ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠨᠣᠲᠤᠭ ᠪᠡᠯᠴᠢᠭᠡᠷ ᠰᠡᠷᠭᠦᠵᠦ ᠠᠷᠠᠳ᠎ᠤᠨ ᠮᠠᠩᠨᠠᠢ ᠲᠡᠨᠢᠢ᠍ᠯ᠎ᠡ
ᠨᠡᠶ᠋ᠢᠲᠡᠯᠡᠭᠰᠡᠨ ᠴᠠᠭ᠄ 2020-08-26

      ᠨᠣᠲᠤᠭ ᠪᠡᠯᠴᠢᠭᠡᠷ ᠰᠡᠷᠭᠦᠵᠦ ᠠᠷᠠᠳ᠎ᠤᠨ ᠮᠠᠩᠨᠠᠢ ᠲᠡᠨᠢᠢ᠍ᠯ᠎ᠡ
 
     -- ᠮᠠᠨ᠎ᠤ ᠣᠷᠣᠨ᠎ᠤ ᠨᠣᠲᠤᠭ ᠪᠡᠯᠴᠢᠭᠡᠷ᠎ᠤᠨ ᠠᠮᠢ ᠠᠬᠤᠢ ᠵᠢ ᠬᠠᠮᠠᠭ᠋ᠠᠯᠠᠨ ᠰᠡᠷᠭᠦᠭᠡᠭᠰᠡᠨ ᠠᠮᠵᠢᠯᠲᠠ ᠵᠢ ᠲᠡᠮᠲᠡᠭᠯᠡᠪᠡ
      ᠦᠪᠤᠷ ᠮᠤᠩᠭᠤᠯ᠎ᠨᠢ ᠪᠦᠬᠦ ᠤᠯᠤᠰ᠎ᠤᠨ ᠤᠮᠠᠷᠠᠳᠤ ᠵᠢᠨ ᠲᠠᠯᠠᠪᠠᠢ᠎ᠪᠠᠷ ᠬᠠᠮᠤᠭ᠎ᠤᠨ ᠶᠡᠭᠡ᠂ ᠲᠦᠷᠦᠯ ᠵᠦᠢ᠍ᠯ᠎ᠨᠢ ᠬᠠᠮᠤᠭ᠎ᠤᠨ ᠪᠦᠷᠢᠨ ᠠᠮᠢ ᠠᠬᠤᠢ ᠵᠢᠨ ᠴᠢᠳᠠᠮᠵᠢᠳᠤ ᠤᠷᠤᠨ ᠪᠤᠯᠬᠤ ᠶᠤᠮ᠃ ᠪᠦᠬᠦ ᠤᠷᠤᠨ᠎ᠤ ᠶᠡᠷᠤᠩᠬᠡᠢ ᠭᠠᠵᠠᠷ ᠰᠢᠷᠤᠢ ᠵᠢᠨ ᠲᠠᠯᠠᠪᠠᠢ ᠵᠢᠨ 64% ᠵᠢ ᠡᠵᠡᠯᠡᠭᠰᠡᠨ ᠮᠠᠨ᠎ᠤ ᠤᠷᠤᠨ᠎ᠤ 11.38 ᠳ᠋ᠦᠩᠰᠢᠭᠤᠷ ᠮᠦ᠍ ᠨᠤᠳᠤᠬ ᠪᠡᠯᠴᠢᠭᠡᠷ ᠪᠤᠯ ᠡᠬᠡ ᠤᠯᠤᠰ᠎ᠤᠨ ᠤᠮᠠᠷᠠᠳᠤ ᠵᠢᠨ ᠠᠮᠢ ᠠᠬᠤᠢ ᠵᠢᠨ ᠠᠮᠤᠷ ᠲᠦᠪᠰᠢᠨ᠎ᠤ ᠴᠢᠬᠤᠯᠠ ᠬᠠᠯᠬᠠᠪᠴᠢ ᠪᠠᠶ᠋ᠢᠵᠤ᠂ ᠬᠢᠯᠢ ᠬᠢᠵᠠᠭ᠋ᠠᠷ᠎ᠤᠨ ᠠᠮᠤᠷ ᠲᠤᠭᠳᠠᠭᠤᠨ᠂ ᠠᠮᠢ ᠠᠬᠤᠢ ᠵᠢᠨ ᠠᠮᠤᠷ ᠲᠦᠪᠰᠢᠨ᠂ ᠮᠠᠯ ᠠᠵᠤ ᠠᠬᠤᠢ ᠵᠢᠨ ᠬᠦᠭᠵᠢᠯᠳᠡ ᠵᠢᠨ ᠲᠠᠯ᠎ᠠ᠎ᠪᠠᠷ ᠴᠢᠬᠤᠯᠠ ᠤᠢ᠍ᠢ᠍ᠯᠡᠳᠤᠯ ᠵᠶ᠋ᠠᠨ ᠪᠠᠳᠠᠷᠠᠭᠤᠯᠵᠤ ᠪᠠᠶ᠋ᠢᠳᠠᠭ᠃
      ᠨᠠᠮ᠎ᠤᠨ ᠠᠷᠪᠠᠨ ᠨᠠᠢ᠍ᠮᠠᠳᠤᠭ᠋ᠠᠷ ᠬᠤᠷᠠᠯ᠎ᠠᠴᠠ ᠨᠠᠭ᠋ᠠᠰᠢ᠂ ᠮᠠᠨ᠎ᠤ ᠤᠷᠤᠨ ᠬᠦᠬᠡᠮᠳᠦᠭ ᠨᠤᠭᠤᠭ᠋ᠠᠨ ᠠᠭᠤᠯᠠ ᠤᠰᠤ ᠪᠤᠯ ᠲᠠᠷᠤᠢ ᠠᠯᠳᠡ ᠮᠦᠩᠬᠦᠨ ᠠᠭᠤᠯᠠ ᠤᠰᠤ ᠬᠡᠬᠦ ᠤᠢ᠍ᠢ᠍ᠯᠠᠭ᠋ᠠᠭᠳᠠᠬᠤᠨ᠎ᠢ ᠪᠠᠳᠤ ᠱᠤᠭᠤᠵᠤ᠂ ᠠᠮᠢ ᠠᠬᠤᠢ ᠵᠢ ᠤᠷᠢᠳ ᠵᠶ᠋ᠠᠷ ᠪᠤᠳᠤᠯᠬᠢᠯᠠᠭᠰᠠᠨ ᠪᠤᠬᠢᠷᠳᠤᠯ ᠦᠬᠡᠢ ᠬᠦᠭᠵᠢᠯᠳᠡ ᠵᠢ ᠪᠠᠷᠢᠮᠳᠠᠯᠠᠵᠤ᠂ ᠨᠤᠳᠤᠭ ᠪᠡᠯᠴᠢᠬᠡᠷ᠎ᠤᠨ ᠠᠮᠢ ᠠᠬᠤᠢ ᠵᠢᠨ ᠬᠠᠮᠠᠭ᠋ᠠᠯᠠᠯᠳᠡ ᠪᠤᠯᠤᠨ ᠰᠡᠷᠬᠦᠭᠡᠯᠳᠡ ᠵᠢ ᠠᠬᠢᠭᠤᠯᠤᠨ᠂ ᠦᠪᠤᠷ ᠮᠤᠩᠭᠤᠯ᠎ᠤᠨ ᠤᠨᠴᠠᠯᠢᠭ ᠪᠦᠬᠦᠢ ᠨᠤᠳᠤᠭ ᠪᠡᠯᠴᠢᠬᠡᠷ᠎ᠤᠨ ᠠᠮᠢ ᠠᠬᠤᠢ ᠵᠢ ᠬᠠᠮᠠᠭ᠋ᠠᠯᠠᠬᠤ ᠵᠠᠮ ᠵᠶ᠋ᠠᠷ ᠵᠠᠮᠨᠠᠵᠤ᠂ ᠨᠤᠳᠤᠭ ᠪᠡᠯᠴᠢᠬᠡᠷ᠎ᠤᠨ ᠪᠦᠷᠬᠦᠴᠡ ᠵᠢᠨ ᠨᠤᠷᠮ᠎ᠠ 44%᠎ᠳᠤ ᠬᠦᠷᠦᠭᠰᠡᠨ ᠬᠢᠯᠠᠯᠵᠠᠭᠰᠠᠨ ᠬᠢᠷᠢ ᠪᠦᠳᠦᠮᠵᠢ ᠵᠢ ᠤᠯᠤᠭᠰᠠᠨ ᠪᠠᠶ᠋ᠢᠨ᠎ᠠ᠃



      ᠨᠤᠳᠤᠭ ᠪᠡᠯᠴᠢᠬᠡᠷ᠎ᠤᠨ ᠠᠮᠢ ᠠᠬᠤᠢ ᠦᠷᠬᠦᠯᠵᠢᠯᠡᠨ ᠰᠠᠶ᠋ᠢᠵᠢᠷᠠᠪᠠ
      ᠬᠦᠯᠦᠨ ᠪᠤᠶ᠋ᠢᠷ ᠬᠤᠳᠠ ᠵᠢᠨ ᠬᠡᠷᠤᠯᠤᠨ ᠰᠤᠮᠤᠨ᠎ᠤ ᠮᠠᠩᠯᠠᠢ ᠮᠠᠯ ᠠᠵᠤ ᠠᠬᠤᠢ ᠵᠢᠨ ᠲᠤᠰᠬᠠᠢ ᠬᠤᠷᠰᠢᠶ᠎ᠠ᠎ᠨᠢ ᠬᠡᠪᠴᠢᠶᠡᠵᠢᠭᠰᠡᠨ᠂ ᠡᠷᠴᠢᠮᠵᠢᠭᠰᠡᠨ᠂ ᠠᠵᠤ ᠤᠢ᠍ᠢ᠍ᠯᠡᠰᠵᠢᠭᠰᠡᠨ ᠡᠵᠡᠩᠨᠡᠯᠳᠡ ᠵᠢᠨ ᠬᠡᠯᠪᠡᠷᠢ ᠵᠢ ᠠᠪᠴᠤ᠂ ᠮᠠᠯ ᠤᠨᠤᠭ᠎ᠠ ᠵᠢ ᠠᠷᠠᠴᠢᠯᠡᠨ ᠲᠡᠵᠢᠭᠡᠬᠦ᠂ ᠡᠪᠡᠰᠤ ᠪᠤᠷᠳᠤᠭ᠎ᠠ ᠬᠤᠳᠠᠯᠳᠤᠨ ᠠᠪᠬᠤ ᠪᠠ ᠪᠤᠷᠤᠯᠠᠭᠤᠯᠬᠤ ᠵᠢ ᠲᠦᠪᠯᠡᠷᠡᠬᠦᠯᠵᠤ᠂ ᠨᠤᠳᠤᠭ ᠪᠡᠯᠴᠢᠬᠡᠷ ᠵᠶ᠋ᠠᠨ ᠲᠦᠷᠪᠡᠨ ᠤᠯᠠᠷᠢᠯ ᠬᠤᠪᠢᠶᠡᠨ᠂ ᠤᠯᠠᠷᠢᠯ᠎ᠤᠨ ᠴᠢᠨᠠᠷᠳᠡᠢ ᠲᠤᠭᠤᠷᠢᠭ ᠬᠤᠪᠢᠶᠠᠨ ᠰᠡᠯᠬᠦᠨ ᠮᠠᠯᠵᠢᠭᠰᠠᠨ ᠵᠶ᠋ᠠᠷ ᠶᠡᠭᠡ ᠬᠡᠮᠵᠢᠶᠡᠨ᠎ᠤ ᠨᠤᠳᠤᠭ ᠪᠡᠯᠴᠢᠬᠡᠷ ᠰᠠᠶ᠋ᠢᠵᠢᠷᠠᠵᠤ᠂ ᠤᠷᠭᠤᠮᠠᠯ᠎ᠤᠨ ᠪᠦᠷᠭᠦᠴᠠ ᠰᠡᠷᠬᠦᠭᠰᠡᠨ ᠪᠠᠶ᠋ᠢᠨ᠎ᠠ᠃ ᠲᠤᠰ ᠬᠤᠷᠰᠢᠶ᠎ᠠ᠎ᠨᠢ ᠨᠤᠳᠤᠭ ᠪᠡᠯᠴᠢᠬᠡᠷ᠎ᠢ ᠨᠡᠶ᠋ᠢᠯᠡᠬᠦᠯᠦᠨ ᠲᠦᠪᠯᠡᠷᠡᠬᠦᠯᠦᠨ ᠬᠠᠮᠢᠶᠠᠷᠴᠤ᠂ ᠤᠯᠠᠷᠢᠯ᠎ᠤᠨ ᠴᠢᠨᠠᠷᠳᠡᠢ᠎ᠪᠠᠷ 15 ᠲᠦᠮᠡᠨ ᠮᠦ᠍ ᠨᠤᠳᠤᠭ᠎ᠢ ᠠᠮᠠᠷᠠᠭᠤᠯᠵᠤ᠂ 24 ᠲᠦᠮᠡᠨ ᠮᠦ᠍ ᠭᠠᠵᠠᠷ᠎ᠲᠤ ᠲᠤᠭᠤᠷᠢᠭ ᠬᠤᠪᠢᠶᠠᠨ ᠰᠡᠯᠬᠦᠨ ᠮᠠᠯᠵᠢᠵᠤ᠂ 15 ᠲᠦᠮᠡᠨ ᠮᠦ᠍ ᠨᠤᠳᠤᠭ ᠪᠡᠯᠴᠢᠬᠡᠷ᠎ᠢ ᠵᠠᠰᠠᠨ ᠰᠠᠶ᠋ᠢᠵᠢᠷᠠᠭᠤᠯᠵᠡᠢ᠃
      ᠮᠠᠨ᠎ᠤ ᠤᠷᠤᠨ ᠠᠮᠢ ᠠᠬᠤᠢ ᠵᠢ ᠤᠷᠢᠳ ᠵᠶ᠋ᠠᠷ ᠪᠤᠳᠤᠯᠬᠢᠯᠠᠬᠰᠠᠨ ᠪᠤᠬᠢᠷᠳᠤᠯ ᠦᠬᠡᠢ ᠬᠦᠭᠵᠢᠯᠳᠡ ᠵᠢ ᠪᠠᠷᠢᠮᠳᠠᠯᠠᠵᠤ᠂ ᠨᠤᠳᠤᠭ ᠪᠡᠯᠴᠢᠬᠡᠷ᠎ᠤᠨ ᠬᠠᠮᠠᠭ᠋ᠠᠯᠠᠯᠳᠠ ᠪᠠ ᠰᠡᠷᠬᠦᠭᠡᠯᠳᠡ ᠵᠢ ᠤᠷᠳᠤ ᠬᠤᠭᠤᠴᠠᠭ᠎ᠠ᠎ᠪᠠᠷ ᠠᠬᠢᠭᠤᠯᠤᠭᠰᠠᠨ ᠵᠶ᠋ᠠᠷ ᠨᠤᠳᠤᠭ ᠪᠡᠯᠴᠢᠬᠡᠷ᠎ᠤᠨ ᠤᠷᠭᠤᠮᠠᠯ᠎ᠤᠨ ᠪᠦᠷᠬᠦᠴᠡ ᠲᠡᠭᠡᠭᠰᠢᠯᠡᠵᠤ᠂ ᠤᠷᠭᠤᠮᠠᠯ᠎ᠤᠨ ᠪᠦᠷᠬᠦᠴᠡ ᠵᠢᠨ ᠨᠤᠷᠮ᠎ᠠ 2010 ᠤᠨ᠎ᠤ᠎ᠬᠢ᠎ᠠᠴᠠ ᠵᠠᠭᠤᠨ᠎ᠤ ᠬᠠᠷᠢᠴᠠᠯ ᠵᠶ᠋ᠠᠷ 7 ᠬᠤᠪᠢ ᠨᠡᠮᠡᠭᠳᠡᠵᠤ᠂ ᠨᠤᠳᠤᠭ ᠪᠡᠯᠴᠢᠬᠡᠷ᠎ᠤᠨ ᠲᠠᠴᠢᠷᠳᠠᠬᠤ ᠬᠠᠨᠳᠤᠰᠢ ᠪᠦᠳᠦᠮᠵᠢᠳᠡᠢ ᠬᠤᠷᠢᠭᠯᠠᠭᠳᠠᠨ᠂ ᠨᠤᠳᠤᠭ ᠪᠡᠯᠴᠢᠬᠡᠷ᠎ᠤᠨ ᠠᠶᠠᠨᠳᠠᠭ᠋ᠠᠨ ᠰᠡᠷᠬᠦᠭᠡᠬᠦ ᠴᠢᠳᠠᠪᠤᠷᠢ ᠲᠡᠭᠡᠭᠰᠢᠯᠡᠵᠤ᠂ ᠠᠮᠢᠳᠤ ᠪᠤᠳᠠᠰ᠎ᠤᠨ ᠤᠯᠠᠨ ᠶᠠᠩᠵᠤᠳᠤ ᠴᠢᠨᠠᠷ ᠡᠳᠤᠷ ᠢᠷᠡᠬᠦᠶ᠎ᠠ ᠪᠠᠶᠠᠯᠢᠭᠵᠢᠵᠤ᠂ ᠨᠤᠳᠤᠭ ᠪᠡᠯᠴᠢᠬᠡᠷ᠎ᠤᠨ ᠠᠮᠢ ᠠᠬᠤᠢ ᠦᠷᠬᠦᠯᠵᠢᠯᠡᠨ ᠰᠠᠶ᠋ᠢᠵᠢᠷᠠᠪᠠ᠃
      ᠰᠤᠷᠪᠤᠯᠵᠢᠯᠠᠭᠴᠢ ᠤᠷᠴᠢᠮᠬᠠᠨ ᠬᠤᠷᠠᠯᠳᠤᠭᠰᠠᠨ ᠦᠪᠤᠷ ᠮᠤᠩᠭᠤᠯ᠎ᠤᠨ ᠨᠤᠳᠤᠭ ᠪᠡᠯᠴᠢᠬᠡᠷ᠎ᠤᠨ ᠠᠮᠢ ᠠᠬᠤᠢ ᠵᠢ ᠬᠠᠮᠠᠭ᠋ᠠᠯᠠᠨ ᠰᠡᠷᠬᠦᠭᠡᠭᠰᠡᠨ ᠠᠵᠢᠯ᠎ᠤᠨ ᠦᠷ᠎ᠠ ᠪᠦᠳᠦᠮᠵᠢ ᠵᠢᠨ ᠲᠤᠬᠠᠢ ᠰᠤᠨᠢᠨ ᠮᠡᠳᠡᠭᠡ ᠨᠡᠶ᠋ᠢᠳᠡᠯᠡᠬᠦ ᠬᠤᠷᠠᠯ᠎ᠠᠴᠠ ᠤᠢ᠍ᠢ᠍ᠯᠠᠭ᠋ᠠᠭᠰᠠᠨ ᠵᠶ᠋ᠠᠷ᠂ ᠮᠠᠨ᠎ᠤ ᠤᠷᠤᠨ ᠨᠤᠳᠤᠭ ᠪᠡᠯᠴᠢᠬᠡᠷ᠎ᠤᠨ ᠦᠬᠡᠷᠡᠴᠢᠯᠡᠯᠳᠡ ᠵᠢ ᠭᠦᠨᠵᠡᠭᠡᠶ᠋ᠢᠷᠠᠭᠦᠯᠵᠤ᠂ ᠨᠤᠳᠤᠭ ᠪᠡᠯᠴᠢᠬᠡᠷ᠎ᠤᠨ ᠦᠮᠴᠢᠯᠡᠬᠦ ᠡᠷᠭᠡ᠂ ᠬᠡᠷᠡᠭᠯᠡᠬᠦ ᠡᠷᠭᠡ ᠪᠠ ᠲᠠᠭ᠋ᠠᠭ᠋ᠠᠴᠢᠯᠠᠨ ᠡᠵᠡᠩᠨᠡᠬᠦ ᠡᠷᠭᠡ ᠵᠢ ᠲᠡᠬᠦᠯᠳᠡᠷᠵᠢᠬᠦᠯᠦᠨ᠂ ᠤᠳᠤ ᠪᠤᠯᠳᠠᠯ᠎ᠠ 10.3 ᠳ᠋ᠦᠩᠰᠢᠭᠤᠷ ᠮᠦ᠍ ᠨᠤᠳᠤᠭ ᠪᠡᠯᠴᠢᠬᠡᠷ᠎ᠤᠨ ᠦᠮᠴᠢᠯᠡᠬᠦ ᠡᠷᠭᠡ ᠵᠢ ᠲᠤᠳᠤᠯᠠᠵᠤ᠂ ᠪᠦᠬᠦ ᠤᠷᠤᠨ᠎ᠤ 33 ᠮᠠᠯᠵᠢᠬᠤ ᠬᠤᠰᠢᠭᠤ᠂ 21 ᠬᠠᠭ᠋ᠠᠰ ᠮᠠᠯᠵᠢᠬᠤ ᠲᠠᠷᠢᠶᠠᠯᠠᠬᠤ ᠬᠤᠰᠢᠭᠤ ᠪᠠ 9 ᠬᠤᠳᠠ ᠵᠢᠨ ᠲᠡᠬᠦᠷᠭᠡ ᠵᠢᠨ ᠨᠤᠳᠤᠭ ᠪᠡᠯᠴᠢᠬᠡᠷ᠎ᠢ ᠢᠯᠭ᠋ᠠᠨ ᠲᠤᠳᠤᠯᠠᠪᠠ᠃ ᠨᠤᠳᠤᠭ ᠪᠡᠯᠴᠢᠬᠡᠷ᠎ᠤᠨ 《ᠭᠤᠷᠪᠡᠨ ᠡᠷᠭᠡ ᠵᠢ ᠰᠠᠯᠭ᠋ᠠᠬᠤ》 ᠲᠤᠷᠰᠢᠯᠳᠡ ᠵᠢᠨ ᠴᠡᠭ᠎ᠤᠨ ᠠᠵᠢᠯ᠎ᠢ ᠢᠳᠡᠪᠬᠢᠳᠡᠢ ᠠᠬᠢᠭᠤᠯᠵᠤ᠂ ᠨᠤᠳᠤᠭ ᠪᠡᠯᠴᠢᠬᠡᠷ᠎ᠢ ᠬᠡᠪᠴᠢᠶᠡᠵᠢᠬᠦᠯᠦᠨ ᠡᠵᠡᠩᠨᠡᠬᠦ᠎ᠳᠤ ᠲᠦᠷᠦ ᠵᠢᠨ ᠪᠤᠳᠤᠯᠭ᠎ᠠ ᠵᠢᠨ ᠰᠠᠭᠤᠷᠢ ᠵᠢ ᠲᠠᠯᠪᠢᠪᠠ᠃ ᠨᠤᠳᠤᠭ ᠪᠡᠯᠴᠢᠬᠡᠷ᠎ᠤᠨ ᠭᠠᠮᠰᠢᠭ᠎ᠢ ᠰᠡᠷᠭᠡᠶ᠋ᠢᠯᠡᠬᠦ ᠴᠢᠳᠠᠪᠤᠷᠢ ᠲᠡᠭᠡᠭᠰᠢᠯᠡᠵᠤ᠂ ᠤᠳᠤᠬᠠᠨ᠎ᠳᠤ᠂ ᠪᠦᠬᠦ ᠤᠷᠤᠨ᠎ᠳᠤ ᠦᠪᠡᠷᠳᠡᠭᠡᠨ ᠵᠠᠰᠠᠬᠤ ᠤᠷᠤᠨ᠂ ᠠᠶ᠋ᠢᠮᠠᠭ ᠬᠤᠳᠠ᠂ ᠬᠤᠰᠢᠭᠤ ᠰᠢᠶᠠᠨ ᠪᠤᠯᠤᠨ ᠮᠠᠯᠴᠢᠨ ᠲᠠᠷᠢᠶᠠᠴᠢᠨ᠎ᠤ ᠬᠡᠮᠵᠢᠨ ᠮᠡᠳᠡᠬᠦᠯᠦᠭᠴᠢ᠎ᠪᠠᠷ ᠪᠦᠷᠢᠯᠳᠦᠭᠰᠡᠨ ᠲᠦᠷᠪᠡᠨ ᠱᠠᠳᠤᠨ᠎ᠤ ᠬᠢᠨᠡᠨ ᠬᠡᠮᠵᠢᠵᠤ ᠤᠷᠢᠳᠴᠢᠯᠡᠨ ᠰᠡᠷᠡᠮᠵᠢᠯᠡᠬᠦᠯᠬᠦ ᠰᠢᠰᠲ᠋ᠧᠮ᠎ᠢ ᠦᠨᠳᠦᠰᠦᠨ᠎ᠳᠡᠭᠡᠨ ᠪᠠᠶ᠋ᠢᠭᠤᠯᠵᠤ᠂ ᠬᠡᠮᠵᠢᠨ ᠮᠡᠳᠡᠬᠦᠯᠦᠭᠰᠡᠨ ᠤᠨᠤᠪᠴᠢ ᠵᠢᠨ ᠬᠡᠮᠵᠢᠶ᠎ᠠ 89.5% ᠵᠢ ᠲᠠᠪᠠᠪᠠ᠃ ᠨᠤᠳᠤᠭ ᠪᠡᠯᠴᠢᠬᠡᠷ᠎ᠤᠨ ᠬᠢᠨᠡᠨ ᠬᠡᠮᠵᠢᠯᠳᠡ ᠵᠢᠨ ᠰᠢᠰᠲ᠋ᠧᠮ ᠲᠠᠰᠤᠷᠠᠯᠳᠡ ᠦᠬᠡᠢ ᠲᠡᠬᠦᠯᠳᠡᠷᠵᠢᠵᠤ᠂ ᠪᠦᠬᠦ ᠤᠯᠤᠰ᠎ᠲᠤ ᠨᠤᠳᠤᠭ ᠪᠡᠯᠴᠢᠬᠡᠷ᠎ᠤᠨ ᠡᠬᠢ ᠪᠠᠶᠠᠯᠢᠭ᠎ᠢ ᠬᠢᠨᠡᠨ ᠬᠡᠮᠵᠢᠬᠦ ᠪᠠ ᠨᠤᠳᠤᠭ ᠪᠡᠯᠴᠢᠬᠡᠷ᠎ᠤᠨ ᠠᠮᠢ ᠠᠬᠤᠢ ᠵᠢ ᠦᠨᠡᠯᠡᠨ ᠵᠢᠱ᠌ᠢᠬᠦ ᠠᠵᠢᠯ᠎ᠢ ᠤᠷᠢᠳ ᠵᠶ᠋ᠠᠷ ᠲᠦᠯᠬᠢᠨ ᠠᠬᠢᠭᠤᠯᠵᠤ᠂ ᠤᠳᠤᠬᠢᠴᠢᠯᠠᠭᠰᠠᠨ ᠮᠡᠷᠭᠡᠵᠢᠯ᠎ᠢ ᠬᠦᠢ᠍ᠴᠡᠳ ᠠᠰᠢᠬᠯᠠᠨ᠂ ᠬᠦᠳᠡᠯᠦᠩᠬᠦᠢ᠂ ᠤᠨᠤᠪᠴᠢᠳᠡᠢ᠂ ᠪᠦᠬᠦᠨ᠎ᠢ ᠬᠠᠮᠤᠷᠤᠭᠰᠠᠨ ᠬᠢᠨᠡᠨ ᠬᠡᠮᠵᠢᠯᠳᠡ ᠵᠢ ᠪᠤᠢ ᠪᠤᠯᠭ᠋ᠠᠵᠤ᠂ ᠨᠤᠳᠤᠭ ᠪᠡᠯᠴᠢᠬᠡᠷ᠎ᠤᠨ ᠠᠮᠢ ᠠᠬᠤᠢ ᠵᠢᠨ ᠪᠠᠶ᠋ᠢᠳᠠᠯ᠎ᠢ ᠴᠠᠭ ᠲᠤᠬᠠᠢ᠎ᠳᠤᠨᠢ ᠡᠵᠡᠮᠰᠢᠵᠤ᠂ ᠬᠤᠷᠸ᠎ᠠ ᠰᠢᠢ᠍ᠳᠪᠤᠷᠢᠳᠤ ᠪᠤᠳᠤᠯᠭ᠎ᠠ ᠲᠤᠭᠳᠠᠭ᠋ᠠᠬᠤ ᠪᠤᠯᠤᠨ ᠨᠤᠳᠤᠭ ᠪᠡᠯᠴᠢᠬᠡᠷ᠎ᠤᠨ ᠠᠮᠢ ᠠᠬᠤᠢ ᠵᠢᠨ ᠬᠠᠮᠠᠭ᠋ᠠᠯᠠᠯᠳᠡ ᠵᠢᠨ ᠪᠦᠳᠦᠭᠡᠨ ᠪᠠᠶ᠋ᠢᠭᠤᠯᠤᠯᠳᠡ ᠵᠢᠴᠢ ᠮᠠᠯ ᠠᠵᠤ ᠠᠬᠤᠢ ᠵᠢᠨ ᠤᠢ᠍ᠢ᠍ᠯᠡᠳᠪᠤᠷᠢᠯᠡᠯ᠎ᠳᠤ ᠴᠢᠬᠤᠯᠠ ᠤᠢ᠍ᠢ᠍ᠯᠡᠳᠤᠯ ᠦᠵᠡᠬᠦᠯᠦᠭᠰᠡᠨ ᠪᠠᠶ᠋ᠢᠨ᠎ᠠ᠃
      ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢ᠂ ᠮᠠᠨ᠎ᠤ ᠤᠷᠤᠨ ᠨᠤᠳᠤᠭ ᠪᠡᠯᠴᠢᠬᠡᠷ᠎ᠤᠨ ᠭᠤᠤᠯᠳᠠᠯᠭ᠎ᠠ᠎ᠲᠠᠢ ᠠᠮᠢ ᠠᠬᠤᠶ ᠵᠢᠨ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠳᠡ ᠵᠢ 5700 ᠭᠠᠷᠤᠶ ᠲᠦᠮᠡᠨ ᠮᠥ᠍ ᠪᠡᠶᠡᠯᠡᠬᠦᠯᠵᠤ᠂ 《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠲᠦᠯᠦᠪᠵᠢᠬᠦᠯᠭᠡ ᠵᠢᠨ ᠬᠤᠭᠤᠴᠠᠭ᠋ᠠᠨ᠎ᠳᠤ ᠵᠢᠯ ᠲᠤᠮᠳᠠᠴᠢ᠎ᠪᠠᠷ ᠬᠦᠮᠦᠨ᠎ᠤ ᠬᠦᠴᠦ᠎ᠪᠠᠷ 2900 ᠲᠦᠮᠡᠨ ᠮᠦ᠍ ᠡᠪᠡᠰᠤ ᠲᠠᠷᠢᠵᠤ᠂ ᠪᠦᠳᠦᠭᠡᠨ ᠪᠠᠶ᠋ᠢᠭᠤᠯᠤᠯᠳᠡ ᠵᠢᠨ ᠬᠡᠪᠴᠢᠶ᠎ᠠ᠎ᠨᠢ ᠪᠦᠬᠦ ᠤᠯᠤᠰ᠎ᠲᠤ ᠲᠦᠷᠦᠬᠦᠯᠡᠵᠡᠢ᠃
      ᠤᠷᠳᠤᠰ ᠬᠤᠳᠠ ᠵᠢᠨ ᠤᠳᠤᠭ᠎ᠤᠨ ᠡᠮᠤᠨᠡᠳᠤ ᠬᠤᠰᠢᠭᠤᠨ᠎ᠤ ᠰᠦᠯᠳᠡ ᠭᠠᠴᠠᠭ᠋ᠠᠨ᠎ᠤ ᠮᠠᠯᠴᠢᠨ ᠰᠠᠶ᠋ᠢᠰᠢᠶᠠᠯᠳᠤ ᠵᠢᠨ ᠨᠤᠳᠤᠭ᠎ᠲᠤ ᠬᠠᠷᠠᠭ᠎ᠠ ᠲᠦᠭᠦᠷᠡᠩ ᠬᠠᠷᠭ᠋ᠠᠨ᠎ᠠ ᠰᠠᠭᠯᠠᠶ᠋ᠢᠨ ᠤᠷᠭᠤᠵᠤ᠂ ᠮᠠᠩᠬᠠᠨ ᠨᠤᠳᠤᠭ᠎ᠲᠤ ᠠᠮᠢᠵᠢᠷᠠᠯ᠎ᠤᠨ ᠬᠦᠴᠦᠨ ᠪᠢᠯᠬᠠᠨ᠎ᠠ᠃ 2017 ᠤᠨ᠎ᠳᠤ ᠰᠠᠶ᠋ᠢᠰᠢᠶᠠᠯᠳᠤ ᠬᠤᠰᠢᠭᠤᠨ᠎ᠠᠴᠠ᠎ᠪᠠᠨ ᠬᠠᠷᠭ᠋ᠠᠨ᠎ᠠ ᠲᠠᠷᠢᠬᠤ ᠲᠦᠷᠦᠯ ᠵᠦᠢ᠍ᠯ᠎ᠢ ᠭᠤᠶᠤᠴᠢᠯᠠᠨ ᠤᠯᠵᠤ᠂ ᠦᠪᠡᠷ᠎ᠤᠨ 1800 ᠮᠦ᠍ ᠬᠠᠳᠤᠯᠠᠩ ᠪᠡᠯᠴᠢᠬᠡᠷ ᠲᠡᠭᠡᠷ᠎ᠠ᠎ᠪᠠᠨ ᠬᠠᠷᠭ᠋ᠠᠨ᠎ᠠ ᠲᠠᠷᠢᠵᠤ᠂ ᠮᠠᠯᠵᠢᠬᠤ᠎ᠪᠠᠨ ᠵᠤᠭᠰᠤᠨ ᠨᠤᠳᠤᠭ᠎ᠠᠴᠠ᠎ᠪᠠᠨ ᠨᠡᠬᠦᠵᠤ ᠨᠠᠷᠢᠯᠢᠭ ᠠᠷᠠᠴᠢᠯᠠᠵᠤ ᠬᠠᠮᠠᠭ᠋ᠠᠯᠠᠭᠰᠠᠨ ᠵᠶ᠋ᠠᠷ ᠬᠠᠷᠭ᠋ᠠᠨ᠎ᠠ ᠵᠢᠨ ᠡᠳᠡᠭᠡᠷᠡᠯᠳᠡ ᠵᠢᠨ ᠨᠤᠷᠮ᠎ᠠ᠎ᠨᠢ ᠰᠠᠶ᠋ᠢᠨ ᠪᠠᠶ᠋ᠢᠵᠤ᠂ ᠤᠳᠤ ᠪᠤᠯᠬᠤ᠎ᠳᠤ ᠮᠠᠩᠬᠠᠨ ᠨᠤᠳᠤᠭ᠎ᠨᠢ ᠨᠤᠮᠢᠨ ᠨᠤᠭᠤᠭ᠋ᠠᠨ ᠦᠩᠭᠡ᠎ᠪᠠᠷ ᠬᠤᠴᠢᠭᠳᠠᠪᠠ᠃ ᠠᠮᠢ ᠠᠬᠤᠢ ᠰᠠᠶ᠋ᠢᠵᠢᠷᠠᠬᠤ ᠵᠢ ᠲᠠᠭ᠋ᠠᠯᠳᠤᠨ ᠮᠠᠯᠴᠢᠨ ᠲᠠᠷᠢᠶᠠᠴᠢᠨ᠎ᠤ ᠤᠢ᠍ᠢ᠍ᠯᠡᠳᠪᠤᠷᠢᠯᠡᠯ ᠠᠮᠢᠳᠤᠷᠠᠯ᠎ᠳᠤ ᠬᠤᠪᠢᠷᠠᠯᠳᠡ ᠭᠠᠷᠴᠤ᠂ ᠨᠤᠳᠤᠭ ᠵᠶ᠋ᠠᠨ ᠬᠠᠮᠠᠭ᠋ᠠᠯᠠᠬᠤ ᠦᠵᠡᠯ ᠤᠬᠠᠮᠰᠠᠷ᠎ᠨᠢ ᠲᠡᠭᠡᠭᠰᠢᠯᠡᠵᠤ᠂ ᠪᠡᠯᠴᠢᠭᠡᠷᠯᠡᠬᠦᠯᠬᠦ ᠵᠢ ᠵᠤᠭᠰᠤᠭ᠋ᠠᠵᠤ ᠪᠡᠯᠴᠢᠬᠡᠷ᠎ᠢ ᠰᠡᠷᠬᠦᠬᠡᠬᠦ᠂ ᠰᠠᠯᠬᠦᠨ ᠮᠠᠯᠵᠢᠬᠤ᠂ ᠪᠡᠯᠴᠢᠬᠡᠷ ᠵᠶ᠋ᠠᠨ ᠬᠡᠰᠡᠭᠯᠡᠨ ᠰᠡᠯᠬᠦᠨ ᠮᠠᠯᠵᠢᠬᠤ ᠪᠠ ᠬᠠᠰᠢᠶᠠᠯᠠᠨ ᠲᠡᠵᠢᠭᠡᠬᠦ ᠵᠡᠷᠭᠡ ᠬᠡᠯᠪᠡᠷᠢ᠎ᠪᠠᠷ ᠮᠠᠯ ᠪᠡᠯᠴᠢᠬᠡᠷ᠎ᠤᠨ ᠲᠡᠩᠴᠡᠬᠦᠷᠢ ᠵᠢ ᠵᠤᠬᠢᠴᠠᠭᠤᠯᠤᠭᠰᠠᠨ ᠪᠠᠶ᠋ᠢᠨ᠎ᠠ᠃

    ᠨᠤᠳᠤᠭ ᠪᠡᠯᠴᠢᠬᠡᠷ᠎ᠤᠨ ᠬᠠᠤᠯᠢ ᠲᠦᠷᠢᠮ᠎ᠤᠨ ᠪᠠᠶ᠋ᠢᠭᠤᠯᠤᠯᠳᠡ ᠳᠡᠭᠦᠯᠳᠡᠷᠵᠢᠪᠡ
    ᠰᠢᠯᠢ ᠵᠢᠨ ᠭᠤᠤᠯ ᠠᠶ᠋ᠢᠮᠠᠭ᠎ᠤᠨ ᠰᠢᠯᠤᠭᠤᠨ ᠬᠦᠬᠡ ᠬᠤᠰᠢᠭᠤᠨ᠎ᠤ ᠪᠤᠱ᠌ᠤᠤᠳᠠᠢ ᠰᠤᠮᠤᠨ᠎ᠤ ᠪᠠᠶᠠᠨᠪᠤᠯᠠᠭ ᠭᠠᠴᠠᠭ᠎ᠠ ᠪᠤᠯ ᠤᠷᠤᠨ ᠨᠤᠳᠤᠭ᠎ᠤᠨ ᠪᠤᠳᠠᠳᠤ ᠪᠠᠶ᠋ᠢᠳᠠᠯ ᠵᠶ᠋ᠠᠨ ᠦᠨᠳᠦᠰᠦᠯᠡᠨ ᠬᠤᠨᠢ᠎ᠪᠠᠨ ᠴᠦᠭᠡᠴᠢᠯᠡᠵᠤ᠂ ᠦᠬᠡᠷ ᠭᠤᠤᠯᠳᠡᠢ ᠮᠠᠯᠵᠢᠵᠤ ᠪᠠᠶ᠋ᠢᠭ᠎ᠠ ᠨᠤᠳᠤᠭ ᠪᠤᠯᠤᠨ᠎ᠠ᠃ 《ᠤᠳᠤ ᠮᠠᠨ᠎ᠤ ᠭᠠᠴᠠᠭ᠋ᠠᠨ᠎ᠤ ᠮᠠᠯ᠎ᠤᠨ ᠲᠤᠭ᠎ᠠ ᠲᠤᠯᠤᠭ᠋ᠠᠢ ᠦᠨᠳᠦᠰᠦᠨ᠎ᠳᠡᠭᠡᠨ ᠲᠤᠭᠳᠠᠪᠤᠷᠢᠵᠢᠵᠤ᠂ ᠮᠠᠯ᠎ᠤᠨ ᠴᠢᠨᠠᠷ ᠴᠢᠨᠰᠠᠭ᠎ᠠ᠂ ᠪᠦᠳᠦᠴᠡ᠎ᠳᠤ ᠢᠯᠡᠷᠬᠡᠢ ᠬᠤᠪᠢᠷᠠᠯᠳᠡ ᠭᠠᠷᠴᠤ᠂ ᠶᠡᠷᠡᠭᠡᠳ ᠤᠨ᠎ᠤ ᠦᠶ᠎ᠠ ᠵᠢᠨ ᠲᠦᠮᠡᠨ ᠲᠤᠯᠤᠭ᠋ᠠᠢ ᠮᠠᠯ᠎ᠤᠨ ᠤᠯᠠᠩᠬᠢ᠎ᠨᠢ ᠪᠤᠭ ᠮᠠᠯ ᠪᠠᠶ᠋ᠢᠭᠰᠠᠨ ᠪᠤᠯ ᠤᠳᠤ ᠪᠤᠯᠬᠤ᠎ᠳᠤ ᠤᠯᠠᠩᠬᠢ᠎ᠨᠢ ᠪᠤᠳᠠ ᠮᠠᠯ ᠪᠤᠯᠵᠡᠢ᠂ ᠮᠠᠯ ᠠᠷᠪᠢᠨ ᠪᠤᠯ ᠵᠠᠷᠤᠳᠡᠯ ᠠᠷᠪᠢᠨ᠂ ᠮᠠᠯ᠎ᠤᠨ ᠲᠠᠷ ᠲᠡᠩᠬᠡᠬᠡ ᠮᠠᠭᠤ ᠪᠤᠯ ᠲᠦᠯᠯᠡᠬᠦ ᠨᠤᠷᠮ᠎ᠠ ᠲᠤᠷᠤᠭᠰᠢᠯᠠᠨ᠎ᠠ᠃ ᠨᠤᠳᠤᠭ ᠪᠡᠯᠴᠢᠬᠡᠷ᠎ᠲᠡᠭᠡᠨ ᠲᠤᠬᠢᠷᠠᠭᠤᠯᠤᠨ ᠮᠠᠯ᠎ᠤᠨ ᠵᠶ᠋ᠠᠨ ᠲᠤᠭ᠎ᠠ ᠲᠤᠯᠤᠭ᠋ᠠᠢ ᠵᠢ ᠲᠡᠩᠴᠡᠬᠦᠯᠪᠡᠯ ᠵᠠᠷᠤᠳᠡᠯ ᠪᠠᠭ᠎ᠠ ᠮᠦᠷᠳᠡᠭᠡᠨ ᠲᠦᠯᠯᠡᠬᠦ ᠨᠤᠷᠮ᠎ᠠ ᠦᠨᠳᠤᠷ ᠪᠤᠯᠵᠤ᠂ ᠤᠷᠤᠯᠭ᠎ᠠ᠎ᠪᠠᠨ ᠨᠡᠮᠡᠭᠳᠡᠭᠦᠯᠵᠤ ᠲᠡᠶ᠋ᠢᠯᠭᠦ ᠮᠦᠷᠳᠡᠭᠡᠨ ᠨᠤᠳᠤᠬ ᠪᠡᠯᠴᠢᠭᠡᠷ ᠵᠶ᠋ᠠᠨ ᠴᠤ᠌ ᠨᠡᠩ ᠰᠡᠶ᠋ᠢᠨ ᠬᠠᠮᠠᠭ᠋ᠠᠯᠠᠵᠤ ᠴᠢᠳᠠᠨ᠎ᠠ》 ᠬᠡᠵᠤ ᠪᠠᠶᠠᠨᠪᠤᠯᠠᠭ ᠭᠠᠴᠠᠭ᠋ᠠᠨ᠎ᠤ ᠨᠠᠮ᠎ᠤᠨ ᠡᠬᠦᠷ᠎ᠤᠨ ᠲᠡᠳ᠋ ᠱᠦᠵᠢ ᠬᠡᠷᠡᠯ ᠮᠠᠯ ᠪᠡᠯᠴᠢᠬᠡᠷ᠎ᠤᠨ ᠲᠡᠩᠴᠡᠬᠦᠷᠢ ᠵᠢ ᠪᠠᠳᠤᠯᠠᠬᠤ ᠴᠢᠬᠤᠯᠠ ᠴᠢᠨᠠᠷ᠎ᠤᠨ ᠲᠤᠬᠠᠢ ᠶᠠᠷᠢᠨ᠎ᠠ᠃
     2015 ᠣᠨ᠎ᠳᠤ᠂ ᠮᠢᠬᠠᠨ᠎ᠤ ᠬᠤᠨᠢᠨ᠎ᠤ ᠠᠵᠤ ᠦᠢ᠍ᠯᠡᠰ᠎ᠤᠨ ᠨᠦᠯᠦᠭᠡᠯᠡᠯ᠎ᠳᠤ ᠤᠴᠠᠷᠠᠭᠰᠠᠨ᠂ ᠳᠠᠭ᠋ᠠᠭ᠋ᠠᠴᠠ᠎ᠠᠴᠠ ᠬᠡᠲᠦᠷᠡᠲᠡᠯ᠎ᠡ ᠮᠠᠯᠵᠢᠭᠰᠠᠨ ᠵᠡᠷᠭᠡ ᠠᠰᠢᠭ ᠦᠭᠡᠢ ᠪᠠᠶ᠋ᠢᠳᠠᠯ᠎ᠳᠤ ᠴᠢᠭᠯᠡᠭᠦᠯᠦᠨ᠂ ᠰᠢᠯᠢ ᠵᠢᠨ ᠭᠤᠤᠯ ᠠᠶ᠋ᠢᠮᠠᠭ ᠮᠠᠯ ᠠᠵᠤ ᠠᠬᠤᠢ ᠵᠢᠨ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠵᠢᠨ ᠲᠠᠭ᠋ᠠᠤ 《ᠬᠤᠨᠢ ᠵᠢ ᠴᠥᠭᠡᠳᠬᠡᠵᠦ ᠦᠬᠡᠷ᠎ᠢ ᠨᠡᠮᠡᠭᠳᠡᠭᠦᠯᠬᠦ》 ᠪᠠᠶ᠋ᠢᠯᠳᠤᠬᠤ ᠪᠣᠳᠣᠯᠭ᠎ᠠ ᠵᠢ ᠳᠤᠷᠠᠳᠴᠤ᠂ ᠠᠩᠭᠧᠰ᠂ ᠰᠢᠮᠧᠨ᠋ᠳᠡᠷ ᠵᠡᠷᠭᠡ ᠰᠠᠶ᠋ᠢᠨ ᠡᠭᠦᠯᠳᠡᠷ᠎ᠤᠨ ᠮᠢᠬᠠᠨ᠎ᠤ ᠦᠬᠡᠷ᠎ᠢ 3.2 ᠲᠦᠮᠡᠨ ᠲᠤᠯᠤᠭ᠋ᠠᠢ ᠣᠷᠣᠭᠤᠯᠵᠤ᠂ ᠤᠯᠠᠮᠵᠢᠯᠠᠯᠲᠤ ᠮᠠᠯ ᠠᠵᠤ ᠠᠬᠤᠢ ᠵᠢ ᠣᠳᠣ ᠦᠶ᠎ᠡ ᠵᠢᠨ ᠮᠠᠯ ᠠᠵᠤ ᠠᠬᠤᠢ ᠲᠡᠶ᠋ᠢᠰᠢ ᠬᠤᠪᠢᠷᠠᠭᠤᠯᠤᠨ ᠳᠡᠰ ᠳᠡᠪᠰᠢᠭᠦᠯᠬᠦ ᠵᠢ ᠲᠦᠷᠭᠡᠳᠬᠡᠪᠡ᠃ ᠮᠥᠨ ᠲᠤᠰ ᠵᠢᠯ ᠰᠢᠯᠢ ᠵᠢᠨ ᠭᠤᠤᠯ ᠠᠶ᠋ᠢᠮᠠᠭ ᠪᠦᠬᠦ ᠤᠷᠤᠨ᠎ᠤ ᠬᠡᠪᠴᠢᠶᠡᠡ᠎ᠳᠤ ᠠᠩᠬ᠎ᠠ ᠤᠳᠠᠭ᠎ᠠ ᠠᠶ᠋ᠢᠮᠠᠭ ᠬᠤᠰᠢᠭᠤ ᠬᠤᠶᠠᠷ ᠱᠠᠲᠤᠨ᠎ᠤ ᠠᠮᠢ ᠠᠬᠤᠶ ᠵᠢ ᠬᠠᠮᠠᠭ᠋ᠠᠯᠠᠬᠤ ᠲᠤᠰᠬᠠᠶ ᠪᠠᠶ᠋ᠢᠭᠤᠯᠤᠮᠵᠢ ᠪᠠᠶ᠋ᠢᠭᠤᠯᠵᠤ᠂ ᠳᠥᠷᠪᠡᠨ ᠱᠠᠲᠤᠨ᠎ᠤ ᠨᠤᠲᠤᠭ ᠪᠡᠯᠴᠢᠭᠡᠷ᠎ᠤᠨ ᠠᠮᠢ ᠠᠬᠤᠶ ᠵᠢ ᠬᠠᠮᠠᠭ᠋ᠠᠯᠠᠬᠤ ᠬᠢᠨᠠᠨ ᠬᠠᠮᠢᠶᠠᠷᠤᠯᠲᠠ ᠵᠢᠨ ᠲᠤᠭᠳᠠᠴᠠ ᠵᠢ ᠪᠠᠶ᠋ᠢᠭᠤᠯᠵᠥ᠂ ᠠᠮᠢ ᠠᠬᠤᠶ ᠵᠢᠨ ᠬᠢᠨᠠᠨ ᠬᠠᠮᠢᠶᠠᠷᠤᠯᠲᠠ ᠵᠢᠨ ᠬᠠᠤᠯᠢ ᠬᠡᠷᠡᠭᠵᠢᠭᠦᠯᠦᠯᠲᠡ᠎ᠳᠤ ᠰᠠᠨᠠᠭ᠋ᠠᠴᠢᠯᠠᠭ᠎ᠠ ᠥᠬᠡᠶ ᠪᠠᠶ᠋ᠢᠭᠰᠠᠨ ᠪᠠᠶ᠋ᠢᠳᠠᠯ᠎ᠢ ᠦᠨᠳᠦᠰᠤᠨ᠎ᠠᠴᠠ᠎ᠨᠢ ᠬᠤᠪᠢᠷᠠᠭᠤᠯᠵᠤ ᠡᠬᠢᠯᠡᠪᠡ᠃



      ᠮᠠᠨ᠎ᠤ ᠤᠷᠤᠨ ᠨᠤᠳᠤᠭ ᠪᠡᠯᠴᠢᠬᠡᠷ᠎ᠤᠨ ᠬᠠᠤᠯᠢ ᠲᠤᠭᠳᠠᠭ᠋ᠠᠯ᠎ᠢ ᠢᠵᠢ ᠪᠦᠷᠢᠳᠦᠬᠦᠯᠦᠨ ᠬᠠᠤᠯᠢ᠎ᠪᠠᠷ ᠬᠢᠨᠡᠯᠳᠡ ᠲᠠᠯᠪᠢᠬᠤ ᠵᠢ ᠴᠢᠩᠭ᠋ᠠᠳᠬᠠᠵᠤ᠂ ᠤᠳᠤᠬᠠᠨ᠎ᠳᠤ 《ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠮᠠᠯ ᠪᠡᠯᠴᠢᠬᠡᠷ᠎ᠢ ᠲᠡᠩᠴᠡᠬᠦᠷᠢᠰᠢᠬᠦᠯᠬᠦ ᠪᠠ ᠪᠡᠯᠴᠢᠭᠡᠷᠯᠡᠬᠦᠯᠬᠦ ᠵᠢ ᠵᠤᠭᠰᠤᠭ᠋ᠠᠵᠤ ᠪᠡᠯᠴᠢᠬᠡᠷ᠎ᠢ ᠰᠡᠷᠬᠦᠬᠡᠬᠦ ᠲᠦᠷᠢᠮ (ᠨᠤᠤᠷᠠᠭ)》᠎ᠢ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠲᠦᠯᠦᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ᠎ᠳᠤ ᠲᠤᠰᠢᠶᠠᠵᠤ᠂ 2020 ᠤᠨ᠎ᠤ ᠭᠤᠤᠯᠳᠠᠯᠭ᠎ᠠ᠎ᠲᠠᠢ ᠬᠠᠤᠯᠢ ᠲᠤᠭᠳᠠᠭ᠋ᠠᠬᠤ ᠪᠠᠶ᠋ᠢᠴᠠᠭ᠋ᠠᠨ ᠰᠤᠳᠤᠯᠬᠤ ᠲᠦᠷᠦᠯ ᠵᠦᠢ᠍ᠯ ᠪᠤᠯᠭ᠋ᠠᠵᠡᠢ᠃ ᠨᠤᠳᠤᠭ ᠪᠡᠯᠴᠢᠬᠡᠷ᠎ᠤᠨ ᠬᠠᠤᠯᠢ ᠲᠦᠷᠢᠮ᠎ᠤᠨ ᠪᠠᠶ᠋ᠢᠭᠤᠯᠤᠯᠳᠡ ᠵᠢ ᠴᠢᠩᠭ᠋ᠠᠳᠬᠠᠵᠤ᠂ 《ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠨᠤᠳᠤᠭ ᠪᠡᠯᠴᠢᠬᠡᠷ᠎ᠤᠨ ᠬᠠᠮᠢᠶᠠᠷᠤᠯᠳᠡ ᠵᠢᠨ ᠲᠦᠷᠢᠮ》 ᠪᠠ 《ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠨᠤᠳᠤᠭ ᠪᠡᠯᠴᠢᠬᠡᠷ᠎ᠤᠨ ᠬᠠᠮᠢᠶᠠᠷᠤᠯᠳᠡ ᠵᠢᠨ ᠲᠦᠷᠢᠮ᠎ᠢ ᠬᠡᠷᠡᠭᠵᠢᠬᠦᠯᠬᠦ ᠨᠠᠷᠢᠨ ᠲᠦᠷᠢᠮ》 ᠵᠡᠷᠭᠡ ᠬᠠᠤᠯᠢ ᠲᠦᠷᠢᠮ ᠲᠤᠭᠳᠠᠭ᠋ᠠᠯ᠎ᠳᠤ ᠵᠠᠰᠠᠪᠤᠷᠢ ᠤᠷᠤᠭᠤᠯᠤᠭᠰᠠᠨ᠎ᠤ ᠰᠠᠭᠤᠷᠢᠨ ᠲᠡᠭᠡᠷ᠎ᠠ 2012 ᠤᠨ᠎ᠳᠤ 《ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠦᠨᠳᠦᠰᠦᠨ ᠨᠤᠳᠤᠭ ᠪᠡᠯᠴᠢᠬᠡᠷ᠎ᠢ ᠬᠠᠮᠠᠭ᠋ᠠᠯᠠᠬᠤ ᠲᠦᠷᠢᠮ》᠎ᠢ ᠪᠦᠬᠦ ᠤᠯᠤᠰ᠎ᠲᠤ ᠲᠦᠷᠦᠬᠦᠯᠡᠨ ᠨᠡᠶ᠋ᠢᠳᠡᠯᠡᠵᠤ᠂ ᠨᠤᠳᠤᠭ ᠪᠡᠯᠴᠢᠬᠡᠷ᠎ᠢ ᠬᠠᠤᠯᠢ ᠶᠤᠰᠤᠭ᠋ᠠᠷ ᠬᠠᠮᠠᠭ᠋ᠠᠯᠠᠬᠤ᠎ᠳᠤ ᠪᠠᠳᠤ ᠪᠠᠬᠢ ᠬᠠᠤᠯᠢᠵᠢᠯ᠎ᠤᠨ ᠰᠠᠭᠤᠷᠢ ᠵᠢ ᠬᠠᠩᠭ᠋ᠠᠨ᠂ ᠨᠤᠳᠤᠭ ᠪᠡᠯᠴᠢᠬᠡᠷ᠎ᠤᠨ ᠬᠠᠤᠯᠢ ᠲᠤᠭᠳᠠᠭ᠋ᠠᠬᠤ ᠲᠠᠯ᠎ᠠ᠎ᠪᠠᠷ 《ᠨᠢᠭᠡ ᠬᠠᠤᠯᠢ ᠬᠤᠶᠠᠷ ᠲᠦᠷᠢᠮ ᠬᠤᠶᠠᠷ ᠲᠤᠭᠳᠠᠭ᠋ᠠᠯ》᠎ᠤᠨ ᠨᠡᠯᠢᠶᠡᠳ ᠪᠦᠷᠢᠨ ᠲᠡᠬᠦᠯᠳᠡᠷ ᠬᠠᠤᠯᠢᠵᠢᠯ᠎ᠤᠨ ᠰᠢᠰᠲ᠋ᠧᠮ᠎ᠢ ᠪᠤᠢ ᠪᠤᠯᠭ᠋ᠠᠵᠡᠢ᠃ ᠮᠠᠨ᠎ᠤ ᠤᠷᠤᠨ ᠨᠤᠳᠤᠭ ᠪᠡᠯᠴᠢᠬᠡᠷ᠎ᠢ ᠲᠤᠰᠬᠠᠢ ᠠᠵᠢᠯ ᠵᠶ᠋ᠠᠷ ᠬᠠᠮᠢᠶᠠᠷᠤᠨ ᠬᠠᠮᠠᠭ᠋ᠠᠯᠠᠬᠤ ᠲᠦᠷᠢᠮ᠎ᠢ ᠬᠡᠷᠡᠭᠵᠢᠬᠦᠯᠵᠤ᠂ ᠪᠦᠬᠦ ᠤᠷᠤᠨ᠎ᠤ ᠬᠡᠪᠴᠢᠶᠡᠨ᠎ᠳᠤ ᠵᠢᠯ ᠪᠦᠷᠢ ᠨᠤᠳᠤᠭ ᠪᠡᠯᠴᠢᠬᠡᠷ᠎ᠢ ᠬᠢᠨᠠᠨ ᠬᠠᠮᠢᠶᠠᠷᠬᠤ 2700 ᠭᠠᠷᠤᠢ ᠠᠵᠢᠯᠳᠡᠨ᠎ᠢ ᠤᠷᠢᠨ ᠬᠡᠷᠡᠭᠯᠡᠵᠤ᠂ ᠬᠢᠨᠠᠨ ᠬᠠᠮᠢᠶᠠᠷᠬᠤ ᠬᠡᠪᠴᠢᠶ᠎ᠠ ᠵᠢ ᠤᠤᠯ᠎ᠤᠨ ᠬᠦᠮᠦᠨ ᠪᠦᠷᠢ᠎ᠳᠤ 80 ᠲᠦᠮᠡᠨ ᠮᠦ᠍ ᠨᠤᠭᠳᠠᠵᠤ ᠪᠠᠶ᠋ᠢᠭᠰᠠᠨ᠎ᠢ 28 ᠲᠦᠮᠡᠨ ᠮᠦ᠍ ᠪᠤᠯᠭ᠋ᠠᠨ ᠪᠠᠭ᠋ᠠᠰᠬᠠᠵᠡᠢ᠃ ᠦᠪᠡᠷᠳᠡᠭᠡᠨ ᠵᠠᠰᠠᠬᠤ ᠤᠷᠤᠨ᠂ ᠠᠶ᠋ᠢᠮᠠᠭ ᠬᠤᠳᠠ᠂ ᠬᠤᠰᠢᠭᠤ ᠰᠢᠶᠠᠨ᠂ ᠰᠤᠮᠤ ᠰᠢᠶᠠᠩ ᠪᠠᠯᠭ᠋ᠠᠰᠤ ᠵᠡᠷᠭᠡ ᠲᠦᠷᠪᠡᠨ ᠱᠠᠳᠤᠨ᠎ᠤ ᠬᠠᠤᠯᠢ ᠬᠡᠷᠡᠭᠵᠢᠬᠦᠯᠬᠦ ᠰᠢᠰᠲ᠋ᠧᠮ᠎ᠢ ᠪᠦᠷᠢᠯᠳᠦᠬᠦᠯᠵᠤ᠂ ᠬᠤᠰᠢᠭᠤ ᠰᠢᠶᠠᠨ ᠬᠡᠷᠡᠭ᠎ᠢ ᠰᠢᠢ᠍ᠳᠪᠤᠷᠢᠯᠡᠨ᠂ ᠠᠶ᠋ᠢᠮᠠᠭ ᠬᠤᠳᠠ ᠠᠵᠢᠯ᠎ᠢ ᠵᠤᠬᠢᠴᠠᠭᠤᠯᠵᠤ᠂ ᠦᠪᠡᠷᠳᠡᠭᠡᠨ ᠵᠠᠰᠠᠬᠤ ᠤᠷᠤᠨ ᠬᠢᠨᠠᠯᠳᠡ ᠲᠠᠯᠪᠢᠬᠤ ᠠᠵᠢᠯ᠎ᠤᠨ ᠲᠤᠭᠳᠠᠴᠡ ᠵᠢ ᠪᠠᠶ᠋ᠢᠭᠤᠯᠵᠤ᠂ ᠵᠢᠯ ᠪᠦᠷᠢ ᠪᠠᠶ᠋ᠢᠴᠠᠭ᠋ᠠᠠ ᠰᠢᠢ᠍ᠳᠪᠤᠷᠢᠯᠡᠭᠰᠡᠨ ᠨᠤᠷᠮ᠎ᠠ ᠪᠦᠷ 98% ᠵᠢ ᠲᠠᠪᠠᠵᠡᠢ᠃
      ᠮᠠᠨ᠎ᠤ ᠤᠷᠤᠨ ᠪᠡᠭᠡᠵᠢᠩ ᠲᠢᠶᠠᠨᠵᠢᠨ᠎ᠤ ᠡᠷᠬᠢᠨ ᠲᠤᠭᠤᠷᠢᠨ᠎ᠤ ᠡᠯᠡᠰᠦ ᠪᠡ ᠰᠠᠯᠬᠢᠨ᠎ᠤ ᠡᠬᠢ ᠵᠢ ᠵᠠᠰᠠᠬᠤ᠂ ᠪᠡᠯᠴᠢᠬᠡᠷᠯᠡᠬᠦᠯᠬᠦ ᠵᠢ ᠵᠣᠭᠰᠣᠭ᠋ᠠᠵᠤ ᠪᠡᠯᠴᠢᠭᠡᠷ᠎ᠢ ᠰᠡᠷᠭᠦᠭᠡᠬᠦ᠂ ᠲᠠᠷᠢᠶᠠᠯᠠᠬᠤ ᠵᠢ ᠵᠣᠭᠰᠣᠭ᠋ᠠᠵᠤ ᠡᠪᠡᠰᠤ ᠮᠤᠳᠤ ᠲᠠᠷᠢᠬᠤ ᠵᠡᠷᠭᠡ ᠨᠤᠲᠤᠭ ᠪᠡᠯᠴᠢᠭᠡᠷ᠎ᠤᠨ ᠠᠮᠢ ᠠᠬᠤᠶ ᠵᠢ ᠬᠠᠮᠠᠭ᠋ᠠᠯᠠᠨ ᠰᠡᠷᠭᠦᠭᠡᠬᠦ ᠢᠨᠵᠧᠨᠧᠷᠢᠩ᠎ᠢ ᠮᠠᠯᠵᠢᠬᠤ ᠣᠷᠣᠨ᠎ᠳᠤ ᠦᠨᠳᠦᠰᠦᠨ᠎ᠳᠡᠭᠡᠨ ᠪᠦᠷᠬᠦᠬᠦᠯᠪᠡ᠃ ᠪᠡᠯᠴᠢᠬᠡᠷᠯᠡᠬᠦᠯᠬᠦ ᠵᠢ ᠵᠤᠭᠰᠤᠭ᠋ᠠᠵᠤ ᠪᠡᠯᠴᠢᠬᠡᠷ᠎ᠢ ᠰᠡᠷᠬᠦᠬᠡᠬᠦ ᠢᠨᠵᠧᠨᠧᠷᠢᠩ ᠵᠶ᠋ᠠᠷ ᠵᠢᠱ᠌ᠢᠶᠡᠯᠡᠬᠦ᠎ᠳᠤ ᠢᠨᠵᠧᠨᠧᠷᠢᠩ᠎ᠤᠨ ᠤᠷᠭᠤᠮᠠᠯ᠎ᠤᠨ ᠤᠷᠭᠤᠯᠳᠡ 25 ᠰᠡᠨᠲ᠋ᠢᠮᠧᠳ᠋ᠷ᠂ ᠤᠷᠭᠤᠮᠠᠯ᠎ᠤᠨ ᠪᠦᠷᠬᠦᠴᠡ 70%᠂ ᠮᠦ᠍ ᠪᠦᠷᠢ᠎ᠳᠤ 93 ᠺᠢᠯᠦᠭᠷᠠᠮ ᠡᠪᠡᠰᠤᠨ᠎ᠤ ᠤᠨᠠᠯᠳᠡ ᠵᠢ ᠪᠡᠶᠡᠯᠡᠬᠦᠯᠵᠤ᠂ ᠢᠨᠵᠧᠨᠧᠷᠢᠩ᠎ᠤᠨ ᠤᠷᠤᠨ᠎ᠤ ᠭᠠᠳᠠᠨᠡᠬᠢ᠎ᠠᠴᠠ ᠲᠤᠰ ᠲᠤᠰ 61%᠂ 24%᠂ 52% ᠵᠶ᠋ᠠᠷ ᠨᠡᠮᠡᠭᠳᠡᠭᠦᠯᠪᠡ᠃ ᠢᠨᠵᠧᠨᠧᠷᠢᠩ᠎ᠤᠨ ᠪᠦᠳᠦᠭᠡᠨ ᠪᠠᠶ᠋ᠢᠭᠤᠯᠤᠯᠳᠡ ᠵᠢᠨ ᠲᠠᠭ᠋ᠠᠭᠤᠯᠭ᠎ᠠ᠎ᠪᠠᠷ ᠪᠦᠬᠦ ᠤᠷᠤᠨ᠎ᠤ ᠨᠤᠳᠤᠭ ᠪᠡᠯᠴᠢᠬᠡᠷ᠎ᠤᠨ ᠪᠦᠳᠦᠭᠡᠨ ᠪᠠᠶ᠋ᠢᠭᠤᠯᠤᠯᠳᠡ ᠵᠢᠨ ᠠᠵᠢᠯ ᠴᠤ ᠰᠢᠨ᠎ᠠ ᠬᠦᠭᠵᠢᠯᠳᠡ ᠵᠢᠨ ᠱᠠᠳᠤᠨ᠎ᠳᠤ ᠤᠷᠤᠭᠰᠠᠨ ᠪᠠᠶ᠋ᠢᠨ᠎ᠠ᠃
      ᠨᠤᠳᠤᠭ ᠪᠡᠯᠴᠢᠬᠡᠷ᠎ᠢ ᠬᠠᠮᠠᠭ᠋ᠠᠯᠠᠨ ᠰᠡᠷᠬᠦᠭᠡᠵᠤ ᠠᠰᠢᠬᠯᠠᠬᠤ ᠬᠠᠷᠠᠯᠳᠡ ᠲᠤᠳᠤᠷᠬᠠᠢ ᠪᠤᠯᠪᠠ
      ᠨᠤᠳᠤᠭ ᠪᠡᠯᠴᠢᠬᠡᠷ ᠪᠤᠯ ᠮᠠᠨ᠎ᠤ ᠤᠷᠤᠨ᠎ᠤ ᠲᠠᠯᠠᠪᠠᠢ᠎ᠪᠠᠷ ᠬᠠᠮᠤᠭ᠎ᠤᠨ ᠶᠡᠭᠡ ᠪᠠᠶ᠋ᠢᠭ᠋ᠠᠯᠢ ᠵᠢᠨ ᠡᠬᠢ ᠪᠠᠶᠠᠯᠢᠭ ᠪᠤᠯᠤᠨ᠎ᠠ᠃ ᠨᠤᠳᠤᠭ ᠪᠡᠯᠴᠢᠬᠡᠷ᠎ᠤᠨ ᠠᠮᠢ ᠠᠬᠤᠢ ᠵᠢ ᠬᠠᠮᠠᠭ᠋ᠠᠯᠠᠨ ᠰᠡᠷᠬᠦᠭᠡᠬᠦ ᠠᠵᠢᠯ᠎ᠨᠢ ᠡᠬᠡ ᠤᠯᠤᠰ᠎ᠤᠨ ᠤᠮᠠᠷᠠᠳᠤ ᠵᠢᠨ ᠲᠦᠮᠡᠨ ᠭᠠᠵᠠᠷ᠎ᠤᠨ ᠨᠤᠮᠢᠨ ᠨᠤᠭᠤᠭ᠋ᠠᠨ ᠤᠷᠳᠤ ᠴᠠᠭ᠋ᠠᠨ ᠬᠡᠷᠡᠮ᠎ᠢ ᠴᠤᠭᠴᠠᠯᠠᠨ ᠪᠠᠶ᠋ᠢᠭᠤᠯᠬᠤ᠎ᠲᠠᠢ ᠬᠤᠯᠪᠤᠭᠳᠠᠬᠤ᠎ᠪᠠᠷ ᠪᠠᠷᠠᠬᠤ ᠦᠬᠡᠢ ᠮᠠᠯᠴᠢᠨ ᠲᠠᠷᠢᠶᠠᠴᠢᠨ᠎ᠤ ᠤᠢ᠍ᠢ᠍ᠯᠡᠳᠪᠤᠷᠢᠯᠡᠯ ᠠᠮᠢᠳᠤᠷᠠᠯ ᠪᠤᠯᠤᠨ ᠬᠢᠯᠢ ᠬᠢᠵᠠᠭ᠋ᠠᠷ᠎ᠤᠨ ᠠᠮᠤᠷ ᠲᠤᠭᠳᠠᠭᠤᠨ᠎ᠲᠠᠢ ᠬᠤᠯᠪᠤᠭᠳᠠᠨ᠎ᠠ᠃ ᠲᠠᠷᠠᠭ᠋ᠠᠴᠢ ᠵᠢᠨ ᠠᠯᠬᠤᠮ᠎ᠳᠤ᠂ ᠮᠠᠨ᠎ᠤ ᠤᠷᠤᠨ 《ᠠᠷᠪᠡᠨ ᠲᠦᠷᠪᠡᠳᠤᠭᠡᠷ ᠲᠠᠪᠤᠨ ᠵᠢᠯ》᠎ᠤᠨ ᠨᠤᠳᠤᠬ ᠪᠡᠯᠴᠢᠭᠡᠷ᠎ᠤᠨ ᠠᠮᠢ ᠠᠬᠤᠢ ᠵᠢ ᠬᠠᠮᠠᠭ᠋ᠠᠯᠠᠨ ᠰᠡᠷᠭᠦᠭᠡᠭᠦ ᠲᠦᠯᠦᠪᠵᠢᠭᠦᠯᠭᠡ ᠵᠢ ᠨᠠᠷᠢᠯᠢᠬ ᠵᠤᠭᠢᠶᠡᠨ ᠲᠤᠭᠤᠷᠪᠢᠵᠤ᠂ ᠨᠤᠳᠤᠭ ᠪᠡᠯᠴᠢᠬᠡᠷ᠎ᠢ ᠬᠠᠮᠠᠭ᠋ᠠᠯᠠᠨ ᠰᠡᠷᠭᠦᠭᠡᠭᠦ ᠭᠦᠴᠦᠯᠡᠴᠠ᠎ᠪᠠᠨ ᠴᠢᠩᠭ᠋ᠠᠤᠨᠬᠠᠵᠤ᠂ ᠨᠤᠳᠤᠬ ᠪᠡᠯᠴᠢᠭᠡᠷ᠎ᠤᠨ ᠠᠮᠢ ᠠᠬᠤᠢ ᠵᠢᠨ ᠬᠠᠮᠠᠭ᠋ᠠᠯᠠᠯᠳᠠ ᠪᠡ ᠰᠡᠷᠭᠦᠭᠡᠯᠳᠠ ᠵᠢ ᠪᠦᠭᠦ ᠲᠠᠯ᠎ᠠ᠎ᠪᠠᠷ ᠠᠬᠢᠭᠤᠯᠬᠤ᠎ᠪᠠᠷ ᠦᠷᠬᠦᠯᠵᠢᠯᠡᠨ ᠲᠡᠮᠡᠴᠡᠨ᠂ ᠨᠤᠳᠤᠭ ᠪᠡᠯᠴᠢᠬᠡᠷ᠎ᠢ ᠬᠠᠮᠠᠭ᠋ᠠᠯᠠᠨ ᠰᠡᠷᠬᠦᠭᠡᠵᠤ ᠠᠰᠢᠬᠯᠠᠬᠤ ᠬᠠᠷᠠᠯᠳᠡ ᠲᠤᠳᠤᠷᠬᠠᠢ ᠪᠤᠯᠤᠯ᠎ᠠ᠃
     — ᠪᠡᠯᠴᠢᠭᠡᠷᠯᠡᠬᠦᠯᠬᠦ ᠵᠢ ᠵᠤᠭᠰᠤᠭ᠋ᠠᠬᠤ ᠤᠷᠤᠨ ᠪᠤᠯᠤᠨ ᠮᠠᠯ ᠪᠡᠯᠴᠢᠬᠡᠷ᠎ᠤᠨ ᠲᠡᠩᠴᠡᠬᠦᠷᠢᠰᠢᠯ᠎ᠢ ᠪᠠᠳᠤᠯᠠᠬᠤ ᠤᠷᠤᠨ᠎ᠢ ᠰᠢᠨᠵᠢᠯᠡᠬᠦ ᠤᠬᠠᠭ᠋ᠠᠨᠴᠢ᠎ᠪᠠᠷ ᠢᠯᠭ᠋ᠠᠨ ᠲᠤᠭᠳᠠᠭ᠋ᠠᠵᠤ᠂ ᠪᠠᠶ᠋ᠢᠭ᠋ᠠᠯᠢ ᠵᠢᠨ ᠨᠤᠳᠤᠭ ᠪᠡᠯᠴᠢᠬᠡᠷ᠎ᠤᠨ ᠲᠠᠷᠤᠭ᠋ᠠᠰᠤ ᠵᠢ ᠬᠦᠩᠬᠡᠷᠡᠬᠦᠯᠦᠨ᠎ᠠ᠃ ᠪᠡᠯᠴᠢᠬᠡᠷᠯᠡᠬᠦᠯᠬᠦ ᠵᠢ ᠵᠤᠭᠰᠤᠭ᠋ᠠᠬᠤ ᠪᠤᠯᠤᠨ ᠮᠠᠯ ᠪᠡᠯᠴᠢᠬᠡᠷ᠎ᠤᠨ ᠲᠡᠩᠴᠡᠬᠦᠷᠢᠰᠢᠬᠦᠯᠬᠦ ᠠᠵᠢᠯ᠎ᠢ ᠤᠷᠤᠨ ᠨᠤᠳᠤᠭ᠎ᠤᠨ ᠵᠠᠰᠠᠭ᠎ᠤᠨ ᠤᠷᠳᠤᠨ ᠪᠤᠯᠤᠨ ᠬᠠᠮᠢᠶ᠎ᠠ ᠪᠦᠬᠦᠢ ᠰᠠᠯᠠᠭ᠎ᠠ ᠮᠦᠴᠢᠷ᠎ᠤᠨ ᠤᠨ᠎ᠤ ᠬᠢᠨᠠᠨ ᠰᠢᠯᠭ᠋ᠠᠯᠳᠡ᠎ᠳᠤ ᠤᠷᠤᠭᠤᠯᠵᠤ᠂ ᠬᠠᠷᠠᠯᠳᠠᠳᠤ ᠬᠠᠮᠢᠶᠠᠷᠤᠯᠳᠡ ᠵᠢ ᠬᠡᠷᠡᠭᠵᠢᠬᠦᠯᠤᠨ᠂ ᠠᠮᠢ ᠠᠬᠤᠢ ᠵᠢᠨ ᠬᠠᠮᠢᠶᠠᠷᠤᠭᠴᠢ ᠵᠢᠨ ᠲᠦᠷᠢᠮ᠎ᠢ ᠪᠠᠶ᠋ᠢᠭᠤᠯᠤᠨ ᠲᠡᠬᠦᠯᠳᠡᠷᠵᠢᠬᠦᠯᠵᠤ᠂ ᠬᠠᠮᠢᠶᠠᠷᠴᠤ ᠬᠠᠮᠠᠭ᠋ᠠᠯᠠᠬᠤ ᠬᠠᠷᠢᠭᠤᠴᠠᠯᠭ᠎ᠠ ᠵᠢ ᠦᠨᠡᠨ ᠬᠦ᠌ ᠨᠠᠶ᠋ᠢᠳᠠᠪᠤᠷᠢᠵᠢᠭᠤᠯᠤᠨ᠎ᠠ᠃
