰ ᠵᠶ᠋ᠠᠷ ᠶᠠᠳᠠᠭᠤ ᠵᠢ ᠲᠡᠳᠬᠦᠬᠦ᠎ᠨᠢ ᠨᠢᠭᠡᠨᠲᠡ ᠬᠠᠮᠤᠭ᠎ᠤᠨ ᠠᠮᠢᠵᠢᠷᠠᠯ᠎ᠤᠨ ᠬᠦᠴᠦᠨ᠎ᠲᠠᠢ ᠶᠠᠳᠠᠭᠤ ᠵᠢ ᠲᠡᠳᠬᠦᠬᠦ ᠠᠷᠭ᠎ᠠ ᠬᠡᠯᠪᠡᠷᠢ ᠵᠢᠨ ᠨᠢᠭᠡ ᠪᠣᠯᠤᠭᠰᠠᠨ᠎ᠢ ᠦᠢ᠍ᠯᠡᠳᠦᠯᠭᠡ ᠭᠡᠷᠡᠴᠢᠯᠡᠭᠰᠡᠨ ᠪᠢᠯᠡ᠂ ᠶᠠᠳᠠᠭᠤ ᠬᠦᠴᠢᠷᠳᠡᠯᠲᠡᠶ ᠬᠥᠮᠦᠨ ᠠᠮᠠ ᠣᠨᠴᠠᠯᠢᠭᠲᠤ ᠠᠵᠤ ᠦᠢ᠍ᠯᠡᠰ᠎ᠲᠤ ᠲᠦᠰᠢᠭᠯᠡᠨ ᠲᠣᠭᠲᠠᠭᠤᠨ ᠵᠶ᠋ᠠᠷ ᠠᠵᠢᠯ ᠣᠯᠭᠤᠬᠤ ᠪᠠ ᠣᠷᠣᠯᠭ᠎ᠠ᠎ᠪᠠᠨ ᠦᠷᠭᠦᠯᠵᠢᠯᠡᠨ ᠨᠡᠮᠡᠭᠳᠡᠭᠦᠯᠬᠦ ᠵᠢ ᠪᠡᠶᠡᠯᠡᠭᠦᠯᠪᠡᠯ᠂ ᠶᠠᠳᠠᠭᠤ ᠬᠦᠴᠢᠷᠳᠡᠯᠳᠡᠢ ᠡᠷᠦᠭᠡ ᠵᠢᠨ ᠶᠠᠳᠠᠭᠤ᠎ᠠᠴᠠ ᠠᠩᠭᠢᠵᠢᠷᠡᠵᠤ ᠪᠠᠶᠠᠵᠢᠨ ᠴᠢᠨᠡᠭᠡᠯᠢᠭᠵᠢᠬᠦ ᠳᠣᠲᠣᠭ᠋ᠠᠳᠤ ᠬᠥᠳᠡᠯᠭᠡᠬᠦ ᠬᠦᠴᠦᠨ᠎ᠢ ᠪᠦᠲᠦᠮᠵᠢᠲᠡᠶ ᠬᠥᠭᠵᠢᠭᠡᠵᠦ᠂ ᠡᠭᠦᠨ᠎ᠤ ᠤᠯᠠᠮ᠎ᠠᠴᠠ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠤ ᠦᠷ᠎ᠡ ᠪᠦᠲᠦᠭᠡᠯ᠎ᠢ ᠪᠠᠬᠢᠵᠢᠭᠦᠯᠵᠦ ᠴᠢᠳᠠᠨ᠎ᠡ᠃

      ᠲᠤᠬᠠᠶ ᠵᠢᠨ ᠭᠠᠵᠠᠷ ᠣᠷᠣᠨ᠎ᠤ ᠪᠤᠳᠠᠳᠠᠢ ᠪᠠᠶ᠋ᠢᠳᠠᠯ᠎ᠳᠤ ᠲᠤᠬᠢᠷᠠᠭᠤᠯᠤᠨ ᠣᠨᠴᠠᠯᠢᠭᠲᠤ ᠠᠵᠤ ᠦᠢ᠍ᠯᠡᠰ᠎ᠢ ᠬᠥᠲᠥᠯᠥᠨ ᠵᠢᠯᠣᠭᠤᠳᠬᠤ ᠪᠠ ᠲᠡᠳᠬᠦᠨ ᠲᠡᠮᠵᠢᠵᠦ ᠬᠥᠭᠵᠢᠭᠦᠯᠬᠦ ᠪᠣᠯ 《ᠴᠢᠰᠤ ᠶᠡᠭᠦᠯᠡᠬᠦ ᠬᠡᠯᠪᠡᠷᠢ》 ᠵᠢᠨ ᠶᠠᠳᠠᠭᠤ ᠵᠢ ᠲᠡᠳᠬᠦᠬᠦ᠎ᠠᠴᠠ 《ᠴᠢᠰᠤ ᠪᠦᠲᠦᠭᠡᠬᠦ ᠬᠡᠯᠪᠡᠷᠢ》 ᠵᠢᠨ ᠶᠠᠳᠠᠭᠤ ᠵᠢ ᠲᠡᠳᠬᠦᠬᠦ ᠲᠡᠶ᠋ᠢᠰᠢ ᠬᠤᠪᠢᠷᠠᠭᠤᠯᠬᠤ ᠴᠢᠬᠤᠯᠠ ᠠᠷᠭ᠎ᠠ ᠵᠠᠮ ᠪᠣᠯᠤᠨ᠎ᠠ᠃ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ᠎ᠤ ᠳᠠᠯᠵᠢ ᠪᠠᠯᠭ᠋ᠠᠰᠤᠨ᠎ᠤ ᠡᠳ᠋᠎ᠤᠨ ᠵᠠᠰᠠᠭ᠎ᠤᠨ ᠶᠠᠳᠠᠭᠤ ᠵᠢ ᠲᠡᠳᠬᠦᠬᠦ ᠲᠤᠰᠬᠠᠶ ᠪᠡᠯᠡ ᠮᠥᠩᠭᠦ ᠵᠢ 500 ᠲᠦᠮᠡᠨ ᠲᠥᠭᠦᠷᠢᠭ ᠣᠷᠣᠭᠤᠯᠵᠦ ᠪᠠᠶ᠋ᠢᠭᠤᠯᠤᠭᠰᠠᠨ ᠤᠯᠠᠭ᠋ᠠᠨ ᠦᠬᠡᠷ ᠲᠡᠵᠢᠭᠡᠨ ᠦᠷᠡᠵᠢᠭᠦᠯᠬᠦ ᠶᠠᠳᠠᠭᠤ ᠵᠢ ᠲᠡᠳᠬᠦᠬᠦ ᠠᠵᠤ ᠦᠢ᠍ᠯᠡᠰ᠎ᠤᠨ ᠬᠦᠷᠢᠶᠡᠯᠡᠩ ᠪᠠᠶ᠋ᠢᠭᠤᠯᠤᠬᠳᠠᠭ᠋ᠠᠳ ᠵᠢᠯ ᠪᠤᠯᠤᠭ᠋ᠠᠳᠤᠢ᠎ᠪᠠᠷ᠂ ᠴᠡᠪᠡᠷ ᠤᠷᠤᠯᠭ᠎ᠠ ᠨᠢᠭᠡᠨᠲᠡ 110 ᠭᠠᠷᠤᠶ ᠲᠦᠮᠡᠨ ᠲᠦᠭᠦᠷᠢᠭ᠎ᠲᠤ ᠬᠦᠷᠴᠡᠢ᠃ ᠣᠳᠣ ᠪᠦᠬᠦ ᠪᠠᠯᠭ᠋ᠠᠰᠤᠨ᠎ᠤ ᠶᠠᠳᠠᠭᠤ ᠵᠢ ᠲᠡᠳᠬᠦᠬᠦ ᠦᠬᠡᠷ ᠨᠢᠭᠡᠨᠲᠡ 5000 ᠪᠣᠯᠵᠤ᠂ ᠶᠠᠳᠠᠭᠤ ᠬᠦᠴᠢᠷᠳᠡᠯᠲᠡᠶ ᠣᠯᠠᠨ ᠲᠦᠮᠡᠨ᠎ᠳᠤ ᠤᠷᠲᠤ ᠬᠤᠭᠤᠴᠠᠭ᠋ᠠᠨ᠎ᠤ ᠲᠣᠭᠲᠠᠭᠤᠨ ᠣᠷᠣᠯᠭ᠎ᠠ ᠵᠢ ᠠᠪᠴᠢᠷᠠᠭᠰᠠᠨ ᠵᠶ᠋ᠠᠷ ᠪᠠᠷᠠᠬᠤ ᠦᠭᠡᠶ ᠮᠢᠬᠠᠨ᠎ᠤ ᠦᠬᠡᠷ᠎ᠤᠨ ᠠᠵᠤ ᠦᠢ᠍ᠯᠡᠰ᠎ᠤᠨ ᠬᠥᠭᠵᠢᠯᠲᠡ ᠵᠢ ᠶᠡᠬᠡᠪᠡᠷ ᠠᠬᠢᠭᠤᠯᠵᠦ᠂ ᠨᠢᠭᠡ ᠵᠤᠷᠪᠤᠰ ᠶᠠᠳᠠᠭᠤ᠎ᠠᠴᠠ ᠠᠩᠭᠢᠵᠢᠷᠠᠭᠤᠯᠬᠤ 《ᠦᠬᠡᠷ》᠎ᠤᠨ ᠠᠵᠦ ᠦᠢ᠍ᠯᠡᠰ᠎ᠤᠨ ᠵᠠᠮ᠎ᠢ ᠨᠡᠬᠡᠭᠡᠭᠰᠡᠨ ᠪᠠᠶ᠋ᠢᠨ᠎ᠡ᠃

      ᠠᠵᠤ ᠦᠢ᠍ᠯᠡᠰ ᠵᠶ᠋ᠠᠷ ᠶᠠᠳᠠᠭᠤ ᠵᠢ ᠲᠡᠳᠬᠦᠬᠦ᠎ᠳᠤ ᠶᠡᠷᠦᠩᠬᠡᠶ᠋ᠢᠯᠡᠨ ᠠᠬᠢᠭᠤᠯᠬᠤ ᠵᠢ ᠴᠢᠬᠤᠯᠠᠴᠢᠯᠠᠬᠤ ᠬᠡᠷᠡᠭᠲᠡᠢ᠃ ᠡᠩ ᠲᠡᠷᠢᠭᠦᠨ᠎ᠳᠤ᠂ ᠳᠠᠪᠠᠭᠤᠯᠢᠭ ᠵᠶ᠋ᠠᠨ ᠪᠠᠳᠠᠷᠠᠭᠤᠯᠵᠤ ᠠᠵᠤ ᠦᠢ᠍ᠯᠡᠰ ᠵᠶ᠋ᠠᠨ ᠣᠨᠣᠪᠴᠢᠲᠠᠢ ᠰᠣᠩᠭᠤᠨ᠂ ᠠᠯᠤᠰ ᠬᠡᠳᠦ᠎ᠳᠤ ᠰᠠᠭᠤᠷᠢᠯᠠᠨ ᠬᠥᠭᠵᠢᠯᠲᠡ ᠵᠢ ᠪᠣᠳᠣᠯᠬᠢᠯᠠᠬᠤ᠎ᠠᠴᠠ ᠪᠢᠰᠢ ᠬᠠᠷᠢᠨ ᠵᠥᠪᠬᠡᠨ ᠨᠢᠳᠤᠨ ᠡᠮᠦᠨᠡᠬᠢ ᠠᠰᠢᠭ ᠤᠷᠤᠯᠭ᠎ᠠ ᠵᠢ ᠬᠥᠭᠡᠭᠡᠴᠡᠯᠳᠦᠵᠦ ᠪᠣᠯᠬᠤ ᠦᠭᠡᠢ; ᠳᠠᠷᠠᠭ᠋ᠠᠯᠠᠪᠠᠯ᠂ ᠦᠷᠭᠦᠯᠵᠢᠯᠡᠭᠰᠡᠨ ᠠᠵᠤ ᠦᠢ᠍ᠯᠡᠰ᠎ᠤᠨ ᠬᠥᠭᠵᠢᠯᠲᠡ ᠵᠢᠨ ᠵᠠᠭᠪᠤᠷ᠎ᠢ ᠪᠤᠢ ᠪᠣᠯᠭ᠋ᠠᠵᠤ᠂ ᠠᠵᠤ ᠦᠢ᠍ᠯᠡᠰ᠎ᠤᠨ ᠬᠡᠯᠬᠢᠶ᠎ᠡ ᠵᠢ ᠤᠷᠲᠤᠳᠬᠠᠵᠤ᠂ ᠠᠶᠤᠯ ᠲᠦᠭᠰᠢᠭᠦᠷᠢ ᠵᠢ ᠡᠰᠡᠷᠭᠦᠴᠡᠬᠦ ᠴᠢᠳᠠᠪᠤᠷᠢ᠎ᠪᠠᠨ ᠳᠡᠭᠡᠭᠰᠢᠯᠡᠭᠦᠯᠵᠦ᠂ ᠨᠡᠩ ᠲᠣᠭᠲᠠᠭᠤᠨ ᠠᠰᠢᠬ ᠲᠤᠰᠠ ᠵᠢᠨ ᠬᠤᠯᠪᠤᠭ᠋ᠠᠨ᠎ᠤ ᠲᠣᠭᠲᠡᠴᠨ ᠵᠢ ᠪᠠᠶ᠋ᠢᠭᠤᠯᠵᠤ᠂ ᠶᠠᠳᠠᠭᠤ ᠬᠦᠴᠢᠷᠳᠡᠯᠲᠡᠶ ᠤᠯᠠᠨ ᠲᠦᠮᠡᠨ᠎ᠤ ᠣᠷᠣᠯᠭ᠎ᠠ ᠵᠢ ᠦᠷᠭᠦᠯᠵᠢᠯᠡᠨ ᠲᠣᠭᠲᠠᠭᠤᠨ ᠵᠶ᠋ᠠᠷ ᠨᠡᠮᠡᠭᠳᠡᠭᠦᠯᠬᠦ ᠵᠢ ᠦᠨᠡᠨ ᠬᠦ᠌ ᠪᠠᠲᠤᠯᠠᠬᠤ ᠬᠡᠷᠡᠭᠳᠡᠢ᠃ ᠳᠠᠯᠵᠢ ᠪᠠᠯᠭ᠋ᠠᠰᠤ ᠮᠢᠬᠠᠨ᠎ᠤ ᠦᠭᠡᠷ᠎ᠤᠨ ᠠᠵᠤ ᠦᠢ᠍ᠯᠡᠰ᠎ᠤᠨ ᠬᠥᠭᠵᠢᠯᠲᠡ ᠵᠢ ᠠᠬᠢᠭᠤᠯᠬᠤ ᠵᠢᠨ ᠬᠠᠮᠲᠤ ᠪᠠᠰᠠ ᠠᠮᠤ ᠪᠤᠳᠠᠭ᠎ᠠ ᠵᠢ ᠲᠡᠵᠢᠭᠡᠯ ᠪᠣᠷᠳᠤᠭ᠎ᠠ ᠪᠣᠯᠭ᠋ᠠᠨ ᠡᠳ᠋ᠰᠢᠭᠦᠯᠬᠦ ᠵᠢ ᠢᠳᠡᠪᠬᠢᠲᠡᠶ ᠲᠥᠯᠥᠪᠯᠡᠵᠦ᠂ ᠲᠠᠷᠢᠶᠠᠴᠢᠳ᠎ᠢ ᠬᠥᠲᠥᠯᠥᠨ ᠵᠢᠯᠣᠭᠤᠳᠴᠤ ᠪᠠᠶ᠋ᠢᠭ᠋ᠠᠳ ᠬᠦᠬᠡ᠎ᠪᠠᠷ ᠲᠠᠷᠤᠰᠢ ᠵᠢᠨ ᠡᠷᠳᠡᠨᠢ ᠵᠢᠨ ᠰᠢᠰᠢ ᠳᠠᠷᠢᠭᠤᠯᠵᠤ᠂ ᠣᠳᠣᠬᠠᠨ᠎ᠳᠤ ᠲᠠᠷᠢᠵᠦ ᠤᠷᠭᠤᠭᠤᠯᠤᠬᠰᠡᠨ ᠲᠠᠯᠠᠪᠠᠶ ᠨᠢᠭᠡᠨᠲᠡ 2 ᠲᠦᠮᠡ ᠭᠠᠷᠤᠶ ᠮᠦ᠍ ᠲᠤᠯᠵᠠᠢ᠃ ᠡᠨᠡ᠎ᠨᠢ ᠮᠢᠬᠠᠨ᠎ᠤ ᠦᠬᠡᠷ᠎ᠤᠨ ᠲᠡᠵᠢᠭᠡᠯ ᠪᠣᠷᠳᠣᠭ᠋ᠠᠨ᠎ᠤ ᠬᠦᠢ᠍ᠴᠠᠳ ᠬᠠᠩᠭ᠋ᠠᠯᠭ᠎ᠠ ᠵᠢ ᠪᠠᠲᠤᠯᠠᠭᠰᠠᠨ ᠪᠥᠭᠡᠳ ᠠᠵᠤ ᠦᠢ᠍ᠯᠡᠰ᠎ᠤᠨ ᠬᠤᠷᠰᠢᠶᠠᠵᠢᠯᠲᠠ᠂ ᠠᠵᠢᠯ᠎ᠤᠨ ᠬᠤᠪᠢᠶᠠᠷᠢᠯᠠᠯᠲᠠ ᠪᠠ ᠬᠡᠪᠴᠢᠶᠡᠵᠢᠭᠦᠯᠬᠦ ᠶᠠᠪᠤᠴᠠ ᠲᠤᠮᠳᠠ᠂ ᠮᠠᠯᠴᠢᠨ ᠲᠠᠷᠢᠶᠠᠴᠢᠨ᠎ᠢ ᠠᠵᠤ ᠦᠢ᠍ᠯᠡᠰ᠎ᠤᠨ ᠬᠥᠭᠵᠢᠯᠲᠡ᠎ᠠᠴᠠ ᠠᠰᠢᠭ ᠬᠦᠷᠲᠡᠭᠡᠬᠦ ᠵᠢ ᠠᠬᠢᠭᠤᠯᠤᠬᠰᠡᠨ ᠪᠠᠶ᠋ᠢᠨ᠎ᠡ᠃


ᠢᠷᠡᠯᠲᠡ᠄
          
ᠬᠠᠮᠢᠶ᠎ᠡ ᠪᠦᠬᠦᠢ ᠰᠣᠨᠢᠨ
9 ᠠᠵᠢᠯ ᠲᠥᠷᠥᠯ᠎ᠤᠨ ᠨᠡᠶ᠋ᠢᠭᠡᠮᠯᠢᠭ ᠬᠡᠭᠡᠷ᠎ᠡ ᠵᠢᠨ ᠠᠮᠢᠲᠠᠨ ᠤᠷᠭᠤᠮᠠᠯ᠎ᠤᠨ ᠬᠠᠤᠯᠢ ᠪᠤᠰᠤ᠎ᠪᠠᠷ ᠠᠷᠠᠯᠵᠢᠶᠠᠯᠠᠬᠤ ᠵᠢ ᠬᠣᠷᠢᠭᠯᠠᠬᠤ ᠰᠠᠨᠠᠭ᠋ᠠᠴᠢᠯᠠᠭ᠎ᠠ ᠵᠢᠨ ᠪᠢᠴᠢᠭ᠎ᠲᠤ ᠭᠠᠷ᠎ᠤᠨ ᠥᠰᠥᠭ ᠵᠢᠷᠤᠪᠠ
ᠬᠦᠪᠴᠢ ᠵᠢᠨ ᠠ᠋ᠯᠡᠰᠦᠨ᠎ᠳᠤ 5000 ᠲᠦᠮᠡᠨ ᠪᠣᠰᠣᠭ᠎ᠠ ᠳᠥᠷᠪᠡᠯᠵᠢᠨ ᠮᠸᠲᠷ ᠤᠰᠤ ᠨᠦᠭᠦᠨ᠎ᠠ
ᠨᠣᠲᠤᠭ ᠪᠡᠯᠴᠢᠭᠡᠷ ᠰᠡᠷᠭᠦᠵᠦ ᠠᠷᠠᠳ᠎ᠤᠨ ᠮᠠᠩᠨᠠᠢ ᠲᠡᠨᠢᠢ᠍ᠯ᠎ᠡ
ᠠᠮᠢ ᠠᠬᠤᠶ ᠵᠢ ᠰᠠᠶ᠋ᠢᠲᠤᠷ ᠬᠠᠮᠠᠭ᠋ᠠᠯᠠᠵᠤ ᠠᠮᠢ ᠠᠬᠤᠶ ᠵᠢᠨ ᠳᠠᠪᠠᠭᠤᠯᠢᠭ᠎ᠢ ᠪᠠᠳᠠᠷᠠᠭᠤᠯᠰᠤᠭ᠋ᠠᠢ
《ᠰᠢ ᠵᠢᠨ ᠫᠢᠩ᠎ᠤᠨ ᠠᠶᠤᠯ ᠲᠦᠭᠰᠢᠬᠦᠷᠢ ᠦᠷᠢᠰᠤᠯᠳᠤᠬᠡᠨ᠎ᠢ ᠰᠡᠷᠬᠡᠶ᠋ᠢᠯᠠᠵᠤ ᠬᠡᠨᠡᠳᠳᠡ ᠡᠭᠦᠰᠦᠭᠰᠡᠨ ᠭᠡᠷᠡᠭ᠎ᠢ ᠠᠷᠭ᠋ᠠᠴᠠᠭ᠋ᠠᠬᠤ ᠲᠤᠬᠠᠢ ᠦᠬᠦᠯᠠᠯᠳᠠ ᠵᠢᠨ ᠲᠡᠬᠦᠪᠤᠷᠢ》 ᠵᠢ ᠬᠡᠪᠯᠡᠨ ᠲᠠᠷᠬᠠᠭ᠋ᠠᠵᠠᠢ
 
             蒙ICP备05000248号