     — ᠨᠤᠳᠤᠭ ᠪᠡᠯᠴᠢᠬᠡᠷ᠎ᠤᠨ ᠠᠮᠢ ᠠᠬᠤᠢ ᠵᠢᠨ ᠬᠠᠮᠠᠭ᠋ᠠᠯᠠᠯᠳᠡ ᠵᠢᠨ ᠭᠤᠤᠯᠳᠠᠯᠭ᠎ᠠ᠎ᠲᠠᠢ ᠢᠨᠵᠧᠨᠧᠷᠢᠩ᠎ᠢ ᠦᠷᠬᠦᠯᠵᠢᠯᠡᠨ ᠬᠡᠷᠡᠭᠵᠢᠬᠦᠯᠦᠨ᠎ᠡ᠃ ᠨᠤᠳᠤᠭ ᠪᠡᠯᠴᠢᠬᠡᠷ᠎ᠢ ᠠᠶᠠᠨᠳᠠᠭ᠋ᠠᠨ ᠰᠡᠷᠬᠦᠭᠡᠬᠦ᠎ᠪᠠᠷ ᠭᠤᠤᠯ ᠪᠤᠯᠭ᠋ᠠᠵᠤ᠂ ᠬᠦᠮᠦᠨ᠎ᠤ ᠬᠦᠴᠤ᠎ᠪᠠᠷ ᠪᠤᠶ᠋ᠢᠵᠢᠭᠤᠯᠬᠤ᠎ᠪᠠᠷ ᠬᠠᠪᠰᠤᠷᠤᠮᠵᠢ ᠪᠤᠯᠭ᠋ᠠᠨ᠂ ᠲᠤᠬᠠᠢ ᠵᠢᠨ ᠭᠠᠵᠠᠷ ᠤᠷᠤᠨ᠎ᠤ ᠪᠤᠳᠠᠳᠤ ᠪᠠᠶ᠋ᠢᠳᠠᠯ᠎ᠳᠤᠨᠢ ᠲᠤᠬᠢᠷᠠᠭᠤᠯᠵᠤ᠂ ᠲᠦᠷᠦᠯ ᠬᠤᠪᠢᠶᠠᠨ ᠠᠷᠭ᠎ᠠ ᠪᠤᠳᠤᠯᠭ᠎ᠠ ᠬᠡᠷᠡᠭᠵᠢᠬᠦᠯᠬᠦ ᠵᠠᠷᠴᠢᠮ᠎ᠢ ᠦᠨᠳᠤᠰᠦᠯᠡᠨ᠂ ᠨᠤᠳᠤᠭ ᠪᠡᠯᠴᠢᠬᠡᠷ᠎ᠤᠨ ᠠᠮᠢ ᠠᠬᠤᠢ ᠵᠢ ᠬᠠᠮᠠᠭ᠋ᠠᠯᠠᠨ ᠰᠡᠷᠬᠦᠬᠡᠬᠦ ᠭᠤᠤᠯᠳᠠᠯᠭ᠎ᠠ᠎ᠲᠠᠢ ᠢᠨᠵᠧᠨᠧᠷᠢᠩ᠎ᠤᠨ ᠲᠦᠷᠦᠯ ᠵᠦᠢ᠍ᠯ᠎ᠢ ᠨᠠᠷᠢᠯᠢᠭ ᠵᠤᠬᠢᠶᠠᠨ ᠪᠠᠶ᠋ᠢᠭᠤᠯᠵᠤ ᠬᠡᠷᠡᠭᠵᠢᠬᠦᠯᠦᠨ᠎ᠠ᠃
     — ᠨᠤᠳᠤᠭ ᠪᠡᠯᠴᠢᠬᠡᠷ᠎ᠤᠨ ᠠᠮᠢ ᠠᠬᠤᠢ ᠵᠢᠨ ᠬᠠᠮᠠᠭ᠋ᠠᠯᠠᠯᠳᠡ ᠵᠢᠨ ᠪᠦᠳᠦᠭᠡᠨ ᠪᠠᠶ᠋ᠢᠭᠤᠯᠤᠯᠳᠡ ᠵᠢᠨ ᠲᠤᠷᠰᠢᠯᠳᠡ ᠵᠢᠨ ᠴᠡᠭ᠎ᠤᠨ ᠠᠵᠢᠯ᠎ᠢ ᠢᠳᠡᠪᠬᠢᠳᠡᠢ ᠦᠷᠨᠢᠬᠦᠯᠦᠨ᠎ᠡ᠃ ᠮᠠᠨ᠎ᠤ ᠤᠷᠤᠨ᠎ᠤ ᠪᠤᠳᠠᠳᠤ ᠪᠠᠶ᠋ᠢᠳᠠᠯ᠎ᠳᠤ ᠰᠠᠭᠤᠷᠢᠯᠠᠨ᠂ ᠨᠤᠳᠤᠭ ᠪᠡᠯᠴᠢᠬᠡᠷ᠎ᠤᠨ ᠠᠮᠢ ᠠᠬᠤᠢ ᠵᠢᠨ ᠬᠠᠮᠠᠭ᠋ᠠᠯᠠᠯᠳᠡ ᠵᠢᠨ ᠪᠦᠳᠦᠭᠡᠨ ᠪᠠᠶ᠋ᠢᠭᠤᠯᠤᠯᠳᠡ᠎ᠳᠤ ᠲᠤᠯᠭ᠋ᠠᠷᠠᠵᠤ ᠪᠠᠶ᠋ᠢᠭ᠎ᠠ ᠵᠦᠷᠢᠴᠡᠯ ᠪᠤᠯᠤᠨ ᠲᠤᠪᠤᠶ᠋ᠢᠮ᠎ᠠ ᠠᠰᠠᠭᠤᠳᠠᠯ᠎ᠳᠤ ᠴᠢᠭᠯᠡᠬᠦᠯᠦᠨ᠂ ᠨᠢᠭᠡᠳᠤᠯᠳᠡᠢ ᠲᠦᠯᠦᠪᠯᠡᠵᠤ᠂ ᠰᠢᠰᠲ᠋ᠧᠮ᠎ᠲᠠᠢ ᠲᠦᠰᠦᠪᠯᠡᠵᠤ᠂ ᠤᠯᠤᠰ᠎ᠤᠨ ᠨᠤᠳᠤᠭ ᠪᠡᠯᠴᠢᠬᠡᠷ᠎ᠤᠨ ᠪᠠᠶ᠋ᠢᠭ᠋ᠠᠯᠢ ᠵᠢᠨ ᠴᠡᠴᠡᠷᠯᠢᠭ᠎ᠤᠨ ᠪᠦᠳᠦᠭᠡᠨ ᠪᠠᠶ᠋ᠢᠭᠤᠯᠤᠯᠳᠡ᠂ ᠨᠤᠳᠤᠭ ᠪᠡᠯᠴᠢᠬᠡᠷ᠎ᠤᠨ ᠲᠠᠭ᠋ᠠᠳᠬᠠᠯ᠂ ᠮᠠᠯᠵᠢᠬᠤ ᠤᠷᠤᠨ᠎ᠤ ᠤᠳᠤᠬᠢᠴᠢᠯᠠᠯᠳᠡ ᠵᠡᠷᠭᠡ ᠲᠤᠷᠰᠢᠯᠳᠡ ᠵᠢᠨ ᠴᠡᠭ᠎ᠤᠨ ᠠᠵᠢᠯ᠎ᠢ ᠢᠳᠡᠪᠬᠢᠳᠡᠢ ᠦᠷᠨᠢᠬᠦᠯᠦᠨ᠎ᠠ᠃
     — ᠨᠤᠳᠤᠭ ᠪᠡᠯᠴᠢᠬᠡᠷ᠎ᠤᠨ ᠬᠢᠨᠡᠨ ᠬᠡᠮᠵᠢᠬᠦ ᠴᠢᠳᠠᠪᠤᠷᠢ ᠵᠢ ᠲᠡᠭᠡᠭᠰᠢᠯᠡᠬᠦᠯᠵᠤ᠂ ᠡᠳᠤᠷ᠎ᠤᠨ ᠲᠤᠷᠰᠢ ᠬᠢᠨᠡᠨ ᠬᠡᠮᠵᠢᠬᠦ ᠰᠢᠰᠲ᠋ᠧᠮ᠎ᠢ ᠪᠦᠷᠢᠯᠳᠤᠬᠦᠯᠦᠨ᠂ ᠨᠤᠳᠤᠭ ᠪᠡᠯᠴᠢᠬᠡᠷ᠎ᠤᠨ ᠡᠬᠢ ᠪᠠᠶᠠᠯᠢᠭ᠎ᠢ ᠪᠦᠬᠦ ᠲᠠᠯ᠎ᠠ᠎ᠪᠠᠷ ᠬᠢᠨᠡᠨ ᠬᠠᠮᠢᠶᠠᠷᠬᠤ ᠠᠷᠭ᠎ᠠ ᠬᠡᠯᠪᠡᠷᠢ ᠵᠢ ᠬᠠᠶ᠋ᠢᠨ ᠰᠦᠪᠡᠭᠴᠢᠯᠡᠨ᠎ᠠ᠃ ᠬᠢᠨᠡᠨ ᠬᠡᠮᠵᠢᠬᠦ ᠤᠷᠤᠨ ᠪᠦᠰᠡ ᠵᠢ ᠪᠦᠬᠦᠨ᠎ᠢ ᠬᠠᠮᠤᠷᠴᠤ ᠪᠠᠶ᠋ᠢᠭᠰᠠᠨ᠎ᠠᠴᠠ ᠠᠯᠬᠤᠮ ᠠᠯᠬᠤᠮ ᠵᠶ᠋ᠠᠷ ᠬᠡᠰᠡᠭ ᠤᠷᠤᠨ ᠪᠦᠰᠡ ᠬᠦᠷᠳᠡᠯ᠎ᠠ ᠲᠦᠪᠯᠡᠷᠡᠬᠦᠯᠵᠤ᠂ ᠨᠤᠳᠤᠭ ᠪᠡᠯᠴᠢᠬᠡᠷ᠎ᠤᠨ ᠠᠮᠢ ᠠᠬᠤᠢ ᠵᠢᠨ ᠪᠠᠶ᠋ᠢᠳᠠᠯ᠂ ᠤᠷᠭᠤᠮᠠᠯ᠎ᠤᠨ ᠪᠦᠷᠬᠦᠴᠡ᠂ ᠡᠪᠡᠰᠤᠨ᠎ᠤ ᠤᠨᠠᠯᠳᠡ ᠪᠤᠯᠤᠨ ᠨᠤᠳᠤᠭ ᠪᠡᠯᠴᠢᠬᠡᠷ᠎ᠤᠨ ᠲᠠᠯᠠᠪᠡᠢ ᠵᠢᠨ ᠬᠤᠪᠢᠷᠠᠯᠳᠡ ᠵᠡᠷᠭᠡ ᠤᠨ᠎ᠤ ᠬᠦᠳᠡᠯᠦᠩᠬᠦᠢ ᠬᠤᠪᠢᠷᠠᠯᠳᠡ ᠵᠢᠨ ᠪᠠᠶ᠋ᠢᠳᠠᠯ᠎ᠢ ᠴᠠᠭ ᠲᠤᠬᠠᠢ᠎ᠳᠤᠨᠢ ᠡᠵᠡᠮᠰᠢᠵᠤ᠂ ᠨᠤᠳᠤᠭ ᠪᠡᠯᠴᠢᠬᠡᠷ᠎ᠤᠨ ᠲᠤᠮᠤ ᠳ᠋ᠠᠶ᠋ᠢᠲ᠋ᠠ ᠵᠢᠨ ᠲᠠᠪᠴᠠᠩ᠎ᠢ ᠪᠠᠶ᠋ᠢᠭᠤᠯᠵᠤ ᠪᠦᠷᠢᠨᠰᠢᠬᠦᠯᠤᠨ᠂ ᠡᠯ᠎ᠠ ᠱᠠᠳᠤᠨ᠎ᠤ ᠵᠠᠰᠠᠭ᠎ᠤᠨ ᠤᠷᠳᠤᠨ᠎ᠳᠤ ᠰᠢᠨᠵᠢᠯᠡᠬᠦ ᠤᠬᠠᠭ᠋ᠠᠨᠴᠢ ᠲᠤᠭ᠎ᠠ ᠪᠠᠷᠢᠮᠳᠡ ᠵᠢ ᠬᠠᠩᠭ᠋ᠠᠨ᠎ᠠ᠃
     《ᠨᠤᠳᠤᠭ ᠪᠡᠯᠴᠢᠬᠡᠷ᠎ᠤᠨ ᠠᠮᠢ ᠠᠬᠤᠢ ᠵᠢ ᠬᠠᠮᠠᠭ᠋ᠠᠯᠠᠨ ᠰᠡᠷᠬᠦᠬᠡᠬᠦ ᠲᠦᠷᠦᠯ ᠵᠦᠢ᠍ᠯ᠎ᠢ ᠰᠠᠶ᠋ᠢᠳᠤᠷ ᠬᠢᠵᠤ᠂ ᠬᠠᠮᠠᠭ᠋ᠠᠯᠠᠬᠤ᠎ᠪᠠᠷ ᠭᠤᠤᠯᠳᠠᠭᠤᠯᠵᠤ᠂ ᠵᠤᠬᠢᠰᠳᠠᠢ ᠨᠡᠭᠡᠭᠡᠨ ᠠᠰᠢᠬᠯᠠᠵᠤ᠂ ᠪᠠᠭ᠎ᠠ᠎ᠪᠠᠷ ᠨᠡᠭᠡᠭᠡᠨ ᠠᠰᠢᠬᠯᠠᠵᠤ ᠶᠡᠭᠡ᠎ᠪᠠᠷ ᠬᠠᠮᠠᠭ᠋ᠠᠯᠠᠬᠤ᠂ ᠬᠡᠰᠡᠭ ᠲᠠᠯ᠎ᠠ᠎ᠪᠠᠷ ᠨᠡᠭᠡᠭᠡᠨ ᠠᠰᠢᠬᠯᠠᠵᠤ ᠪᠦᠬᠦ ᠲᠠᠯ᠎ᠠ᠎ᠪᠠᠷ ᠬᠠᠮᠠᠭ᠋ᠠᠯᠠᠬᠤ ᠵᠢ ᠪᠠᠷᠢᠮᠳᠠᠯᠠᠵᠤ᠂ ᠮᠠᠯᠴᠢᠨ ᠲᠦᠮᠡᠨ ᠬᠢᠬᠡᠳ ᠨᠤᠳᠤᠭ ᠪᠡᠯᠴᠢᠬᠡᠷ᠎ᠤᠨ ᠡᠶ᠎ᠡ ᠵᠤᠬᠢᠴᠠᠯ᠎ᠲᠠᠢ᠎ᠪᠠᠷ ᠬᠠᠮᠳᠤᠪᠡᠷ ᠤᠷᠤᠰᠢᠬᠤ ᠬᠦᠭᠵᠢᠯᠳᠡ ᠵᠢᠨ ᠰᠢᠨ᠎ᠠ ᠪᠠᠶ᠋ᠢᠷᠢᠰᠢᠯ᠎ᠢ ᠪᠠᠶ᠋ᠢᠭᠤᠯᠤᠨ᠂ ᠨᠤᠳᠤᠭ ᠪᠡᠯᠴᠢᠬᠡᠷ᠎ᠤᠨ ᠠᠮᠢ ᠠᠬᠤᠢ ᠵᠢ ᠰᠡᠷᠬᠦᠬᠡᠵᠤ ᠠᠵᠤ ᠤᠢ᠍ᠢ᠍ᠯᠡᠰᠵᠢᠬᠦᠯᠦᠨ ᠬᠦᠭᠵᠢᠬᠦᠯᠬᠦ ᠵᠢ ᠬᠠᠶ᠋ᠢᠨ ᠰᠦᠪᠡᠭᠴᠢᠯᠡᠵᠤ᠂ ᠮᠠᠯᠴᠢᠨ ᠲᠠᠷᠢᠶᠠᠴᠢᠨ᠎ᠢ ᠬᠤᠪᠢ ᠬᠦᠮᠦᠨ᠂ ᠲᠤᠰᠬᠠᠢ ᠬᠤᠷᠰᠢᠶ᠎ᠠ ᠵᠡᠷᠭᠡ ᠬᠡᠯᠪᠡᠷᠢ᠎ᠪᠠᠷ ᠨᠤᠳᠤᠭ ᠪᠡᠯᠴᠢᠬᠡᠷ᠎ᠤᠨ ᠠᠮᠢ ᠠᠬᠤᠢ ᠵᠢᠨ ᠰᠡᠷᠬᠦᠭᠡᠯᠳᠡ ᠵᠢᠨ ᠢᠨᠵᠧᠨᠧᠷᠢᠩ᠎ᠤᠨ ᠪᠦᠳᠦᠭᠡᠨ ᠪᠠᠶ᠋ᠢᠭᠤᠯᠤᠯᠳᠡ᠎ᠳᠤ ᠤᠷᠤᠯᠴᠠᠭᠤᠯᠬᠤ ᠵᠢ ᠵᠤᠷᠢᠭᠵᠢᠭᠤᠯᠵᠤ᠂ ᠮᠠᠯᠴᠢᠨ ᠲᠠᠷᠢᠶᠠᠴᠢᠨ᠎ᠳᠤ ᠠᠮᠢ ᠠᠬᠤᠢ ᠵᠢ ᠬᠠᠮᠠᠭ᠋ᠠᠯᠠᠨ ᠰᠡᠷᠬᠦᠬᠡᠬᠦ ᠲᠤᠮᠳᠠ᠎ᠠᠴᠠ ᠨᠡᠩ ᠤᠯᠠᠨ ᠠᠰᠢᠬ ᠬᠦᠷᠳᠡᠭᠡᠨ᠎ᠠ》 ᠬᠡᠵᠤ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠬᠡᠷ᠎ᠤᠨ ᠲᠤᠪᠴᠢᠶ᠎ᠠ ᠵᠢᠨ ᠨᠤᠳᠤᠭ ᠪᠡᠯᠴᠢᠬᠡᠷ᠎ᠤᠨ ᠬᠢᠨᠠᠯᠳᠡ ᠲᠠᠯᠪᠢᠬᠤ ᠭᠠᠵᠠᠷ᠎ᠤᠨ ᠲᠠᠷᠤᠭ᠎ᠠ ᠸᠠᠩ ᠵᠢᠶᠠᠨ ᠶᠠᠷᠢᠨ᠎ᠠ᠃
      ᠪᠤᠬᠢᠷᠳᠤᠯ ᠦᠬᠡᠢ ᠬᠦᠭᠵᠢᠯᠳᠡ ᠵᠢᠨ ᠠᠶᠠᠨ᠎ᠳᠤ ᠦᠪᠤᠷ ᠮᠤᠩᠭᠤᠯ ᠠᠮᠢ ᠠᠬᠤᠢ ᠵᠢ ᠤᠷᠢᠳ ᠵᠶ᠋ᠠᠷ ᠪᠤᠳᠤᠯᠬᠢᠯᠠᠵᠤ ᠪᠤᠬᠢᠷᠳᠤᠯ ᠦᠬᠡᠢ ᠬᠦᠭᠵᠢᠬᠦᠯᠬᠦ᠎ᠪᠠᠷ ᠤᠳᠤᠷᠢᠳᠤᠮᠵᠢ ᠪᠤᠯᠭ᠋ᠠᠭᠰᠠᠨ ᠴᠢᠨᠠᠷ ᠰᠠᠶ᠋ᠢᠳᠡᠢ ᠬᠦᠭᠵᠢᠯᠳᠡ ᠵᠢᠨ ᠵᠠᠮ ᠵᠶ᠋ᠠᠷ ᠵᠠᠮᠨᠠᠵᠤ᠂ ᠨᠤᠳᠤᠭ ᠪᠡᠯᠴᠢᠬᠡᠷ᠎ᠤᠨ ᠠᠮᠢ ᠠᠬᠤᠢ ᠵᠢᠨ ᠠᠮᠤᠷ ᠲᠦᠪᠰᠢᠨ᠎ᠢ ᠪᠠᠳᠤᠯᠠᠨ᠂ ᠨᠤᠳᠤᠭ ᠪᠡᠯᠴᠢᠬᠡᠷ᠎ᠢ ᠬᠠᠮᠠᠭ᠋ᠠᠯᠠᠬᠤ᠂ ᠨᠤᠳᠤᠭ ᠪᠡᠯᠴᠢᠬᠡᠷ᠎ᠢ ᠰᠡᠷᠬᠦᠬᠡᠬᠦ᠂ ᠨᠤᠳᠤᠭ ᠪᠡᠯᠴᠢᠬᠡᠷ᠎ᠢ ᠠᠰᠢᠬᠯᠠᠬᠤ ᠠᠵᠢᠯ᠎ᠢ ᠰᠠᠶ᠋ᠢᠳᠤᠷ ᠪᠡᠶᠡᠯᠡᠬᠦᠯᠬᠦ᠎ᠪᠠᠷ ᠬᠦᠴᠦᠯᠡᠨ ᠲᠡᠮᠡᠴᠡᠵᠤ᠂ ᠡᠬᠡ ᠤᠯᠤᠰ᠎ᠤᠨ ᠤᠮᠠᠷᠠᠳᠤ ᠬᠢᠯᠢ᠎ᠳᠤ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠳᠤ ᠴᠤᠭᠴᠠᠯᠠᠨ᠎ᠠ᠃
     (ᠭᠡᠷᠡᠯ ᠵᠢᠷᠤᠭ᠎ᠢ ᠳ᠋᠊ · ᠪᠣᠯᠣᠳ ᠰᠡᠭᠦᠳᠡᠷᠯᠡᠪᠡ)

ᠢᠷᠡᠯᠲᠡ᠄ ᠦᠪᠦᠷ ᠮᠤᠩᠭᠤᠯ᠎ᠤᠨ ᠡᠳᠦᠷ ᠦ᠋᠊ᠨ ᠰᠤᠨᠢᠨ
          
ᠬᠠᠮᠢᠶ᠎ᠡ ᠪᠦᠬᠦᠢ ᠰᠣᠨᠢᠨ
ᠠᠮᠢ ᠠᠬᠤᠶ ᠵᠢ ᠰᠠᠶ᠋ᠢᠲᠤᠷ ᠬᠠᠮᠠᠭ᠋ᠠᠯᠠᠵᠤ ᠠᠮᠢ ᠠᠬᠤᠶ ᠵᠢᠨ ᠳᠠᠪᠠᠭᠤᠯᠢᠭ᠎ᠢ ᠪᠠᠳᠠᠷᠠᠭᠤᠯᠰᠤᠭ᠋ᠠᠢ
《ᠰᠢ ᠵᠢᠨ ᠫᠢᠩ᠎ᠤᠨ ᠠᠶᠤᠯ ᠲᠦᠭᠰᠢᠬᠦᠷᠢ ᠦᠷᠢᠰᠤᠯᠳᠤᠬᠡᠨ᠎ᠢ ᠰᠡᠷᠬᠡᠶ᠋ᠢᠯᠠᠵᠤ ᠬᠡᠨᠡᠳᠳᠡ ᠡᠭᠦᠰᠦᠭᠰᠡᠨ ᠭᠡᠷᠡᠭ᠎ᠢ ᠠᠷᠭ᠋ᠠᠴᠠᠭ᠋ᠠᠬᠤ ᠲᠤᠬᠠᠢ ᠦᠬᠦᠯᠠᠯᠳᠠ ᠵᠢᠨ ᠲᠡᠬᠦᠪᠤᠷᠢ》 ᠵᠢ ᠬᠡᠪᠯᠡᠨ ᠲᠠᠷᠬᠠᠭ᠋ᠠᠵᠠᠢ
ᠤᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠦᠨᠡᠯᠡᠯᠲᠡ ᠬᠢᠭᠡᠳ ᠪᠤᠬᠢᠷᠲᠤᠯ᠎ᠢ ᠭᠠᠲᠠᠭᠰᠢᠯᠠᠭᠤᠯᠬᠤ ᠵᠦᠪᠰᠢᠶᠡᠷᠡᠯ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ᠎ᠪᠠᠷ ᠪᠠᠢ᠌ᠨ᠎ᠠ
ᠠᠮᠢᠲᠠᠨ ᠤᠷᠭᠤᠮᠠᠯ ᠶᠡᠬᠡ᠎ᠪᠠᠷ ᠤᠰᠠᠳᠴᠤ ᠪᠠᠢ᠌ᠨ᠎ᠠ᠂ ᠨᠢᠳᠦ ᠬᠠᠯᠠᠰᠢᠷᠠᠮᠠᠷ ᠡ!
ᠭᠤᠷᠪᠠᠳᠡᠬᠢ 《ᠳᠤᠮᠳᠠᠳᠤ ᠤᠯᠤᠰ᠎ᠤᠨ ᠲᠠᠷᠢᠶᠠᠴᠢᠳ᠎ᠤᠨ ᠡᠯᠪᠡᠭ ᠬᠤᠷᠢᠶᠠᠯᠳᠠ ᠵᠢᠨ ᠪᠠᠶᠠᠷ》 ᠬᠦᠷᠴᠤ ᠢᠷᠡᠬᠦ ᠲᠠᠰᠢᠷᠠᠮ᠎ᠳᠤ ᠰᠢ ᠵᠢᠨ ᠫᠢᠩ ᠪᠦᠬᠦ ᠤᠯᠤᠰ᠎ᠤᠨ ᠦᠷᠭᠡᠨ ᠤᠯᠠᠨ ᠲᠠᠷᠢᠶᠠᠴᠢᠨ ᠪᠤᠯᠤᠨ 《ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ》᠎ᠤ ᠠᠵᠢᠯ᠎ᠤᠨ ᠹᠷᠤᠨᠲ᠎ᠲᠤ ᠠᠵᠢᠯᠯᠠᠵᠤ ᠪᠠᠶ᠋ᠢᠭ᠎ᠠ ᠨᠦᠭᠦᠳ᠎ᠲᠤ ᠪᠠᠶᠠᠷ᠎ᠤᠨ ᠡᠳᠦᠷ᠎ᠤᠨ ᠮᠡᠨᠳᠦᠴᠢᠯᠡᠯ ᠳᠡᠪᠰᠢᠭᠦᠯᠤᠨ ᠴᠢᠩ ᠰᠡᠳᠭᠢᠯ᠎ᠠᠴᠠ᠎ᠪᠠᠨ ᠲᠤᠬᠤᠨᠢᠭᠤᠯᠵᠠᠢ
 
             蒙ICP备05000248号